【 ᠦᠰᠦᠭ ᠪᠢᠴᠢᠭ ᠢᠶᠠᠷ ᠦᠬᠦᠯᠡᠬᠦᠢ】︽ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ 2023 ᠣᠨ ᠤ ᠦᠶᠡᠷ ᠤᠨ ᠬᠤᠭᠤᠴᠠᠭᠠᠨ ᠤ ᠭᠠᠵᠠᠷ ᠤᠨ ᠭᠠᠶ ᠭᠠᠮᠰᠢᠭ ᠢ ᠰᠡᠷᠭᠡᠶᠢᠯᠡᠨ ᠵᠠᠰᠠᠬᠤ ᠠᠵᠢᠯ ᠤᠨ ᠬᠡᠷᠡᠭᠵᠢᠭᠦᠯᠬᠦ ᠲᠥᠰᠦᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠣᠮᠵᠢ
ᠨᠡᠶᠢᠲᠡᠯᠡᠭᠰᠡᠨ ᠴᠠᠭ᠄
2023/5/9
    2023 ᠣᠨ ᠤ ᠭᠠᠵᠠᠷ ᠰᠢᠨᠵᠢᠯᠡᠭᠡᠨ ᠤ ᠭᠠᠶ ᠭᠠᠮᠰᠢᠭ ᠢ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠬᠢᠵᠦ᠂ ᠭᠠᠵᠠᠷ ᠰᠢᠨᠵᠢᠯᠡᠭᠡᠨ ᠤ ᠭᠠᠶ ᠭᠠᠮᠰᠢᠭ ᠠᠴᠠ ᠪᠣᠯᠤᠭᠰᠠᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠪᠤᠶᠤ ᠵᠠᠶᠢᠯᠠᠭᠤᠯᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠬᠤ ᠶᠢᠨ ᠲᠥᠯᠥᠭᠡ᠂ ︽ᠭᠠᠵᠠᠷ ᠰᠢᠨᠵᠢᠯᠡᠭᠡᠨ ᠤ ᠭᠠᠶ ᠭᠠᠮᠰᠢᠭ ᠢ ᠰᠡᠷᠭᠡᠶᠢᠯᠡᠨ ᠵᠠᠰᠠᠬᠤ ᠲᠦᠷᠢᠮ︾ ︵ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 394 ᠳ᠋ᠣᠭᠡᠷ ᠲᠣᠭᠠᠲᠤ︶ ᠤᠨ ᠲᠣᠭᠲᠠᠭᠠᠯ ᠢ ᠦᠨᠳᠦᠰᠦᠯᠡᠨ᠂ ᠮᠠᠨ ᠤ ᠬᠤᠰᠢᠭᠤᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠲᠥᠰᠦᠯ ᠢ ᠣᠨᠴᠠᠭᠠᠶᠢᠯᠠᠨ ᠲᠣᠭᠲᠠᠭᠠᠪᠠ᠃      ᠨᠢᠭᠡ᠂ ᠵᠢᠯᠣᠭᠤᠳᠬᠤ ᠦᠵᠡᠯ ᠰᠠᠨᠠᠭ᠎ᠠ ᠪᠠ ᠦᠨᠳᠦᠰᠦᠨ ᠵᠠᠷᠴᠢᠮ      ︵ᠨᠢᠭᠡ︶ ᠵᠢᠯᠣᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠤᠬᠠᠭᠤᠯᠤᠨ ᠲᠣᠭᠤᠰᠢᠯᠠᠭᠤᠯᠵᠦ᠂ ᠪᠣᠳᠠᠲᠤ ᠪᠠᠶᠢᠳᠠᠯ ᠠᠴᠠ ᠡᠭᠦᠰᠬᠦ ᠶᠢ ᠪᠠᠷᠢᠮᠲᠠᠯᠠᠨ᠂ ᠪᠠᠶᠢᠭᠠᠯᠢ ᠪᠠ ᠨᠡᠶᠢᠭᠡᠮ ᠤᠨ ᠬᠥᠭᠵᠢᠯᠲᠡ ᠶᠢᠨ ᠪᠤᠰᠤᠳᠴᠢ ᠵᠢᠮ᠎ᠡ ᠶᠣᠰᠣ ᠶᠢ ᠬᠦᠨᠳᠦᠳᠬᠡᠵᠦ᠂ ᠨᠡᠶᠢᠭᠡᠮ ᠤᠨ ᠡᠯ᠎ᠡ ᠲᠠᠯ᠎ᠠ ᠶᠢᠨ ᠬᠦᠴᠦᠨ ᠢ ᠲᠠᠶᠢᠴᠢᠯᠠᠨ᠂ ᠭᠡᠨᠡᠳᠲᠡ ᠶᠢᠨ ᠴᠢᠨᠠᠷᠲᠠᠶ ᠭᠠᠵᠠᠷ ᠤᠨ ᠭᠠᠶ ᠭᠠᠮᠰᠢᠭ ᠢ ᠰᠡᠷᠭᠡᠶᠢᠯᠡᠨ ᠵᠠᠰᠠᠬᠤ ᠪᠠᠷ ᠭᠤᠣᠯᠳᠠᠯᠭ᠎ᠠ ᠪᠣᠯᠭᠠᠨ᠂ ᠤᠯᠠᠨ ᠢᠶᠠᠷ ᠢᠶᠠᠨ ᠬᠡᠮᠵᠢᠵᠦ ᠤᠯᠠᠨ ᠢᠶᠠᠷ ᠢᠶᠠᠨ ᠵᠠᠰᠠᠬᠤ ᠪᠠᠷ ᠭᠤᠣᠯ ᠠᠷᠭ᠎ᠠ ᠪᠠᠷᠢᠯ ᠪᠣᠯᠭᠠᠵᠤ᠂ ᠠᠷᠠᠳ ᠲᠦᠮᠡᠨ ᠤ ᠠᠮᠢ ᠨᠠᠰᠤ ᠡᠳ᠋ ᠬᠥᠷᠤᠩᠭᠡ ᠶᠢᠨ ᠠᠮᠤᠷ ᠲᠦᠪᠰᠢᠨ ᠢ ᠬᠠᠮᠠᠭᠠᠯᠠᠬᠤ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠪᠠᠲᠤᠯᠠᠬᠤ ᠪᠠᠷ ᠬᠠᠷᠠᠯᠲᠠ ᠪᠣᠯᠭᠠᠵᠤ᠂ ᠭᠠᠵᠠᠷ ᠤᠨ ᠭᠠᠶ ᠭᠠᠮᠰᠢᠭ ᠤᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠠᠵᠤ ᠠᠬᠤᠶ ᠨᠡᠶᠢᠭᠡᠮ ᠤᠨ ᠰᠠᠶᠢᠨ ᠪᠥᠭᠡᠳ ᠲᠦᠷᠭᠡᠨ ᠬᠥᠭᠵᠢᠯᠲᠡ ᠶᠢ ᠠᠬᠢᠭᠤᠯᠤᠨ᠎ᠠ᠃      ︵ᠬᠤᠶᠠᠷ︶ ᠦᠨᠳᠦᠰᠦᠨ ᠵᠠᠷᠴᠢᠮ᠃ ᠬᠥᠮᠦᠨ ᠢᠶᠠᠷ ᠦᠨᠳᠦᠰᠦ ᠪᠣᠯᠭᠠᠬᠤ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ᠂ ᠨᠡᠭᠦᠯᠭᠡᠵᠦ ᠵᠠᠶᠢᠯᠠᠭᠤᠯᠬᠤ ᠪᠠ ᠪᠠᠷᠢᠯᠭ᠎ᠠ ᠶᠢᠨ ᠵᠠᠰᠠᠯᠲᠠ ᠶᠢ ᠤᠶᠠᠯᠳᠤᠭᠤᠯᠬᠤ ᠵᠠᠷᠴᠢᠮ ᠢ ᠪᠠᠷᠢᠮᠲᠠᠯᠠᠨ᠎ᠠ︔ ᠪᠣᠳᠠᠲᠤ ᠪᠠᠶᠢᠳᠠᠯ ᠠᠴᠠ ᠡᠭᠦᠰᠬᠦ᠂ ᠪᠤᠰᠤᠳᠴᠢ ᠵᠢᠮ᠎ᠡ ᠶᠣᠰᠣ ᠶᠢ ᠵᠢᠷᠤᠮᠯᠠᠬᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠬᠤ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠬᠤ ᠵᠠᠷᠴᠢᠮ ᠢ ᠪᠠᠷᠢᠮᠲᠠᠯᠠᠬᠤ ᠬᠡᠷᠡᠭᠲᠡᠶ︔ ᠨᠢᠭᠡᠳᠦᠯᠲᠡᠶ ᠲᠥᠯᠥᠪᠵᠢᠭᠦᠯᠬᠦ᠂ ᠭᠤᠣᠯᠳᠠᠯᠭ᠎ᠠ ᠶᠢ ᠲᠤᠪᠤᠶᠢᠯᠭᠠᠬᠤ᠂ ᠨᠡᠭᠦᠯᠭᠡᠨ ᠵᠠᠰᠠᠬᠤ᠂ ᠲᠦᠷᠦᠯ ᠬᠤᠪᠢᠶᠠᠨ ᠬᠡᠷᠡᠭᠵᠢᠭᠦᠯᠬᠦ ᠵᠠᠷᠴᠢᠮ ᠢ ᠪᠠᠷᠢᠮᠲᠠᠯᠠᠨ᠎ᠠ︔ ︽ᠬᠡᠨ ᠥᠳᠥᠭᠡᠪᠡᠯ ᠲᠡᠷᠡ ᠵᠠᠰᠠᠬᠤ︾ ᠶᠢ ᠪᠠᠷᠢᠮᠲᠠᠯᠠᠵᠤ᠂ ᠵᠣᠷᠢᠭᠤᠳᠠ ᠠᠵᠢᠯᠯᠠᠭ᠎ᠠ ᠠᠴᠠ ᠪᠣᠯᠤᠭᠰᠠᠨ ᠭᠠᠵᠠᠷ ᠤᠨ ᠭᠠᠶ ᠭᠠᠮᠰᠢᠭ ᠢ ᠬᠠᠮᠢᠶ᠎ᠠ ᠪᠥᠬᠦᠶ ᠨᠢᠭᠡᠴᠡ ᠪᠤᠶᠤ ᠬᠤᠪᠢ ᠬᠥᠮᠦᠨ ᠬᠠᠷᠢᠭᠤᠴᠠᠨ ᠵᠠᠰᠠᠬᠤ ᠵᠠᠷᠴᠢᠮ ᠢ ᠪᠠᠷᠢᠮᠲᠠᠯᠠᠨ᠎ᠠ︔ ᠭᠠᠵᠠᠷ ᠤᠨ ᠭᠠᠶ ᠭᠠᠮᠰᠢᠭ ᠢ ᠰᠡᠷᠭᠡᠶᠢᠯᠡᠨ ᠵᠠᠰᠠᠬᠤ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠵᠣᠬᠢᠴᠠᠩᠭᠤᠶ᠂ ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠬᠦ ᠵᠠᠷᠴᠢᠮ ᠢ ᠪᠠᠷᠢᠮᠲᠠᠯᠠᠨ᠎ᠠ᠃       ᠬᠤᠶᠡᠷ᠂2023 ᠣᠨ ᠤ ᠭᠠᠵᠡᠷ ᠤᠨ ᠭᠠᠢ ᠭᠠᠮᠰᠢᠭ ᠤᠨ ᠲᠣᠶᠢᠮᠦ ᠪᠠᠶᠢᠳᠡᠯ       ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠤᠨᠢ ᠠᠭᠤᠯᠠ ᠶᠢᠨ ᠠᠭᠤᠯᠠᠷᠬᠠᠭ ᠭᠠᠵᠠᠷ ᠤᠨ ᠳᠤᠮᠳᠠ ᠪᠠᠷᠠᠭᠤᠨ ᠬᠡᠰᠡᠭ ᠤᠨ ᠥᠨᠳᠥᠷ ᠪᠥᠭᠡᠳ ᠠᠮᠠᠷᠬᠠᠨ ᠡᠭᠦᠰᠳᠡᠭ ᠣᠷᠣᠨ ᠤ 1:5 ᠲᠦᠮᠡᠨ ᠭᠠᠵᠠᠷ ᠤᠨ ᠭᠠᠶ ᠭᠠᠮᠰᠢᠭ ᠤᠨ ᠪᠠᠶᠢᠴᠠᠭᠠᠯᠲᠠ ︵ᠬᠢᠨᠠᠨ ᠪᠠᠶᠢᠴᠠᠭᠠᠯᠲᠠ︶ ᠪᠠᠷ ᠳᠡᠮᠵᠢᠨ᠂ ᠮᠠᠨ ᠤ ᠬᠤᠰᠢᠭᠤᠨ ᠤ ᠬᠢᠯᠢ ᠳᠣᠲᠣᠷ᠎ᠠ ᠨᠡᠶᠢᠲᠡ 41 ᠭᠠᠶ ᠭᠠᠮᠰᠢᠭ ᠤᠨ ᠴᠡᠭ ᠲᠠᠢ ᠪᠠᠶᠢᠵᠤ᠂ ᠬᠥᠨᠥᠭᠡᠯ ᠤᠨ ᠬᠡᠮᠵᠢᠶ᠎ᠡ ᠪᠠᠷ ᠨᠡᠯᠢᠶᠡᠳ ᠶᠡᠭᠡ ᠣᠯᠠᠭᠠᠨᠬᠠᠶᠠᠭ᠎ᠠ ᠰᠤᠮᠤ ᠶᠢᠨ ᠳ᠋ᠠ ᠨᠠᠨ ᠭᠸᠦ ᠲᠣᠰᠬᠤᠨ ᠤ ᠬᠤᠶᠢᠳᠣ ᠭᠤᠤ ︵CYZ14︶ ᠶᠢ ᠴᠢᠬᠤᠯᠠ ᠭᠠᠵᠠᠷ ᠤᠨ ᠭᠠᠶ ᠭᠠᠮᠰᠢᠭ ᠤᠨ ᠴᠡᠭ ᠢᠶᠠᠷ ᠲᠣᠭᠲᠠᠭᠠᠪᠠ᠃      ᠭᠠᠮᠰᠢᠭ ᠤᠨ ᠲᠥᠷᠥᠯ ᠵᠦᠢᠯ ᠨᠢ ᠭᠤᠣᠯᠳᠠᠭᠤ 17 ᠭᠠᠵᠠᠷ ᠨᠤᠷᠠᠵᠤ᠂ 19 ᠰᠢᠪᠠᠷ ᠴᠢᠯᠠᠭᠤᠨ ᠤᠷᠤᠰᠬᠠᠯ᠂ 5 ᠭᠠᠵᠠᠷ ᠴᠥᠮᠥᠷᠡᠵᠦ᠂ 4 ᠳᠤᠮᠳᠠ ᠬᠡᠯᠪᠡᠷᠢ ᠶᠢᠨ ᠳᠠᠯᠳᠠ ᠭᠡᠮ ᠲᠠᠢ ᠪᠠᠶᠢᠵᠤ᠂ ᠪᠤᠰᠤᠳ ᠨᠢ ᠴᠥᠮ ᠵᠢᠵᠢᠭ ᠬᠡᠯᠪᠡᠷᠢ ᠶᠢᠨ ᠳᠠᠯᠳᠠ ᠭᠡᠮ ᠲᠠᠢ ᠭᠠᠵᠠᠷ ᠪᠣᠯᠤᠨ᠎ᠠ᠃      ᠭᠤᠷᠪᠡ᠂ ᠭᠠᠵᠠᠷ ᠤᠨ ᠭᠠᠮᠰᠢᠭ ᠢ ᠰᠡᠷᠭᠡᠶᠢᠯᠡᠨ ᠵᠠᠰᠠᠬᠤ ᠭᠤᠣᠯ ᠡᠭᠦᠷᠭᠡ      ︵ᠨᠢᠭᠡ︶ ᠭᠠᠵᠠᠷ ᠤᠨ ᠭᠠᠶ ᠭᠠᠮᠰᠢᠭ ᠢ ᠰᠡᠷᠭᠡᠶᠢᠯᠡᠨ ᠵᠠᠰᠠᠬᠤ ᠲᠥᠰᠦᠯ ᠢ ᠨᠠᠶᠢᠷᠠᠭᠤᠯᠤᠨ ᠵᠣᠬᠢᠶᠠᠨ᠎ᠠ᠃ ᠡᠯ᠎ᠡ ᠰᠤᠮᠤ ᠰᠢᠶᠠᠩ ᠪᠠᠯᠭᠠᠰᠤ ︵ᠬᠦᠷᠢᠶᠡᠯᠡᠩ ᠲᠣᠭᠤᠷᠢᠭ︶ ᠶᠢᠨ ᠵᠠᠰᠠᠭ ᠤᠨ ᠣᠷᠳᠣᠨ᠂ ᠭᠠᠵᠠᠷ ᠤᠨ ᠭᠠᠮᠰᠢᠭ ᠤᠨ ᠪᠤᠶᠢᠵᠢᠯᠲᠠ ᠶᠢᠨ ᠲᠠᠷᠬᠠᠯᠲᠠ ᠶᠢᠨ ᠣᠳᠣᠬᠢ ᠪᠠᠶᠢᠳᠠᠯ ᠵᠢᠴᠢ ᠪᠣᠷᠣᠭᠠᠨ ᠣᠷᠣᠬᠤ᠂ ᠦᠶᠡᠷ ᠪᠠᠭᠤᠬᠤ᠂ ᠭᠠᠵᠠᠷ ᠬᠥᠳᠡᠯᠬᠦ ᠵᠡᠷᠭᠡ ᠬᠠᠨᠳᠤᠰᠢ ᠶᠢᠨ ᠤᠷᠢᠳᠴᠢᠯᠠᠭᠰᠠᠨ ᠮᠡᠳᠡᠭᠡ ᠶᠢ ᠦᠨᠳᠦᠰᠦᠯᠡᠪᠡᠯ᠂ ᠴᠢᠬᠤᠯᠠ ᠭᠠᠵᠠᠷ ᠤᠨ ᠭᠠᠮᠰᠢᠭ ᠤᠨ ᠲᠠᠯᠳᠠ ᠭᠡᠮ ᠤᠨ ᠴᠡᠭ ︵ᠬᠡᠰᠡᠭ︶ ᠤᠨ ᠲᠠᠷᠬᠠᠯᠲᠠ᠂ ᠬᠥᠨᠥᠭᠡᠯ ᠢ ᠲᠥᠰᠦᠭᠡᠯᠡᠬᠦ᠂ ᠭᠤᠣᠯᠳᠠᠯᠭ᠎ᠠ ᠲᠠᠢ ᠰᠡᠷᠭᠡᠶᠢᠯᠡᠬᠦ ᠬᠤᠭᠤᠴᠠᠭ᠎ᠠ᠂ ᠬᠥᠮᠦᠰ ᠟ ᠤᠨ ᠠᠶᠤᠯ ᠠᠴᠠ ᠵᠠᠶᠢᠯᠠᠨ ᠰᠢᠯᠵᠢᠬᠦ ᠵᠠᠮ ᠱᠤᠭᠤᠮ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠠᠷᠭ᠎ᠠ ᠬᠡᠮᠵᠢᠶ᠎ᠡ᠂ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠵᠢᠴᠢ ᠬᠢᠨᠠᠨ ᠬᠡᠮᠵᠢᠵᠦ ᠰᠡᠷᠭᠡᠶᠢᠯᠡᠬᠦ ᠬᠠᠷᠢᠭᠤᠴᠠᠯᠭᠠᠲᠠᠨ ᠢᠶᠠᠷ ᠭᠤᠣᠯ ᠠᠭᠤᠯᠭ᠎ᠠ ᠪᠣᠯᠭᠠᠭᠰᠠᠨ ᠣᠨ ᠤ ᠭᠠᠵᠠᠷ ᠤᠨ ᠭᠠᠮᠰᠢᠭ ᠢ ᠰᠡᠷᠭᠡᠶᠢᠯᠡᠨ ᠵᠠᠰᠠᠬᠤ ᠲᠥᠰᠦᠯ ᠢ ᠴᠠᠭ ᠲᠤᠬᠠᠶ ᠲᠤᠨᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠨᠡᠶᠢᠲᠡᠯᠡᠬᠦ ᠶᠢᠨ ᠬᠠᠮᠲᠤ ᠬᠢᠨᠠᠮᠠᠭᠠᠶ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠶ᠃ ᠬᠦᠨᠳᠦ ᠶᠡᠭᠡ ᠭᠠᠵᠠᠷ ᠤᠨ ᠭᠠᠶ ᠭᠠᠮᠰᠢᠭ ᠤᠨ ᠰᠦᠷᠳᠡᠭᠦᠯᠦᠯ ᠳᠤ ᠤᠴᠠᠷᠠᠭᠠᠳ ᠨᠡᠭᠦᠯᠭᠡᠵᠦ ᠵᠠᠶᠢᠯᠠᠭᠤᠯᠬᠤ ᠪᠠᠴᠢᠮ ᠬᠡᠷᠡᠭᠴᠡᠭᠡ ᠲᠠᠢ ᠪᠣᠯ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠵᠠᠰᠠᠬᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠲᠠᠢ ᠤᠶᠠᠯᠳᠤᠭᠤᠯᠤᠨ ᠬᠠᠮᠲᠤ ᠳᠤᠨᠢ ᠴᠠᠭ ᠲᠤᠬᠠᠶ ᠳᠤᠨᠢ ᠬᠡᠷᠡᠭᠵᠢᠭᠦᠯᠬᠦ ᠬᠡᠷᠡᠭᠲᠡᠶ᠃     ︵ᠬᠤᠶᠠᠷ︶ ᠭᠠᠵᠠᠷ ᠤᠨ ᠭᠠᠶ ᠭᠠᠮᠰᠢᠭ ᠢ ᠬᠢᠨᠠᠨ ᠬᠡᠮᠵᠢᠬᠦ ᠠᠵᠢᠯ ᠢ ᠴᠢᠩᠭᠠᠳᠬᠠᠨ᠎ᠠ᠃ ᠭᠠᠵᠠᠷ ᠤᠨ ᠭᠠᠶ ᠭᠠᠮᠰᠢᠭ ᠤᠨ ᠲᠦᠭᠰᠢᠭᠦᠷᠢᠲᠦ ᠴᠡᠭ ᠢ ᠬᠢᠨᠠᠨ ᠬᠡᠮᠵᠢᠬᠦ᠂ ᠠᠶᠤᠯᠲᠠᠶ ᠭᠠᠵᠠᠷ ᠤᠨ ᠪᠠᠶᠢᠭ᠎ᠠ ᠭᠠᠵᠠᠷ ᠤᠨ ᠠᠷᠠᠳ ᠤᠨ ᠵᠠᠰᠠᠭ ᠤᠨ ᠣᠷᠳᠣᠨ᠂ ᠲᠣᠰᠬᠤᠨ᠂ ᠳᠤᠭᠤᠶᠢᠯᠠᠩ᠂ ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ ᠠᠴᠠ ᠬᠠᠷᠢᠭᠤᠴᠠᠨ ᠵᠣᠬᠢᠶᠠᠨ ᠪᠠᠶᠢᠭᠤᠯᠤᠨ ᠬᠡᠷᠡᠭᠵᠢᠭᠦᠯᠵᠦ᠂ 24   ᠴᠠᠭ ᠤᠨ ᠬᠢᠨᠠᠨ ᠬᠡᠮᠵᠢᠬᠦ ᠵᠢᠵᠢᠭᠦᠷ ᠢ ᠬᠡᠷᠡᠭᠵᠢᠭᠦᠯᠦᠨ ᠂ ᠭᠤᠤᠯᠳᠠᠯᠭ᠎ᠠ ᠲᠠᠢ ᠠᠶᠤᠯᠲᠠᠶ ᠣᠷᠣᠨ ᠤ ᠬᠢᠨᠠᠨ ᠬᠡᠮᠵᠢᠬᠦ ᠡᠭᠦᠷᠭᠡ ᠶᠢ ᠬᠥᠮᠦᠨ ᠳᠤ ᠬᠦᠷᠲᠡᠯ᠎ᠡ ᠨᠠᠶᠢᠳᠠᠪᠤᠷᠢᠵᠢᠭᠤᠯᠵᠤ᠂ ᠴᠡᠭ ᠲᠣᠭᠲᠠᠭᠠᠬᠤ᠂ ᠬᠥᠮᠦᠨ ᠲᠣᠭᠲᠠᠭᠠᠬᠤ᠂ ᠴᠠᠭ ᠲᠣᠭᠲᠠᠭᠠᠨ ᠬᠢᠨᠠᠨ ᠬᠡᠮᠵᠢᠬᠦ ᠶᠢ ᠬᠡᠷᠡᠭᠵᠢᠭᠦᠯᠦᠨ᠂ ᠤᠳᠠᠭ᠎ᠠ ᠪᠦᠷᠢ ᠶᠢᠨ ᠬᠢᠨᠠᠨ ᠬᠡᠮᠵᠢᠯᠲᠡ ᠶᠢ ᠨᠠᠷᠢᠨ ᠨᠢᠭᠲᠠ ᠲᠡᠮᠳᠡᠭᠯᠡᠬᠦ ᠶᠢᠨ ᠬᠠᠮᠲᠤ ᠬᠢᠨᠠᠨ ᠬᠡᠮᠵᠢᠭᠰᠡᠨ ᠦᠷ᠎ᠡ ᠳ᠋ᠦᠩ ᠢᠶᠠᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ ︵ᠦᠶᠡᠷ ᠢ ᠰᠡᠷᠭᠡᠶᠢᠯᠡᠬᠦ ᠠᠵᠢᠯ ᠤᠨ ᠠᠯᠪᠠᠨ ᠬᠡᠷ︶ ᠪᠣᠯᠤᠨ ᠠᠷᠠᠳ ᠤᠨ ᠶᠠᠪᠤᠳᠠᠯ ᠤᠨ ᠲᠣᠪᠴᠢᠶ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠬᠦ ᠬᠡᠷᠡᠭᠲᠡᠶ᠃     ︵ᠭᠤᠷᠪᠠ︶ ᠭᠤᠣᠯᠳᠠᠯᠭ᠎ᠠ ᠲᠠᠢ ᠲᠠᠯᠳᠠ ᠭᠡᠮ ᠤᠨ ᠣᠷᠣᠨ ᠤ ᠰᠡᠷᠭᠡᠶᠢᠯᠡᠨ ᠵᠠᠰᠠᠬᠤ ᠶᠢ ᠲᠤᠪᠤᠶᠢᠯᠭᠠᠨ᠎ᠠ᠃ ᠭᠠᠩ ᠬᠠᠭᠰᠠᠷᠠᠭᠠᠨ ᠳᠤ ᠲᠣᠭᠠᠴᠠᠭᠳᠠᠪᠠᠯ᠂ ᠠᠭᠤᠯᠠᠷᠬᠠᠭ ᠣᠷᠣᠨ ᠳᠤ ᠣᠬᠤᠷ ᠬᠤᠭᠤᠴᠠᠭ᠎ᠠ ᠪᠠᠷ ᠬᠤᠷ᠎ᠠ ᠪᠣᠷᠣᠭᠠᠨ ᠣᠷᠣᠬᠤ ᠳᠤ ᠠᠮᠠᠷᠬᠠᠨ ᠰᠢᠪᠠᠷ ᠴᠢᠯᠠᠭᠤᠨ ᠤ ᠤᠷᠤᠰᠬᠠᠯ ᠤᠨ ᠭᠠᠵᠠᠷ ᠰᠢᠨᠵᠢᠯᠡᠭᠡᠨ ᠤ ᠭᠠᠮᠰᠢᠭ ᠢ ᠡᠭᠦᠰᠭᠡᠳᠡᠭ᠃ ᠭᠠᠵᠠᠷ ᠤᠨ ᠭᠠᠮᠰᠢᠭ ᠬᠢᠯᠪᠠᠷᠬᠠᠨ ᠡᠭᠦᠰᠳᠡᠭ ᠣᠷᠣᠨ ᠤ ᠤᠯᠠᠨ ᠲᠦᠮᠡᠨ ᠤ ᠭᠠᠵᠠᠷ ᠤᠨ ᠭᠠᠮᠰᠢᠭ ᠢ ᠰᠡᠷᠭᠡᠶᠢᠯᠡᠨ ᠵᠠᠰᠠᠬᠤ ᠦᠨᠳᠦᠰᠦᠨ ᠮᠡᠳᠡᠯᠭᠡ ᠶᠢᠨ ᠤᠬᠠᠭᠤᠯᠭ᠎ᠠ ᠶᠢ ᠴᠢᠩᠭᠠᠳᠬᠠᠵᠤ᠂ ᠦᠶᠡᠷ ᠤᠨ ᠬᠤᠭᠤᠴᠠᠭᠠᠨ ᠤ ᠭᠠᠵᠠᠷ ᠤᠨ ᠭᠠᠮᠰᠢᠭ ᠢ ᠲᠣᠭᠤᠷᠢᠨ ᠪᠠᠶᠢᠴᠠᠭᠠᠵᠤ᠂ ᠪᠠᠶᠢᠴᠠᠭᠠᠬᠤ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ᠠᠵᠢᠯ ᠤᠨ ᠭᠤᠣᠯᠳᠠᠯᠭ᠎ᠠ ᠪᠠᠨ ᠭᠠᠵᠠᠷ ᠤᠨ ᠭᠠᠮᠰᠢᠭ ᠶᠡᠬᠡᠲᠡᠶ᠂ ᠳᠤᠮᠳᠠ ᠵᠡᠷᠭᠡ ᠶᠢᠨ ᠠᠮᠠᠷᠬᠠᠨ ᠡᠭᠦᠰᠳᠡᠭ ᠣᠷᠣᠨ  ᠳᠤ ᠲᠠᠯᠪᠢᠵᠤ᠂ ᠰᠦᠷᠳᠡᠭᠦᠯᠦᠯ ᠳᠤ ᠤᠴᠠᠷᠠᠭᠰᠠᠨ ᠤᠯᠠᠨ ᠲᠦᠮᠡᠨ ᠢ ᠨᠡᠭᠦᠯᠭᠡᠨ ᠵᠠᠶᠢᠯᠠᠭᠤᠯᠵᠤ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯ ᠢ ᠦᠨᠡᠨᠬᠦ ᠰᠠᠶᠢᠲᠤᠷ ᠬᠢᠬᠦ ᠬᠡᠷᠡᠭᠲᠡᠶ᠃ ᠣᠯᠠᠨ ᠢᠶᠠᠷ ᠢᠶᠠᠨ ᠬᠡᠮᠵᠢᠵᠦ ᠣᠯᠠᠨ ᠢᠶᠠᠷ ᠢᠶᠠᠨ ᠰᠡᠷᠭᠡᠶᠢᠯᠡᠬᠦ ᠲᠣᠤᠷ ᠰᠦᠯᠵᠢᠶ᠎ᠡ ᠶᠢᠨ ᠰᠢᠰᠲ᠋ᠧᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠭᠠᠵᠠᠷ ᠤᠨ ᠭᠠᠶ ᠭᠠᠮᠰᠢᠭ ᠤᠨ ᠭᠠᠮᠰᠢᠭ ᠢ ᠰᠡᠷᠭᠡᠶᠢᠯᠡᠬᠦ ᠪᠡᠯᠡᠳᠬᠡᠯ ᠲᠥᠰᠦᠯ ᠢ ᠬᠢᠨᠠᠮᠠᠭᠠᠶ ᠨᠠᠶᠢᠳᠠᠪᠤᠷᠢᠵᠢᠭᠤᠯᠤᠨ᠂ ᠭᠠᠵᠠᠷ ᠤᠨ ᠭᠠᠶ ᠭᠠᠮᠰᠢᠭ ᠤᠨ ᠭᠠᠮᠰᠢᠭ ᠢ ᠰᠡᠷᠭᠡᠶᠢᠯᠡᠬᠦ ᠠᠵᠢᠯ ᠤᠨ ᠲᠣᠳᠣᠷᠬᠠᠶ ᠺᠠᠷᠲ ᠪᠠ ᠭᠠᠮᠰᠢᠭ ᠢ ᠰᠡᠷᠭᠡᠶᠢᠯᠡᠵᠦ ᠠᠶᠤᠯ ᠠᠴᠠ ᠵᠠᠶᠢᠯᠠᠬᠤ ᠲᠣᠳᠣᠷᠬᠠᠶ ᠺᠠᠷᠲ ᠢ ᠴᠠᠭ ᠲᠤᠬᠠᠶ ᠳᠤᠨᠢ ᠲᠠᠷᠬᠠᠭᠠᠵᠤ᠂ ᠬᠥᠮᠦᠨ ᠬᠠᠷ᠎ᠠ ᠥᠭᠦᠵᠦ ᠰᠢᠷᠬᠠᠲᠤᠬᠤ ᠪᠠ ᠡᠳ᠋ ᠬᠥᠷᠥᠩᠭᠡ ᠶᠢᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠎ᠠ᠃ ᠭᠠᠵᠠᠷ ᠤᠨ ᠭᠠᠶ ᠭᠠᠮᠰᠢᠭ ᠤᠨ ᠪᠤᠶᠢᠵᠢᠯᠲᠠ ᠶᠢᠨ ᠪᠠᠶᠢᠳᠠᠯ ᠳᠤ ᠴᠢᠭᠯᠡᠭᠦᠯᠦᠨ᠂ ᠶᠡᠭᠦᠷᠡᠬᠦ᠂ ᠨᠤᠷᠠᠬᠤ᠂ ᠰᠢᠪᠠᠷ ᠴᠢᠯᠠᠭᠤᠨ ᠤ ᠤᠷᠤᠰᠬᠠᠯ ᠠᠮᠠᠷᠬᠠᠨ ᠡᠭᠦᠰᠬᠦ ᠣᠷᠣᠨ ᠤ ᠬᠡᠰᠡᠭ ᠲᠤ ᠰᠡᠷᠡᠮᠵᠢ ᠶᠢᠨ ᠲᠡᠮᠳᠡᠭ᠂ ᠬᠦᠷᠢᠶ᠎ᠡ ᠬᠠᠰᠢᠶ᠎ᠠ ᠪᠠᠶᠢᠭᠤᠯᠵᠤ᠂ ᠰᠦᠷᠳᠡᠭᠦᠯᠦᠯ ᠳᠤ ᠤᠴᠠᠷᠠᠭᠰᠠᠨ ᠡᠲᠡᠭᠡᠳ ᠤᠨ ᠠᠶᠤᠯᠲᠠᠶ ᠣᠷᠣᠨ ᠳᠤ ᠣᠷᠣᠬᠤ ᠶᠢ ᠴᠠᠭᠠᠵᠠᠯᠠᠵᠤ᠂ ᠭᠠᠶ ᠭᠠᠮᠰᠢᠭ ᠠᠴᠠ ᠪᠣᠯᠤᠭᠰᠠᠨ ᠬᠤᠬᠢᠷᠠᠯ ᠢ ᠪᠦᠲᠦᠮᠵᠢᠲᠡᠶ ᠪᠠᠭᠠᠰᠬᠠᠬᠤ ᠬᠡᠷᠡᠭᠲᠡᠶ᠃      ︵ᠳᠥᠷᠪᠡ︶ ᠣᠯᠠᠨ ᠢᠶᠠᠷ ᠢᠶᠠᠨ ᠬᠡᠮᠵᠢᠵᠦ ᠣᠯᠠᠨ ᠢᠶᠠᠷ ᠢᠶᠠᠨ ᠰᠡᠷᠭᠡᠶᠢᠯᠡᠬᠦ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠦᠨ᠎ᠡ᠃ ᠪᠥᠬᠦ ᠬᠤᠰᠢᠭᠤᠨ ᠤ ᠭᠠᠵᠠᠷ ᠰᠢᠨᠵᠢᠯᠡᠭᠡᠨ ᠤ ᠭᠠᠮᠰᠢᠭ ᠤᠨ ᠴᠡᠭ ᠣᠯᠠᠨ᠂ ᠬᠡᠪᠴᠢᠶ᠎ᠡ ᠥᠷᠭᠡᠨ ᠪᠠᠶᠢᠬᠤ ᠪᠣᠳᠠᠲᠤ ᠪᠠᠶᠢᠳᠠᠯ ᠳᠤ ᠴᠢᠭᠯᠡᠭᠦᠯᠦᠨ᠂ ᠡᠯ᠎ᠡ ᠰᠤᠮᠤ ᠰᠢᠶᠠᠩ ᠪᠠᠯᠭᠠᠰᠤ ︵ᠬᠦᠷᠢᠶᠡᠯᠡᠩ ᠲᠣᠭᠤᠷᠢᠭ︶᠂ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠣᠯᠠᠨ ᠢᠶᠠᠷ ᠢᠶᠠᠨ ᠬᠡᠮᠵᠢᠵᠦ ᠣᠯᠠᠨ ᠢᠶᠠᠷ ᠢᠶᠠᠨ ᠰᠡᠷᠭᠡᠶᠢᠯᠡᠬᠦ ᠵᠠᠷᠴᠢᠮ ᠢ ᠪᠠᠷᠢᠮᠲᠠᠯᠠᠨ᠂ ᠭᠠᠮᠰᠢᠭ ᠤᠨ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠰᠦᠯᠵᠢᠶᠡᠨ ᠤ ᠲᠣᠭᠲᠠᠴᠠ ᠶᠢ ᠲᠦᠷᠭᠡᠨ ᠪᠠᠶᠢᠭᠤᠯᠤᠨ ᠪᠦᠷᠢᠨᠰᠢᠬᠦᠯᠵᠦ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠪᠠᠶᠢᠴᠠᠭᠠᠨ ᠰᠢᠯᠭᠠᠵᠤ᠂ ᠴᠢᠮᠡᠭᠡ ᠬᠤᠯᠪᠣᠭ᠎ᠠ ᠶᠢᠨ ᠰᠠᠭᠠᠳ ᠥᠬᠡᠶ ᠨᠡᠪᠲᠡᠷᠡᠬᠦ ᠶᠢ ᠪᠠᠲᠤᠯᠠᠬᠤ ᠬᠡᠷᠡᠭᠲᠡᠶ᠃ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠨᠢᠭᠡᠳᠦᠯᠲᠡᠶ ᠲᠥᠯᠥᠪᠵᠢᠭᠦᠯᠵᠦ᠂ ᠲᠤᠰ ᠬᠠᠷᠢᠶ᠎ᠠ ᠣᠷᠣᠨ ᠤ ᠪᠠᠨ ᠭᠠᠵᠠᠷ ᠤᠨ ᠭᠠᠶ ᠭᠠᠮᠰᠢᠭ ᠢ ᠤᠯᠠᠨ ᠢᠶᠠᠷ ᠢᠶᠠᠨ ᠬᠡᠮᠵᠢᠵᠦ ᠤᠯᠠᠨ ᠢᠶᠠᠷ ᠢᠶᠠᠨ ᠰᠡᠷᠭᠡᠶᠢᠯᠡᠬᠦ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠵᠣᠬᠢᠶᠠᠨ ᠪᠠᠶᠢᠭᠤᠯᠬᠤ᠂ ᠪᠡᠯᠡ ᠮᠥᠩᠭᠦ ᠶᠢᠨ ᠲᠠᠯ᠎ᠠ ᠪᠠᠷ ᠪᠠᠲᠤᠯᠠᠵᠤ᠂ ᠭᠠᠮᠰᠢᠭ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠪᠠᠨ ᠦᠨᠡᠨ ᠬᠦ ᠳᠡᠭᠡᠭᠰᠢᠯᠡᠭᠦᠯᠬᠦ ᠬᠡᠷᠡᠭᠲᠡᠶ᠃ ᠰᠢᠶᠠᠩ᠂ ᠲᠣᠰᠬᠤᠨ᠂ ᠳᠤᠭᠤᠶᠢᠯᠠᠩ᠂ ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ ᠪᠣᠯᠤᠨ ᠭᠠᠵᠠᠷ ᠤᠨ ᠭᠠᠶ ᠭᠠᠮᠰᠢᠭ ᠤᠨ ᠰᠦᠷᠳᠡᠭᠦᠯᠦᠯ ᠳᠤ ᠤᠴᠠᠷᠠᠭᠰᠠᠨ ᠡᠲᠡᠭᠡᠳ ᠢ ᠣᠯᠠᠨ ᠢᠶᠠᠷ ᠢᠶᠠᠨ ᠬᠡᠮᠵᠢᠵᠦ ᠣᠯᠠᠨ ᠢᠶᠠᠷ ᠢᠶᠠᠨ ᠰᠡᠷᠭᠡᠶᠢᠯᠡᠬᠦ ᠭᠤᠣᠯ ᠲᠦᠰᠢᠭᠯᠡᠬᠦ ᠬᠦᠴᠦᠨ ᠪᠣᠯᠭᠠᠵᠤ᠂ ᠭᠠᠵᠠᠷ ᠤᠨ ᠭᠠᠮᠰᠢᠭ ᠤᠨ ᠲᠦᠭᠰᠢᠭᠦᠷᠢᠲᠦ ᠴᠡᠭ ᠢ ᠬᠢᠨᠠᠨ ᠬᠡᠮᠵᠢᠬᠦ᠂ ᠲᠦᠭᠰᠢᠭᠦᠷᠢ ᠮᠡᠳᠡᠭᠦᠯᠬᠦ᠂ ᠲᠠᠷᠬᠠᠭᠠᠬᠤ᠂ ᠪᠠᠴᠢᠮ ᠪᠠᠶᠢᠳᠠᠯ ᠢ ᠠᠷᠭᠠᠴᠠᠬᠤ ᠬᠠᠷᠢᠭᠤᠴᠠᠯᠭ᠎ᠠ ᠶᠢ ᠪᠣᠳᠠᠲᠠᠶ ᠲᠣᠰᠬᠤᠨ᠂ ᠳᠤᠭᠤᠶᠢᠯᠠᠩ᠂ ᠬᠤᠪᠢ ᠬᠥᠮᠦᠨ ᠪᠣᠯᠤᠨ ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ ᠳᠤ ᠬᠦᠷᠲᠡᠯ᠎ᠡ ᠨᠠᠶᠢᠳᠠᠪᠤᠷᠢᠵᠢᠭᠤᠯᠤᠨ᠂ ᠲᠦᠭᠰᠢᠭᠦᠷᠢᠲᠦ ᠪᠠᠶᠢᠳᠠᠯ᠂ ᠲᠦᠭᠰᠢᠭᠦᠷᠢᠲᠦ ᠬᠡᠰᠡᠭ ᠢ ᠠᠵᠢᠭᠯᠠᠨ ᠰᠢᠨᠵᠢᠵᠦ ᠲᠣᠭᠤᠷᠢᠨ ᠪᠠᠶᠢᠴᠠᠭᠠᠬᠤ ᠪᠠᠨ ᠴᠢᠩᠭᠠᠷᠠᠭᠤᠯᠵᠤ᠂ ᠪᠠᠶᠢᠳᠠᠯ ᠢ ᠴᠠᠭ ᠲᠤᠬᠠᠶ ᠲᠤᠨᠢ ᠣᠯᠵᠤ ᠮᠡᠳᠡᠬᠦ ᠶᠢ ᠦᠨᠡᠨᠬᠦ ᠪᠠᠲᠤᠯᠠᠵᠤ᠂ ᠰᠡᠷᠭᠡᠶᠢᠯᠡᠬᠦ ᠠᠷᠭ᠎ᠠ ᠬᠡᠮᠵᠢᠶ᠎ᠡ ᠶᠢ ᠴᠠᠭ ᠲᠤᠬᠠᠶ ᠲᠤᠨᠢ ᠠᠪᠴᠤ᠂ ᠭᠠᠮᠰᠢᠭ ᠤᠨ ᠰᠦᠷᠳᠡᠭᠦᠯᠦᠯ ᠠᠴᠠ ᠪᠦᠲᠦᠮᠵᠢᠲᠡᠶ ᠪᠠᠷ ᠵᠠᠶᠢᠯᠠᠵᠤ ᠠᠷᠢᠯᠭᠠᠨ᠂ ᠭᠠᠮᠰᠢᠭ ᠤᠨ ᠬᠤᠬᠢᠷᠠᠯ ᠢ ᠴᠢᠷᠮᠠᠶᠢᠨ ᠪᠠᠭᠠᠰᠬᠠᠬᠤ ᠬᠡᠷᠡᠭᠲᠡᠶ᠃ ︽ᠭᠠᠵᠠᠷ ᠤᠨ ᠭᠠᠶ ᠭᠠᠮᠰᠢᠭ ᠢ ᠰᠡᠷᠭᠡᠶᠢᠯᠡᠨ ᠵᠠᠰᠠᠬᠤ ᠲᠦᠷᠢᠮ︾ ᠤᠨ ᠬᠠᠮᠢᠶ᠎ᠠ ᠪᠥᠬᠦᠶ ᠲᠣᠭᠲᠠᠭᠠᠯ ᠶᠣᠰᠣᠭᠠᠷ᠂ ᠭᠠᠵᠠᠷ ᠤᠨ ᠭᠠᠶ ᠭᠠᠮᠰᠢᠭ ᠤᠨ ᠤᠷᠢᠲᠠᠯ ᠰᠢᠨᠵᠢ ᠲᠡᠮᠳᠡᠭ ᠢᠯᠡᠷᠡᠵᠦ᠂ ᠬᠥᠮᠦᠨ ᠬᠠᠷ᠎ᠠ ᠥᠭᠦᠵᠦ ᠰᠢᠷᠬᠠᠲᠤᠬᠤ ᠪᠤᠶᠤ ᠬᠦᠨᠳᠦ ᠶᠡᠭᠡ ᠡᠳ᠋ ᠬᠥᠷᠥᠩᠭᠡ ᠶᠢᠨ ᠬᠤᠬᠢᠷᠠᠯ ᠤᠴᠠᠷᠠᠭᠤᠯᠵᠤ ᠮᠡᠳᠡᠬᠦ ᠲᠦᠭᠰᠢᠭᠦᠷᠢᠲᠦ ᠪᠠᠶᠢᠳᠠᠯ ᠢ ᠳᠠᠷᠤᠶ ᠲᠦᠷᠭᠡᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠪᠠ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠳᠤ ᠮᠡᠳᠡᠭᠦᠯᠵᠦ᠂ ᠭᠠᠵᠠᠷ ᠤᠨ ᠭᠠᠶ ᠭᠠᠮᠰᠢᠭ ᠤᠨ ᠠᠶᠤᠯᠲᠤ ᠣᠷᠣᠨ ᠢ ᠴᠠᠭ ᠲᠤᠬᠠᠶ ᠳᠤᠨᠢ ᠵᠠᠭᠠᠭᠯᠠᠨ ᠲᠣᠭᠲᠠᠭᠠᠵᠤ᠂ ᠵᠠᠷᠯᠠᠨ ᠨᠡᠶᠢᠲᠡᠯᠡᠬᠦ ᠶᠢᠨ ᠬᠠᠮᠲᠤ᠂ ᠭᠠᠵᠠᠷ ᠤᠨ ᠭᠠᠶ ᠭᠠᠮᠰᠢᠭ ᠤᠨ ᠠᠶᠤᠯᠲᠤ ᠣᠷᠣᠨ ᠤ ᠵᠠᠭᠠᠭ ᠬᠢᠵᠠᠭᠠᠷ ᠲᠤ ᠢᠯᠡᠷᠬᠡᠶ ᠰᠡᠷᠡᠮᠵᠢ ᠶᠢᠨ ᠲᠡᠮᠳᠡᠭ ᠲᠠᠯᠪᠢᠬᠤ ᠬᠡᠷᠡᠭᠲᠡᠶ᠃ ᠲᠦᠭᠰᠢᠭᠦᠷᠢ ᠶᠢᠨ ᠪᠠᠶᠢᠳᠠᠯ ᠤᠨ ᠰᠣᠪᠢᠩ ᠪᠠᠶᠢᠬᠤ ᠶᠢ ᠣᠯᠵᠤ ᠮᠡᠳᠡᠪᠡᠯ᠂ ᠲᠦᠭᠰᠢᠭᠦᠷᠢ ᠶᠢᠨ ᠣᠷᠣᠨ ᠤ ᠳᠣᠲᠣᠷᠠᠬᠢ ᠲᠣᠰᠬᠤᠨ᠂ ᠳᠤᠭᠤᠶᠢᠯᠠᠩ ᠪᠣᠯᠤᠨ ᠬᠠᠮᠢᠶ᠎ᠠ ᠪᠥᠬᠦᠶ ᠨᠢᠭᠡᠴᠡ ᠶᠢ ᠰᠢᠮᠳᠠᠭᠤᠯᠵᠤ ᠪᠠᠶᠢᠭᠠᠳ ᠰᠡᠷᠡᠮᠵᠢᠯᠡᠭᠦᠯᠬᠦ ᠳᠣᠬᠢᠶ᠎ᠠ ᠶᠢ ᠴᠠᠭ ᠲᠤᠬᠠᠶ ᠳᠤᠨᠢ ᠲᠣᠭᠲᠠᠭᠠᠯᠭᠠᠵᠤ᠂ ᠠᠵᠢᠯᠲᠠᠨ᠂ ᠡᠳ᠋ ᠬᠥᠷᠥᠩᠭᠡ ᠶᠢ ᠲᠠᠷᠬᠠᠭᠠᠨ ᠵᠠᠶᠢᠯᠠᠭᠤᠯᠬᠤ ᠲᠥᠯᠥᠪᠯᠡᠭᠡ ︵ᠵᠠᠶᠢᠯᠠᠭᠤᠯᠬᠤ ᠵᠠᠮ ᠱᠤᠭᠤᠮ ᠪᠠ ᠭᠠᠵᠠᠷ ᠣᠷᠣᠨ ᠪᠠᠭᠲᠠᠨ᠎ᠠ︶ ᠶᠢ ᠲᠣᠭᠲᠠᠭᠠᠬᠤ ᠬᠡᠷᠡᠭᠲᠡᠶ᠃ ᠰᠡᠷᠡᠮᠵᠢᠯᠡᠭᠦᠯᠬᠦ ᠲᠤᠬᠢᠶ᠎ᠠ ᠶᠢ ᠳᠥᠭᠦᠮ ᠪᠥᠭᠡᠳ ᠪᠣᠳᠠᠲᠤ ᠬᠡᠷᠡᠭᠴᠡᠭᠡ ᠲᠠᠢ ᠪᠠᠶᠢᠯᠭᠠᠬᠤ ᠶᠢᠨ ᠬᠠᠮᠲᠤ ᠲᠦᠭᠰᠢᠭᠦᠷᠢᠲᠦ ᠣᠷᠣᠨ ᠤ ᠳᠣᠲᠣᠷ᠎ᠠ ᠥᠷᠭᠡᠨ ᠢᠶᠠᠷ ᠤᠬᠠᠭᠤᠯᠵᠤ᠂ ᠡᠷᠦᠬᠡ ᠪᠦᠬᠦᠨ ᠢᠶᠠᠷ ᠮᠡᠳᠡᠭᠦᠯᠵᠦ᠂ ᠬᠥᠮᠦᠨ ᠪᠦᠬᠦᠨ ᠢᠶᠠᠷ ᠮᠡᠳᠡᠭᠦᠯᠬᠦ ᠬᠡᠷᠡᠭᠲᠡᠶ᠃      ᠲᠥᠷᠪᠡ᠂ ᠲᠦᠭᠰᠢᠭᠦᠷᠢᠲᠦ ᠪᠠᠶᠢᠳᠠᠯ ᠢ ᠲᠥᠰᠦᠭᠡᠯᠡᠬᠦ      ︵ᠨᠢᠭᠡ︶ ᠭᠠᠵᠠᠷ ᠤᠨ ᠭᠠᠮᠰᠢᠭ ᠤᠨ ᠲᠥᠷᠥᠯ ᠵᠦᠢᠯ ᠢ ᠲᠥᠰᠦᠭᠡᠯᠡᠬᠦ᠃ ᠮᠠᠨ ᠤ ᠬᠤᠰᠢᠭᠤᠨ ᠤ ᠡᠮᠦᠨᠡᠲᠦ ᠬᠡᠰᠡᠭ ᠤᠨ ᠳᠤᠮᠳᠠ ᠳᠣᠤᠷ᠎ᠠ ᠠᠭᠤᠯᠠᠷᠬᠠᠭ ᠣᠷᠣᠨ ᠤ ᠭᠠᠵᠠᠷ ᠤᠨ ᠪᠠᠶᠢᠴᠠ ᠶᠢᠨ ᠥᠨᠳᠥᠷ ᠤᠨ ᠵᠥᠷᠢᠶ᠎ᠡ ᠶᠡᠭᠡ᠂ ᠢᠳᠡᠭᠳᠡᠯ ᠤᠨ ᠬᠡᠷᠴᠢᠯᠲᠡ ᠪᠠᠷ ᠨᠡᠯᠢᠶᠡᠳ ᠴᠢᠩᠭ᠎ᠠ᠂ ᠠᠭᠤᠯᠠ ᠶᠢᠨ ᠬᠢᠷ᠎ᠠ ᠶᠢᠨ ᠣᠯᠠᠩᠬᠢ ᠨᠢ ᠵᠢᠭᠠᠰᠤᠨ ᠤ ᠬᠡᠯᠪᠡᠷᠢ ᠲᠠᠢ᠂ ᠭᠠᠵᠠᠷ ᠤᠨ ᠨᠥᠬᠦᠴᠡᠯ ᠪᠠᠷᠤᠭᠲᠠᠶ᠂ ᠣᠷᠭᠢᠯ ᠤᠨ ᠬᠢᠷ᠎ᠠ ᠶᠢᠨ ᠱᠤᠭᠤᠮ ᠨᠢ ᠢᠯᠡᠷᠬᠡᠶ᠂ ᠭᠤᠤ ᠰᠤᠪᠠᠭ ᠢᠶᠠᠷ ᠪᠤᠶᠢᠵᠢᠵᠤ᠂ ᠠᠮᠠᠷᠬᠠᠨ ᠠᠭᠤᠯᠠ ᠶᠡᠭᠦᠷᠡᠬᠦ᠂ ᠨᠤᠷᠠᠬᠤ᠂ ᠰᠢᠪᠠᠷ ᠴᠢᠯᠠᠭᠤᠨ ᠤ ᠤᠷᠤᠰᠬᠠᠯ ᠵᠡᠷᠭᠡ ᠭᠠᠵᠠᠷ ᠤᠨ ᠭᠠᠶ ᠭᠠᠮᠰᠢᠭ ᠪᠣᠶ ᠪᠣᠯᠤᠨ᠎ᠠ᠃ ᠠᠭᠤᠷᠬᠠᠶ ᠶᠢᠨ ᠣᠷᠣᠨ ᠤ ᠮᠠᠯᠲᠠᠵᠤ ᠬᠥᠨᠳᠡᠶᠢᠷᠡᠭᠦᠯᠦᠭᠰᠡᠨ ᠣᠷᠣᠨ ᠨᠢ ᠨᠤᠷᠠᠬᠤ᠂ ᠭᠠᠵᠠᠷ ᠴᠥᠮᠥᠷᠡᠬᠦ ᠪᠣᠯᠤᠯᠴᠠᠭ᠎ᠠ ᠶᠢ ᠦᠭᠡᠶᠢᠰᠬᠡᠬᠦ ᠦᠭᠡᠢ᠃      ︵ᠬᠤᠶᠠᠷ︶ ᠭᠠᠵᠠᠷ ᠤᠨ ᠭᠠᠮᠰᠢᠭ ᠭᠠᠷᠤᠭᠰᠠᠨ ᠴᠠᠭ ᠬᠤᠭᠤᠴᠠᠭ᠎ᠠ᠃ ᠮᠠᠨ ᠤ ᠬᠤᠰᠢᠭᠤ ᠵᠢᠯ ᠪᠦᠷᠢ ᠶᠢᠨ 6 ᠰᠠᠷ᠎ᠠ ᠶᠢᠨ ᠡᠬᠢ ᠪᠠᠷ ᠦᠶᠡᠷ ᠤᠨ ᠬᠤᠭᠤᠴᠠᠭᠠᠨ ᠳᠤ ᠣᠷᠣᠵᠤ᠂ 7᠂ 8᠂ 9 ᠭᠤᠷᠪᠠᠨ ᠰᠠᠷ᠎ᠠ ᠪᠠᠷ ᠭᠤᠤᠯ ᠦᠶᠡᠷ ᠤᠨ ᠬᠤᠭᠤᠴᠠᠭᠠᠨ ᠳᠤ ᠣᠷᠣᠨ᠎ᠠ᠂ ᠦᠶᠡᠷ ᠤᠨ ᠬᠤᠭᠤᠴᠠᠭ᠎ᠠ ᠪᠣᠯ ᠨᠣᠷᠠᠬᠤ᠂ ᠶᠡᠭᠦᠷᠡᠬᠦ᠂ ᠰᠢᠪᠠᠷ ᠴᠢᠯᠠᠭᠤᠨ ᠤᠷᠤᠰᠬᠠᠯ ᠵᠡᠷᠭᠡ ᠭᠠᠮᠰᠢᠭ ᠣᠯᠠᠨ ᠡᠭᠦᠰᠬᠦ᠂ ᠠᠮᠠᠷᠬᠠᠨ ᠡᠭᠦᠰᠬᠦ ᠬᠤᠭᠤᠴᠠᠭ᠎ᠠ ᠪᠣᠯᠤᠨ᠎ᠠ᠂ ᠮᠥᠨ ᠴᠦ ᠮᠠᠨ ᠤ ᠬᠤᠰᠢᠭᠤᠨ ᠤ ᠭᠠᠵᠠᠷ ᠤᠨ ᠭᠠᠮᠰᠢᠭ ᠢ ᠭᠤᠤᠯᠳᠠᠯᠭ᠎ᠠ ᠲᠠᠢ ᠰᠡᠷᠭᠡᠶᠢᠯᠡᠬᠦ ᠬᠤᠭᠤᠴᠠᠭ᠎ᠠ ᠪᠣᠯᠤᠨ᠎ᠠ᠃ ᠪᠤᠰᠤᠳ ᠴᠠᠭ ᠬᠤᠭᠤᠴᠠᠭᠠᠨ ᠳᠤ ᠬᠡᠷᠪᠡ ᠣᠬᠤᠷ ᠬᠤᠭᠤᠴᠠᠭᠠᠨ ᠳᠤ ᠰᠢᠷᠦᠭᠦᠨ ᠪᠣᠷᠣᠭᠠᠨ ᠣᠷᠣᠪᠠᠯ᠂ ᠪᠠᠰᠠ ᠭᠠᠵᠠᠷ ᠤᠨ ᠭᠠᠶ ᠭᠠᠮᠰᠢᠭ ᠢ ᠡᠭᠦᠰᠭᠡᠵᠦ ᠮᠡᠳᠡᠨ᠎ᠡ᠃      ︵ᠭᠤᠷᠪᠠ︶ ᠭᠠᠵᠠᠷ ᠤᠨ ᠭᠠᠮᠰᠢᠭ ᠤᠨ ᠲᠠᠯᠳᠠ ᠭᠡᠮ ᠤᠨ ᠲᠠᠷᠬᠠᠯᠲᠠ᠃      ︵ᠲᠥᠷᠪᠡ︶ ᠭᠠᠵᠠᠷ ᠤᠨ ᠭᠠᠮᠰᠢᠭ ᠤᠨ ᠭᠤᠣᠯ ᠬᠡᠰᠡᠭ ᠣᠷᠣᠨ᠃      ᠲᠠᠪᠦ᠂ ᠥᠳᠥᠭᠡᠬᠦ ᠬᠦᠴᠦᠨ ᠵᠦᠢᠯ      ︵ᠨᠢᠭᠡ︶ ᠪᠣᠷᠣᠭᠠᠨ ᠣᠷᠣᠬᠤ ᠡᠯᠧᠮᠧᠨ᠋ᠲ᠃ ᠦᠷᠭᠦᠯᠵᠢᠯᠡᠭᠰᠡᠨ ᠴᠢᠨᠠᠷᠲᠠᠶ ᠪᠣᠷᠣᠭᠠᠨ᠂ ᠳᠣᠭᠰᠢᠨ ᠪᠣᠷᠣᠭᠠᠨ ᠪᠣᠯ ᠶᠡᠭᠦᠷᠡᠬᠦ᠂ ᠨᠤᠷᠠᠬᠤ᠂ ᠰᠢᠪᠠᠷ ᠴᠢᠯᠠᠭᠤᠨ ᠤᠷᠤᠰᠬᠠᠯ ᠵᠡᠷᠭᠡ ᠭᠠᠵᠠᠷ ᠤᠨ ᠭᠠᠶ ᠭᠠᠮᠰᠢᠭ ᠢ ᠡᠭᠦᠰᠭᠡᠬᠦ ᠭᠤᠣᠯ ᠡᠯᠧᠮᠧᠨ᠋ᠲ ᠪᠣᠯᠤᠨ᠎ᠠ᠃ ᠥᠩᠭᠡᠷᠡᠭᠰᠡᠨ ᠵᠢᠯ ᠤᠳ ᠤᠨ ᠮᠠᠲ᠋ᠧᠷᠢᠶᠠᠯ ᠤᠨ ᠵᠠᠳᠠᠯᠤᠯᠲᠠ ᠶᠢ ᠦᠨᠳᠦᠰᠦᠯᠡᠪᠡᠯ᠂ ᠮᠠᠨ ᠤ ᠬᠤᠰᠢᠭᠤᠨ ᠤ ᠬᠤᠷ᠎ᠠ ᠲᠤᠨᠳᠠᠰᠤᠨ ᠤ ᠬᠡᠮᠵᠢᠶ᠎ᠡ ᠨᠢ 30 ᠮᠢᠯᠢᠮᠧᠲᠷ \ ᠴᠠᠭ ᠪᠤᠶᠤ 100 ᠮᠢᠯᠢᠮᠧᠲᠷ \ ᠡᠳᠦᠷ ᠠᠴᠠ ᠶᠡᠭᠡ ᠪᠠᠶᠢᠵᠤ᠂ ᠭᠠᠮᠰᠢᠭ ᠪᠣᠯᠬᠤ ᠨᠥᠬᠦᠴᠡᠯ ᠢ ᠪᠦᠷᠢᠯᠳᠦᠭᠦᠯᠦᠭᠰᠡᠨ ᠭᠠᠵᠠᠷ ᠲᠤ ᠭᠠᠵᠠᠷ ᠰᠢᠨᠵᠢᠯᠡᠭᠡᠨ ᠤ ᠭᠠᠶ ᠭᠠᠮᠰᠢᠭ ᠢ ᠡᠭᠦᠰᠭᠡᠨ᠎ᠡ᠃       ︵ᠬᠤᠶᠠᠷ︶  ᠬᠦᠮᠦᠨ ᠤ ᠬᠦᠴᠦᠨ ᠵᠦᠢᠯ᠃ ᠵᠦᠢ ᠵᠤᠬᠢᠰ ᠦᠭᠡᠢ ᠪᠠᠷᠢᠯᠭ᠎ᠠ ᠶᠢᠨ ᠠᠵᠢᠯᠯᠠᠭ᠎ᠠ ᠪᠣᠯ ᠭᠠᠵᠠᠷ ᠰᠢᠨᠵᠢᠯᠡᠭᠡᠨ ᠤ ᠭᠠᠶ ᠭᠠᠮᠰᠢᠭ ᠢ ᠡᠭᠦᠰᠭᠡᠬᠦ ᠴᠢᠬᠤᠯᠠ ᠡᠯᠧᠮᠧᠨ᠋ᠲ ᠤᠨ ᠨᠢᠭᠡ ᠪᠣᠯᠤᠨ᠎ᠠ᠃ ᠮᠣᠳᠣ ᠶᠢ ᠳᠤᠷ᠎ᠠ ᠪᠠᠷ ᠢᠶᠠᠨ ᠣᠭᠲᠣᠯᠵᠤ᠂ ᠨᠠᠯᠠᠤ ᠶᠢᠨ ᠭᠠᠳᠠᠷᠭᠤ ᠶᠢᠨ ᠤᠷᠭᠤᠮᠠᠯ ᠤᠨ ᠬᠤᠴᠢᠯᠭ᠎ᠠ ᠶᠢ ᠡᠪᠳᠡᠵᠦ᠂ ᠬᠢᠮᠡᠯ ᠱᠠᠲᠤᠨ ᠲᠠᠷᠢᠶ᠎ᠠ ᠶᠢ ᠵᠠᠰᠠᠵᠤ ᠪᠠᠶᠢᠭᠤᠯᠤᠭᠠᠳ ᠪᠣᠷᠣᠭᠠᠨ ᠢ ᠠᠮᠠᠷᠬᠠᠨ ᠨᠠᠯᠠᠤ ᠶᠢᠨ ᠪᠡᠶ᠎ᠡ ᠳᠤ ᠨᠡᠪᠴᠢᠭᠦᠯᠵᠦ᠂ ᠨᠤᠷᠠᠬᠤ ᠳᠤ ᠬᠦᠷᠦᠭᠦᠯᠦᠨ᠎ᠡ︔ ᠠᠭᠤᠯᠠ ᠶᠢ ᠲᠦᠰᠢᠵᠦ ᠭᠡᠷ ᠪᠠᠷᠢᠬᠤ᠂ ᠨᠦᠭᠡᠠ ᠭᠡᠷ ᠮᠠᠯᠲᠠᠬᠤ᠂ ᠵᠠᠰᠠᠮᠠᠯ ᠵᠡᠮ ᠵᠠᠰᠠᠬᠤ ᠵᠡᠷᠭᠡ ᠪᠠᠷᠢᠯᠭ᠎ᠠ ᠳᠤ ᠨᠠᠯᠠᠤ ᠭᠠᠵᠠᠷ ᠮᠠᠯᠲᠠᠬᠤ ᠳᠤ ᠬᠦᠷᠪᠡᠯ ᠨᠠᠯᠠᠤ ᠪᠡᠶ᠎ᠡ ᠶᠢᠨ ᠲᠤᠤᠷᠡᠳᠦ ᠬᠡᠰᠡᠭ ᠤᠨ ᠲᠤᠯᠭᠠᠭᠤᠷᠢ ᠶᠢ ᠠᠯᠳᠠᠭᠤᠯᠵᠤ᠂ ᠨᠠᠯᠠᠤ ᠪᠡᠶ᠎ᠡ ᠶᠢᠨ ᠲᠣᠭᠲᠠᠪᠤᠷᠢᠲᠤ ᠴᠢᠨᠠᠷ ᠢ ᠳᠣᠷᠣᠭᠰᠢᠯᠠᠭᠤᠯᠵᠤ᠂ ᠪᠠᠰᠠ ᠠᠮᠠᠷᠬᠠᠨ ᠶᠡᠭᠦᠷᠡᠬᠦ ᠪᠤᠶᠤ ᠨᠤᠷᠠᠬᠤ ᠳᠤ ᠬᠦᠷᠦᠭᠦᠯᠦᠨ᠎ᠡ︔ ᠭᠤᠤ ᠳᠠᠭᠠᠤ ᠶᠡᠭᠡ ᠬᠡᠮᠵᠢᠶᠡᠨ ᠤ ᠣᠪᠣᠭᠠᠯᠠᠭᠰᠠᠨ ᠪᠣᠳᠠᠰ ᠪᠤᠶᠤ ᠠᠭᠤᠷᠬᠠᠶ ᠮᠠᠯᠲᠠᠭᠰᠠᠨ ᠠᠴᠠ ᠪᠤᠢ ᠪᠣᠯᠤᠭᠰᠠᠨ ᠬᠠᠶᠠᠭᠳᠠᠮᠠᠯ ᠰᠢᠭᠠᠷᠤ᠂ ᠬᠠᠶᠠᠭᠳᠠᠮᠠᠯ ᠴᠢᠯᠠᠭᠤ ᠶᠢ ᠣᠪᠣᠭᠠᠯᠠᠬᠤ ᠳᠤ ᠬᠦᠷᠪᠡᠯ ᠭᠤᠯᠭᠤᠭ᠎ᠠ ᠪᠠᠯ ᠤᠨ ᠳᠠᠯᠳᠠ ᠭᠡᠮ ᠲᠠᠢ ᠣᠷᠣᠨ ᠪᠤᠶᠤ ᠠᠭᠤᠷᠬᠠᠶ ᠶᠢᠨ ᠣᠷᠣᠨ ᠳᠤ ᠰᠢᠪᠠᠷ ᠴᠢᠯᠠᠭᠤᠨ ᠤ ᠤᠷᠤᠰᠬᠠᠯ ᠡᠭᠦᠰᠬᠦ ᠪᠣᠯᠤᠨ᠎ᠠ︔ ᠭᠠᠵᠠᠷ ᠳᠣᠣᠷᠠᠬᠢ ᠠᠭᠤᠷᠬᠠᠶ ᠮᠠᠯᠲᠠᠬᠤ ᠠᠵᠢᠯᠯᠠᠭ᠎ᠠ ᠨᠢ ᠵᠣᠬᠢᠬᠤ ᠬᠡᠪᠴᠢᠶᠡᠨ ᠤ ᠮᠠᠯᠲᠠᠵᠤ ᠬᠥᠨᠳᠡᠶᠢᠷᠡᠭᠦᠯᠦᠭᠰᠡᠨ ᠣᠷᠣᠨ ᠢ ᠪᠣᠢ ᠪᠣᠯᠭᠠᠵᠤ᠂ ᠳᠡᠭᠡᠷ᠎ᠡ ᠲᠠᠯ᠎ᠠ ᠶᠢᠨ ᠴᠢᠯᠠᠭᠤᠯᠢᠭ᠂ ᠰᠢᠷᠣᠶ ᠶᠢᠨ ᠳᠠᠪᠬᠤᠷᠭ᠎ᠠ ᠶᠢᠨ ᠲᠤᠯᠭᠠᠭᠤᠷᠢ ᠶᠢ ᠠᠯᠳᠠᠭᠤᠯᠵᠤ᠂ ᠭᠠᠵᠠᠷ ᠤᠨ ᠭᠠᠳᠠᠷᠭᠤ ᠶᠢ ᠴᠥᠮᠥᠷᠡᠭᠦᠯᠵᠦ᠂ ᠠᠩ ᠭᠠᠷᠬᠤ ᠳᠤ ᠬᠦᠷᠦᠭᠦᠯᠦᠨ᠎ᠡ︔ ᠠᠭᠤᠯᠠ ᠬᠠᠭᠠᠯᠵᠤ ᠠᠭᠤᠷᠬᠠᠶ ᠨᠡᠭᠡᠭᠡᠬᠦ ᠳᠡᠯᠪᠡᠴᠢᠬᠦ ᠠᠵᠢᠯᠯᠠᠭ᠎ᠠ ᠨᠢ ᠨᠠᠯᠠᠤ ᠪᠠᠯ ᠤᠨ ᠴᠢᠯᠠᠭᠤᠯᠢᠭ ᠂ ᠰᠢᠷᠣᠶ ᠶᠢᠨ ᠳᠠᠪᠬᠤᠷᠭ᠎ᠠ ᠶᠢᠨ ᠪᠦᠲᠦᠴᠡ ᠶᠢ ᠡᠪᠳᠡᠵᠦ᠂ ᠡᠭᠦᠨ ᠤ ᠤᠯᠠᠮ ᠠᠴᠠ ᠶᠡᠭᠦᠷᠡᠬᠦ ᠵᠡᠷᠭᠡ ᠭᠠᠶ ᠭᠠᠮᠰᠢᠭ ᠢ ᠡᠭᠦᠰᠭᠡᠳᠡᠭ᠃     ᠵᠢᠷᠭᠤᠭ᠎ᠠ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ    1.ᠠᠪᠤᠷᠠᠨ ᠲᠤᠰᠠᠯᠠᠬᠤ ᠠᠵᠢᠯ ᠤᠨ ᠵᠢᠯᠣᠭᠤᠳᠬᠤ ᠭᠠᠵᠠᠷ    ᠣᠨᠴᠠ ᠶᠡᠭᠡ ᠭᠠᠵᠠᠷ ᠰᠢᠨᠵᠢᠯᠡᠭᠡᠨ ᠤ ᠭᠠᠮᠰᠢᠭ ᠤᠨ ᠠᠳᠡᠯ ᠤᠨ ᠪᠠᠴᠢᠮ ᠪᠠᠶᠢᠳᠠᠯ ᠢ ᠠᠷᠭᠠᠴᠠᠨ ᠠᠪᠤᠷᠠᠨ ᠲᠤᠰᠠᠯᠠᠬᠤ ᠵᠢᠯᠣᠭᠤᠳᠬᠤ ᠭᠠᠵᠠᠷ ︵ᠳᠣᠷᠣᠭᠰᠢ ᠠᠪᠤᠷᠠᠨ ᠲᠤᠰᠠᠯᠠᠬᠤ ᠵᠢᠯᠣᠭᠤᠳᠬᠤ ᠭᠠᠵᠠᠷ ᠭᠡᠵᠦ ᠲᠣᠪᠴᠢᠯᠠᠨ᠎ᠠ︶ ᠢ ᠪᠠᠶᠢᠭᠤᠯᠵᠤ᠂ ᠪᠥᠬᠦ ᠬᠤᠰᠢᠭᠤᠨ ᠤ ᠬᠡᠪᠴᠢᠶᠡᠨ ᠳᠠᠬᠢ ᠣᠨᠴᠠ ᠶᠡᠭᠡ ᠭᠠᠵᠠᠷ ᠰᠢᠨᠵᠢᠯᠡᠭᠡᠨ ᠤ ᠭᠠᠮᠰᠢᠭ ᠤᠨ ᠠᠳᠡᠯ ᠤᠨ ᠪᠠᠴᠢᠮ ᠪᠠᠶᠢᠳᠠᠯ ᠢ ᠠᠷᠭᠠᠴᠠᠨ ᠠᠪᠤᠷᠠᠨ ᠲᠤᠰᠠᠯᠠᠬᠤ ᠠᠵᠢᠯ ᠢ ᠨᠢᠭᠡᠳᠦᠯᠲᠡᠶ ᠵᠣᠬᠢᠴᠠᠭᠤᠯᠤᠨ ᠵᠢᠯᠣᠭᠤᠳᠤᠨ᠎ᠠ᠃     2.  ᠵᠢᠯᠣᠭᠤᠳᠬᠤ ᠭᠠᠵᠠᠷ ᠤᠨ ᠭᠤᠣᠯ ᠡᠭᠦᠷᠭᠡ ᠬᠠᠷᠢᠭᠤᠴᠠᠯᠭ᠎ᠠ     ︵1︶ ᠪᠥᠬᠦ ᠬᠤᠰᠢᠭᠤᠨ ᠤ ᠣᠨᠴᠠ ᠶᠡᠭᠡ ᠭᠠᠵᠠᠷ ᠰᠢᠨᠵᠢᠯᠡᠭᠡᠨ ᠤ ᠭᠠᠮᠰᠢᠭ ᠤᠨ ᠠᠳᠡᠯ ᠤᠨ ᠪᠠᠴᠢᠮ ᠪᠠᠶᠢᠳᠠᠯ ᠢ ᠠᠷᠭᠠᠴᠠᠨ ᠠᠪᠤᠷᠠᠨ ᠲᠤᠰᠠᠯᠠᠬᠤ ᠪᠡᠯᠡᠳᠬᠡᠯ ᠲᠥᠰᠦᠯ ᠢ ᠡᠬᠢᠯᠡᠭᠦᠯᠬᠦ ᠪᠠ ᠵᠣᠭᠰᠣᠭᠠᠨ᠎ᠠ︔     ︵2︶ ᠪᠥᠬᠦ ᠬᠤᠰᠢᠭᠤᠨ ᠤ ᠣᠨᠴᠠ ᠶᠡᠭᠡ ᠭᠠᠵᠠᠷ ᠰᠢᠨᠵᠢᠯᠡᠭᠡᠨ ᠤ ᠭᠠᠮᠰᠢᠭ ᠤᠨ ᠠᠳᠡᠯ ᠤᠨ ᠪᠠᠴᠢᠮ ᠪᠠᠶᠢᠳᠠᠯ ᠢ ᠠᠷᠭᠠᠴᠠᠨ ᠠᠪᠤᠷᠠᠨ ᠲᠤᠰᠠᠯᠠᠬᠤ ᠲᠥᠰᠦᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔     ︵3︶ ᠪᠥᠬᠦ ᠬᠤᠰᠢᠭᠤᠨ ᠤ ᠡᠯ᠎ᠡ ᠰᠠᠯᠠᠭ᠎ᠠ ᠮᠥᠴᠢᠷ ᠪᠣᠯᠤᠨ ᠡᠯ᠎ᠡ ᠰᠤᠮᠤ ᠰᠢᠶᠠᠩ ᠪᠠᠯᠭᠠᠰᠤ᠂ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠣᠨᠴᠠ ᠶᠡᠭᠡ ᠭᠠᠵᠠᠷ ᠰᠢᠨᠵᠢᠯᠡᠭᠡᠨ ᠤ ᠭᠠᠮᠰᠢᠭ ᠤᠨ ᠠᠳᠡᠯ ᠢ ᠠᠪᠤᠷᠠᠨ ᠲᠤᠰᠠᠯᠠᠬᠤ ᠶᠢ ᠨᠢᠭᠡᠳᠦᠯᠲᠡᠶ ᠵᠣᠬᠢᠴᠠᠭᠤᠯᠵᠤ᠂ ᠴᠢᠬᠤᠯᠠ ᠲᠠᠢ ᠦᠶ᠎ᠡ ᠳᠤ ᠳᠣᠲᠣᠭᠠᠳᠤ ᠶᠢ ᠬᠠᠮᠠᠭᠠᠯᠠᠬᠤ᠂ ᠭᠠᠯ ᠤᠨᠲᠠᠷᠠᠭᠠᠬᠤ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠲᠠᠢ ᠬᠠᠷᠢᠯᠴᠠᠵᠤ ᠪᠠᠴᠢᠮ ᠪᠠᠶᠢᠳᠠᠯ ᠢ ᠠᠷᠭᠠᠴᠠᠨ ᠠᠪᠤᠷᠠᠨ ᠲᠤᠰᠠᠯᠠᠬᠤ ᠠᠵᠢᠯ ᠳᠤ ᠣᠷᠣᠯᠴᠠᠭᠤᠯᠤᠨ᠎ᠠ︔      ︵4︶ ᠠᠪᠤᠷᠠᠨ ᠲᠤᠰᠠᠯᠠᠬᠤ ᠳᠤᠭᠤᠶᠢᠯᠠᠩ᠂ ᠬᠤᠶᠢᠲᠤᠬᠢ ᠶᠠᠪᠤᠳᠠᠯ ᠢ ᠰᠢᠢᠳᠪᠦᠷᠢᠯᠡᠬᠦ ᠳᠤᠭᠤᠶᠢᠯᠠᠩ ᠪᠠ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠳᠤᠭᠤᠶᠢᠯᠠᠩ ᠤᠨ ᠳᠠᠷᠤᠭ᠎ᠠ ᠶᠢ ᠲᠣᠭᠲᠠᠭᠠᠨ᠎ᠠ︔       ︵5︶ ᠠᠪᠤᠷᠠᠨ ᠲᠤᠰᠠᠯᠠᠬᠤ ᠠᠵᠢᠯᠳᠠᠨ᠂ ᠡᠳ᠋ ᠪᠣᠳᠠᠰ ᠢ ᠨᠢᠭᠡᠳᠦᠯᠲᠡᠶ ᠰᠢᠯᠵᠢᠭᠦᠯᠦᠨ ᠲᠣᠬᠢᠷᠠᠭᠤᠯᠬᠤ︔       ︵6︶ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃      ᠲᠣᠯᠤᠭ᠎ᠠ᠂ ᠭᠠᠵᠠᠷ ᠤᠨ ᠭᠠᠶ ᠭᠠᠮᠰᠢᠭ ᠢ ᠰᠡᠷᠭᠡᠶᠢᠯᠡᠨ ᠵᠠᠰᠠᠬᠤ ᠭᠤᠤᠯ ᠠᠷᠭ᠎ᠠ ᠬᠡᠮᠵᠢᠶ᠎ᠡ       ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠷᠠᠭᠤᠯᠤᠨ᠎ᠠ᠃ ᠡᠯ᠎ᠡ ᠰᠤᠮᠤ ᠰᠢᠶᠠᠩ ᠪᠠᠯᠭᠠᠰᠤ ︵ᠬᠦᠷᠢᠶᠡᠯᠡᠩ ᠲᠣᠭᠤᠷᠢᠭ︶᠂ ᠬᠤᠯᠪᠣᠭᠳᠠᠯ ᠪᠥᠬᠦᠶ ᠨᠢᠭᠡᠴᠡ ᠨᠦᠭᠦᠳ ᠭᠠᠵᠠᠷ ᠤᠨ ᠭᠠᠶ ᠭᠠᠮᠰᠢᠭ ᠢ ᠰᠡᠷᠭᠡᠶᠢᠯᠡᠨ ᠵᠠᠰᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠣᠰ ᠠᠵᠢᠯ ᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠤᠨ᠂ ︽ᠤᠷᠢᠳᠴᠢᠯᠠᠨ ᠰᠡᠷᠭᠡᠶᠢᠯᠡᠬᠦ ᠪᠠᠷ ᠭᠤᠤᠯ ᠪᠣᠯᠭᠠᠵᠤ᠂ ᠵᠠᠶᠢᠯᠠᠬᠤ ᠪᠠ ᠵᠠᠰᠠᠬᠤ ᠶᠢ ᠬᠠᠷᠢᠯᠴᠠᠨ ᠤᠶᠠᠯᠳᠤᠭᠤᠯᠵᠤ᠂ ᠪᠥᠬᠦ ᠲᠠᠯ᠎ᠠ ᠪᠠᠷ ᠲᠥᠯᠥᠪᠵᠢᠭᠦᠯᠵᠦ᠂ ᠭᠤᠤᠯᠳᠠᠯᠭ᠎ᠠ ᠶᠢ ᠳᠣᠪᠤᠶᠢᠯᠭᠠᠬᠤ︾ ᠵᠠᠷᠴᠢᠮ ᠶᠣᠰᠣᠭᠠᠷ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ᠃ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠰᠡᠷᠭᠡᠶᠢᠯᠡᠨ ᠵᠠᠰᠠᠬᠤ ᠵᠠᠷᠤᠳᠠᠯ ᠢ ᠨᠠᠶᠢᠳᠠᠪᠤᠷᠢᠵᠢᠭᠤᠯᠤᠨ᠂ ᠰᠡᠷᠭᠡᠶᠢᠯᠡᠨ ᠵᠠᠰᠠᠬᠤ ᠲᠥᠷᠢᠮ ᠢ ᠲᠡᠭᠦᠯᠳᠡᠷᠵᠢᠭᠦᠯᠵᠦ᠂ ᠭᠠᠵᠠᠷ ᠤᠨ ᠭᠠᠶ ᠭᠠᠮᠰᠢᠭ ᠢ ᠰᠡᠷᠭᠡᠶᠢᠯᠡᠨ ᠵᠠᠰᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃      ︵ᠬᠤᠶᠠᠷ︶ ᠬᠠᠷᠢᠯᠴᠠᠨ ᠬᠠᠮᠵᠢᠯᠴᠠᠬᠤ ᠶᠢ ᠴᠢᠩᠭᠠᠷᠠᠭᠤᠯᠤᠨ᠎ᠠ᠃ ᠡᠯ᠎ᠡ ᠪᠦᠷᠢᠯᠳᠦᠬᠦᠨ ᠨᠢᠭᠡᠴᠡ ᠨᠦᠭᠦᠳ ᠴᠢᠬᠤᠯᠠ ᠶᠡᠭᠡ ᠢᠨᠵᠧᠨᠧᠷᠢᠩ ᠤᠨ ᠵᠠᠮ ᠬᠠᠷᠢᠯᠴᠠᠭ᠎ᠠ ᠱᠤᠭᠤᠮ ᠳᠠᠭᠠᠤ᠂ ᠵᠢᠭᠤᠯᠴᠢᠯᠠᠯ ᠤᠨ ᠦᠵᠡᠮᠵᠢ ᠶᠢᠨ ᠣᠷᠣᠨ ᠢᠯᠠᠩᠭᠤᠶ᠎ᠠ ᠬᠤᠩᠬᠤᠷ ᠤᠨ ᠭᠤᠤ ᠶᠢᠨ ᠭᠠᠵᠠᠷ ᠰᠢᠨᠵᠢᠯᠡᠭᠡᠨ ᠤ ᠴᠡᠴᠡᠷᠯᠢᠭ ᠤᠨ ᠭᠠᠵᠠᠷ ᠰᠢᠨᠵᠢᠯᠡᠭᠡᠨ ᠤ ᠭᠠᠶ ᠭᠠᠮᠰᠢᠭ ᠢ ᠰᠡᠷᠭᠡᠶᠢᠯᠡᠨ ᠵᠠᠰᠠᠬᠤ ᠠᠵᠢᠯ ᠢ ᠬᠠᠮᠲᠤᠪᠠᠷ ᠰᠠᠶᠢᠲᠤᠷ ᠬᠢᠵᠦ᠂ ᠭᠠᠵᠠᠷ ᠰᠢᠨᠵᠢᠯᠡᠭᠡᠨ ᠤ ᠭᠠᠶ ᠭᠠᠮᠰᠢᠭ ᠤᠨ ᠳᠠᠯᠳᠠ ᠬᠡᠮ ᠢ ᠴᠠᠭ ᠲᠤᠬᠠᠶ ᠳᠤᠨᠢ ᠤᠷᠢᠳᠴᠢᠯᠠᠨ ᠵᠢᠱᠢᠬᠦ᠂ ᠤᠷᠢᠳᠴᠢᠯᠠᠨ ᠰᠡᠷᠡᠮᠵᠢᠯᠡᠭᠦᠯᠬᠦ᠂ ᠤᠷᠢᠳᠴᠢᠯᠠᠨ ᠮᠡᠳᠡᠭᠡᠯᠡᠬᠦ ᠬᠡᠷᠡᠭᠲᠡᠶ︔ ᠪᠠᠶᠢᠭᠤᠯᠵᠤ ᠪᠠᠶᠢᠭ᠎ᠠ ᠪᠠᠷᠢᠯᠭ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠭᠠᠵᠠᠷ ᠰᠢᠨᠵᠢᠯᠡᠭᠡᠨ ᠤ ᠭᠠᠶ ᠭᠠᠮᠰᠢᠭ ᠢ ᠡᠭᠦᠰᠭᠡᠵᠦ ᠮᠡᠳᠡᠬᠦ ᠪᠠᠷᠢᠯᠭ᠎ᠠ ᠳᠤ ᠬᠠᠶᠢᠨ ᠪᠠᠶᠢᠴᠠᠭᠠᠬᠤ᠂ ᠵᠢᠷᠤᠵᠤ ᠲᠥᠯᠥᠪᠯᠡᠬᠦ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ ᠨᠢᠭᠡᠴᠢ ᠶᠢ ᠰᠢᠪᠠᠳᠠᠵᠤ ᠪᠠᠶᠢᠭᠠᠳ ᠤᠷᠢᠳᠴᠢᠯᠠᠨ ᠰᠡᠷᠭᠡᠶᠢᠯᠡᠵᠦ ᠵᠠᠰᠠᠬᠤ ᠠᠷᠭ᠎ᠠ ᠬᠡᠮᠵᠢᠶ᠎ᠡ ᠠᠪᠤᠭᠤᠯᠬᠤ ᠬᠡᠷᠡᠭᠲᠡᠶ︔ ᠭᠠᠵᠠᠷ ᠤᠨ ᠭᠠᠶ ᠭᠠᠮᠰᠢᠭ ᠢ ᠬᠢᠨᠠᠨ ᠬᠡᠮᠵᠢᠭᠰᠡᠨ ᠮᠡᠳᠡᠭᠡ ᠵᠠᠩᠭᠢ ᠶᠢ ᠬᠠᠷᠢᠯᠴᠠᠨ ᠨᠡᠪᠲᠡᠷᠡᠭᠦᠯᠵᠦ᠂ ᠮᠠᠲ᠋ᠧᠷᠢᠶᠠᠯ ᠢ ᠬᠠᠮᠲᠤ ᠪᠠᠷ ᠡᠳ᠋ᠯᠡᠬᠦ ᠶᠢ ᠪᠡᠶᠡᠯᠡᠭᠦᠯᠦᠨ᠎ᠡ︔ ᠪᠠᠶᠢᠭᠠᠯᠢ ᠶᠢᠨ ᠡᠬᠢ ᠪᠠᠶᠠᠯᠢᠭ᠂ ᠴᠠᠭ ᠠᠭᠤᠷ ᠤᠨ ᠰᠠᠯᠠᠭ᠎ᠠ ᠮᠥᠴᠢᠷ ᠤᠳ ᠦᠶᠡᠷ ᠤᠨ ᠬᠤᠭᠤᠴᠠᠭᠠᠨ ᠤ ᠭᠠᠵᠠᠷ ᠤᠨ ᠭᠠᠶ ᠭᠠᠮᠰᠢᠭ ᠤᠨ ᠴᠠᠭ ᠠᠭᠤᠷ ᠢ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠠᠵᠢᠯ ᠤᠨ ᠲᠣᠭᠲᠠᠴᠠ ᠶᠢ ᠪᠠᠶᠢᠭᠤᠯᠤᠨ ᠪᠥᠷᠢᠨᠰᠢᠬᠦᠯᠵᠤ ᠂  ᠷᠠᠳᠢᠤ᠋ ᠨᠡᠪᠲᠡᠷᠡᠭᠦᠯᠭᠡ᠂ ᠲᠧᠯᠸᠢᠰ᠂ ᠰᠦᠯᠵᠢᠶ᠎ᠡ᠂ ᠭᠠᠷ ᠤᠲᠠᠰᠤᠨ ᠤ ᠣᠬᠤᠷ ᠮᠡᠳᠡᠭᠡ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠦᠶᠡᠷ ᠤᠨ ᠬᠤᠭᠤᠴᠠᠭᠠᠨ ᠤ ᠭᠠᠵᠠᠷ ᠤᠨ ᠭᠠᠶ ᠭᠠᠮᠰᠢᠭ ᠤᠨ ᠴᠠᠭ ᠠᠭᠤᠷ ᠢ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠶᠢ ᠴᠠᠭ ᠲᠤᠬᠠᠶ ᠲᠤᠨᠢ ᠨᠡᠶᠢᠲᠡᠯᠡᠬᠦ ᠬᠡᠷᠡᠭᠲᠡᠶ᠃       ︵ᠭᠤᠷᠪᠠ︶ ᠤᠬᠠᠭᠤᠯᠭ᠎ᠠ ᠬᠥᠮᠦᠵᠢᠯ ᠢ ᠴᠢᠩᠭᠠᠷᠠᠭᠤᠯᠤᠨ᠎ᠠ᠃ ᠡᠯ᠎ᠡ ᠰᠤᠮᠤ ᠰᠢᠶᠠᠩ ᠪᠠᠯᠭᠠᠰᠤ ︵ᠬᠦᠷᠢᠶᠡᠯᠡᠩ ᠲᠣᠭᠤᠷᠢᠭ︶᠂ ᠬᠤᠯᠪᠣᠭᠳᠠᠯ ᠪᠥᠬᠦᠶ ᠨᠢᠭᠡᠴᠡ ᠨᠦᠭᠦᠳ ᠭᠠᠵᠠᠷ ᠤᠨ ᠭᠠᠶ ᠭᠠᠮᠰᠢᠭ ᠢ ᠰᠡᠷᠭᠡᠶᠢᠯᠡᠨ ᠵᠠᠰᠠᠬᠤ ᠮᠡᠳᠡᠯᠭᠡ ᠶᠢᠨ ᠤᠬᠠᠭᠤᠯᠭ᠎ᠠ ᠬᠥᠮᠦᠵᠢᠯ ᠢ ᠦᠷᠭᠦᠯᠵᠢᠯᠡᠨ ᠭᠦᠨᠵᠡᠭᠡᠶ ᠥᠷᠨᠢᠭᠦᠯᠵᠦ᠂ ᠥᠷᠭᠡᠨ ᠣᠯᠠᠨ ᠺᠠᠳ᠋ᠷ ᠣᠯᠠᠨ ᠲᠦᠮᠡᠨ ᠤ ᠭᠠᠵᠠᠷ ᠤᠨ ᠭᠠᠶ ᠭᠠᠮᠰᠢᠭ ᠢ ᠰᠡᠷᠭᠡᠶᠢᠯᠡᠨ ᠵᠠᠰᠠᠬᠤ ᠦᠵᠡᠯ ᠤᠬᠠᠮᠰᠠᠷ ᠢ ᠨᠡᠮᠡᠭᠳᠡᠭᠦᠯᠦᠨ᠂ ᠥᠪᠡᠷ ᠢ ᠪᠠᠨ ᠠᠪᠤᠷᠬᠠᠤ ᠬᠠᠷᠢᠯᠴᠠᠨ ᠠᠪᠤᠷᠬᠠᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ ᠭᠠᠵᠠᠷ ᠤᠨ ᠭᠠᠮᠰᠢᠭ ᠤᠨ ᠰᠦᠷᠳᠡᠭᠦᠯᠦᠯ ᠳᠤ ᠬᠦᠨᠳᠦ ᠨᠣᠴᠢᠲᠠᠶ ᠤᠴᠠᠷᠠᠭᠰᠠᠨ ᠰᠤᠮᠤ ᠰᠢᠶᠠᠩ ᠪᠠᠯᠭᠠᠰᠤ ︵ᠬᠦᠷᠢᠶᠡᠯᠡᠩ ᠲᠣᠭᠤᠷᠢᠭ︶ ᠨᠢ ᠭᠠᠮᠰᠢᠭ ᠢ ᠰᠡᠷᠭᠡᠶᠢᠯᠡᠬᠦ ᠬᠠᠷᠢᠭᠤᠴᠠᠯᠭ᠎ᠠ ᠶᠢᠨ ᠲᠦᠷᠢᠮ ᠢ ᠱᠠᠲᠤ ᠳᠠᠷᠠᠭᠠᠯᠠᠨ ᠪᠠᠶᠢᠭᠤᠯᠤᠨ ᠪᠦᠷᠢᠨᠰᠢᠬᠦᠯᠵᠦ᠂ ᠰᠡᠷᠭᠡᠶᠢᠯᠡᠨ ᠵᠠᠰᠠᠬᠤ ᠬᠠᠷᠢᠭᠤᠴᠠᠯᠭ᠎ᠠ ᠶᠢ ᠱᠠᠲᠤ ᠱᠠᠲᠤ ᠪᠠᠷ ᠨᠠᠶᠢᠳᠠᠪᠤᠷᠢᠵᠢᠭᠤᠯᠬᠤ ᠶᠢᠨ ᠬᠠᠮᠲᠤ᠂ ᠬᠤᠯᠪᠣᠭᠳᠠᠯ ᠪᠥᠬᠦᠶ ᠬᠥᠮᠦᠰ ᠲᠤ ᠴᠢᠬᠤᠯᠠ ᠪᠥᠬᠦᠶ ᠪᠣᠯᠪᠠᠰᠤᠷᠠᠭᠤᠯᠤᠯ ᠬᠢᠬᠦ ᠬᠡᠷᠡᠭᠲᠡᠶ᠃ ᠡᠭᠦᠨ ᠤ ᠵᠡᠷᠭᠡᠴᠡᠪᠡᠷ ᠭᠠᠵᠠᠷ ᠤᠨ ᠭᠠᠮᠰᠢᠭ ᠢ ᠤᠯᠠᠨ ᠢᠶᠠᠷ ᠢᠶᠠᠨ ᠬᠡᠮᠵᠢᠵᠦ ᠤᠯᠠᠨ ᠢᠶᠠᠷ ᠢᠶᠠᠨ ᠰᠡᠷᠭᠡᠶᠢᠯᠡᠬᠦ ᠪᠥᠳᠥᠭᠡᠨ ᠪᠠᠶᠢᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠬᠤᠰᠢᠭᠤ᠂ ᠰᠢᠶᠠᠩ ᠪᠠᠯᠭᠠᠰᠤ᠂ ᠲᠣᠰᠬᠤᠨ ᠭᠤᠷᠪᠠᠨ ᠱᠠᠲᠤᠨ ᠤ ᠬᠢᠨᠠᠨ ᠬᠡᠮᠵᠢᠯᠲᠡ ᠶᠢᠨ ᠮᠡᠳᠡᠭᠡ ᠵᠠᠩᠭᠢ ᠶᠢ ᠬᠠᠷᠢᠭᠤ ᠲᠤᠰᠬᠠᠬᠤ ᠰᠢᠰᠲ᠋ᠧᠮᠵᠢ ᠶᠢ ᠠᠯᠬᠤᠮ ᠠᠯᠬᠤᠮ ᠢᠶᠠᠷ ᠪᠠᠶᠢᠭᠤᠯᠤᠨ ᠲᠡᠭᠦᠯᠳᠡᠷᠵᠢᠭᠦᠯᠵᠦ᠂ ᠭᠠᠵᠠᠷ ᠤᠨ ᠭᠠᠮᠰᠢᠭ ᠢ ᠰᠡᠷᠭᠡᠶᠢᠯᠡᠬᠦ ᠪᠡᠯᠡᠳᠬᠡᠯ ᠲᠥᠰᠦᠯ ᠤᠨ ᠰᠣᠷᠢᠯᠲᠠ ᠶᠢ ᠴᠢᠩᠭᠠᠳᠬᠠᠨ᠂ ᠤᠯᠠᠨ ᠲᠦᠮᠡᠨ ᠤ ᠭᠠᠵᠠᠷ ᠤᠨ ᠭᠠᠮᠰᠢᠭ ᠢ ᠢᠯᠭᠠᠨ ᠲᠠᠨᠢᠬᠤ᠂ ᠵᠠᠶᠢᠯᠠᠬᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠨᠡᠮᠡᠭᠳᠡᠭᠦᠯᠵᠦ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃      ︵ᠳᠥᠷᠪᠡ︶ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭᠠᠷᠠᠭᠤᠯᠤᠨ᠎ᠠ᠃ ᠪᠠᠴᠢᠮ ᠪᠠᠶᠢᠳᠠᠯ ᠢ ᠠᠷᠭᠠᠴᠠᠬᠤ᠂ ᠪᠠᠶᠢᠭᠠᠯᠢ ᠶᠢᠨ ᠡᠬᠢ ᠪᠠᠶᠠᠯᠢᠭ᠂ ᠤᠰᠤᠨ ᠠᠰᠢᠭᠯᠠᠯᠲᠠ᠂ ᠵᠠᠮ ᠬᠠᠷᠢᠯᠴᠠᠭ᠎ᠠ ᠵᠡᠷᠭᠡ ᠰᠠᠯᠠᠭ᠎ᠠ ᠮᠥᠴᠢᠷ ᠤᠳ ᠭᠠᠵᠠᠷ ᠤᠨ ᠭᠠᠮᠰᠢᠭ ᠤᠨ ᠦᠶᠡᠷ ᠤᠨ ᠬᠤᠭᠤᠴᠠᠭ᠎ᠠ ᠠᠴᠠ ᠡᠮᠦᠨ᠎ᠡ ᠪᠠ ᠦᠶᠡᠷ ᠤᠨ ᠬᠤᠭᠤᠴᠠᠭᠠᠨ ᠤ ᠲᠦᠭᠰᠢᠭᠦᠷᠢᠲᠦ ᠪᠠᠶᠢᠳᠠᠯ ᠢ ᠲᠣᠭᠤᠷᠢᠨ ᠪᠠᠶᠢᠴᠠᠭᠠᠬᠤ᠂ ᠪᠠᠴᠢᠮ ᠪᠠᠶᠢᠳᠠᠯ ᠢ ᠠᠷᠭᠠᠴᠠᠬᠤ ᠪᠠᠶᠢᠴᠠᠭᠠᠯᠲᠠ ᠬᠢᠬᠦ ᠪᠠ ᠭᠠᠮᠰᠢᠭ ᠤᠨ ᠪᠠᠶᠢᠳᠠᠯ ᠢ ᠲᠦᠷᠭᠡᠨ ᠮᠡᠳᠡᠭᠦᠯᠬᠦ ᠵᠡᠷᠭᠡ ᠲᠥᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠴᠢᠮᠡᠭᠡ ᠨᠡᠪᠲᠡᠷᠡᠯᠭᠡ ᠶᠢᠨ ᠰᠠᠭᠠᠳ ᠥᠭᠡᠢ ᠨᠡᠪᠲᠡᠷᠡᠬᠦ ᠶᠢ ᠴᠠᠭ ᠲᠤᠬᠠᠶ ᠲᠤᠨᠢ ᠪᠠᠲᠤᠯᠠᠬᠤ ᠬᠡᠷᠡᠭᠲᠡᠶ᠃ ᠭᠠᠮᠰᠢᠭ ᠤᠨ ᠪᠠᠶᠢᠳᠠᠯ ᠭᠠᠷᠤᠮᠠᠭᠴᠠ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠲᠡᠷᠡ ᠳᠠᠷᠤᠶ ᠳᠤᠨᠢ ᠡᠬᠢᠯᠡᠨ ᠬᠡᠷᠡᠭᠵᠢᠭᠦᠯᠵᠦ᠂ ᠲᠤᠬᠠᠶ ᠶᠢᠨ ᠲᠠᠯᠠᠪᠤᠷ ᠲᠤ ᠦᠳᠲᠡᠷ ᠲᠦᠷᠭᠡᠨ ᠬᠦᠷᠴᠦ᠂ ᠠᠶᠤᠯ ᠭᠠᠮᠰᠢᠭ ᠠᠴᠠ ᠠᠪᠤᠷᠠᠬᠤ ᠠᠵᠢᠯ ᠢ ᠥᠷᠨᠢᠭᠦᠯᠬᠦ ᠬᠡᠷᠡᠭᠲᠡᠶ᠃ ᠭᠠᠮᠰᠢᠭ ᠤᠨ ᠠᠶᠤᠯ ᠤᠨ ᠪᠠᠶᠢᠳᠠᠯ ᠢ ᠣᠯᠵᠤ ᠮᠡᠳᠡᠪᠡᠯ᠂ ᠪᠠᠴᠢᠮ ᠪᠠᠶᠢᠳᠠᠯ ᠢ ᠠᠷᠭᠠᠴᠠᠬᠤ ᠪᠠᠶᠢᠴᠠᠭᠠᠯᠲᠠ ᠶᠢ ᠳᠠᠷᠤᠶ ᠲᠦᠷᠭᠡᠨ ᠵᠣᠬᠢᠶᠠᠨ ᠪᠠᠶᠢᠭᠤᠯᠵᠤ᠂ ᠠᠶᠤᠯ ᠤᠨ ᠪᠠᠶᠢᠳᠠᠯ ᠢ ᠨᠤᠲᠠᠯᠠᠵᠤ᠂ ᠵᠠᠶᠢᠯᠠᠬᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠳᠠᠷᠤᠶ ᠲᠦᠷᠭᠡᠨ ᠠᠪᠬᠤ ᠬᠡᠷᠡᠭᠲᠡᠶ᠃ ᠭᠠᠵᠠᠷ ᠤᠨ ᠭᠠᠶ ᠭᠠᠮᠰᠢᠭ ᠤᠨ ᠪᠠᠶᠢᠳᠠᠯ᠂ ᠠᠶᠤᠯ ᠲᠦᠭᠰᠢᠭᠦᠷᠢᠲᠦ ᠪᠠᠶᠢᠳᠠᠯ ᠭᠠᠷᠪᠠᠯ᠂ ᠲᠡᠷᠡ ᠳᠠᠷᠤᠶ ᠳᠤᠨᠢ ᠰᠢᠢᠳᠪᠦᠷᠢᠯᠡᠬᠦ ᠶᠢᠨ ᠬᠠᠮᠲᠤ ᠭᠠᠵᠠᠷ ᠤᠨ ᠭᠠᠶ ᠭᠠᠮᠰᠢᠭ ᠢ ᠲᠦᠷᠭᠡᠨ ᠮᠡᠳᠡᠭᠦᠯᠬᠦ ᠲᠦᠷᠢᠮ ᠤᠨ ᠶᠣᠰᠣᠭᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠳᠠᠷᠤᠶ ᠲᠦᠷᠭᠡᠨ ᠮᠡᠳᠡᠭᠦᠯᠬᠦ ᠬᠡᠷᠡᠭᠲᠡᠶ᠃       ᠵᠣᠬᠢᠶ᠋ᠬᠠᠴᠢ᠄  ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ ᠠᠷᠠᠳ ᠤᠨ ᠵᠠᠰᠠᠭ ᠤᠨ ᠣᠷᠳᠣᠨ      ᠣᠷᠴᠢᠭᠤᠯᠣᠨᠨᠴᠢ᠄  ᠭᠧ ᠲᠣᠸᠠᠨ ᠯᠢᠶᠡᠨ      
 
ᠢᠷᠡᠯᠲᠡ᠄ ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号