︽ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2023/6/15
             ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠦᠢᠳᠡᠨᠰᠢᠯᠢ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠨᠢᠭᠡᠴᠡ ᠳᠤ᠄      ︽ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠠᠷᠭ᠎ᠠ︾ ᠶᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠲᠣᠭᠤᠰᠢᠯᠠᠭᠤᠯᠵᠦ ᠨᠠᠶᠢᠳᠠᠪᠦᠷᠢᠵᠢᠭᠤᠯᠳᠣᠭᠠᠢ᠃                            2023 ᠣᠨ ᠤ 5 ᠰᠠᠷ᠎ᠠ ᠶᠢᠨ 9 ᠤ ᠡᠳᠦᠷ            ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠠᠷᠭ᠎ᠠ      ᠨᠢᠭᠡ᠂ ᠨᠡᠶᠢᠲᠡᠯᠡᠭᠰᠡᠨ ᠠᠬᠤᠶ ᠪᠠᠶᠢᠳᠠᠯ      ︵ᠨᠢᠭᠡ︶ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠬᠤ ᠪᠣᠯ ᠶᠡᠷᠦᠩᠬᠡᠶ ᠱᠦᠵᠢ ᠰᠢ ᠶᠢᠨ ᠫᠢᠩ ᠤᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠶᠡᠷᠦᠩᠬᠡᠶ ᠱᠦᠵᠢ ᠰᠢ ᠶᠢᠨ ᠫᠢᠩ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠡᠷᠡᠭᠦᠯ ᠬᠠᠮᠠᠭᠠᠯᠠᠯ ᠤᠨ ᠡᠪᠡᠳᠴᠢᠨ ᠢ ᠰᠡᠷᠭᠡᠶᠢᠯᠡᠬᠦ ᠠᠵᠢᠯ ᠤᠨ ᠠᠮᠵᠢᠯᠲᠠ ᠲᠠᠢ ᠦᠢᠯᠡᠳᠦᠯᠭᠡ ᠳᠤ ᠬᠡᠷᠡᠭᠯᠡᠬᠦ ᠬᠡᠷᠡᠭᠲᠡᠶ ᠭᠡᠵᠦ ᠣᠯᠠᠨᠲᠠ ᠵᠢᠭᠠᠵᠤ ᠭᠠᠷᠭᠠᠪᠠ᠂ ᠢᠯᠠᠩᠭᠤᠶ᠎ᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠰᠢ᠂ ᠨᠠᠩ ᠴᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠶ ᠥᠷᠨᠢᠭᠦᠯᠬᠦ ᠶᠢ ᠴᠢᠬᠤᠯᠠᠴᠢᠯᠠᠵᠤ ᠪᠠᠶᠢᠨ᠎ᠠ᠂ 2022 ᠣᠨ ᠤ 12 ᠰᠠᠷ᠎ᠠ ᠶᠢᠨ 26 ᠤ ᠡᠳᠦᠷ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠥᠷᠨᠢᠭᠦᠯᠦᠭᠰᠡᠨ 70 ᠵᠢᠯ ᠤᠨ ᠤᠢ ᠶᠢᠨ ᠲᠠᠰᠢᠷᠠᠮ ᠳᠤ ᠪᠠᠰᠠ ᠴᠢᠬᠤᠯᠠ ᠴᠣᠬᠤᠯᠠᠪᠤᠷᠢ ᠥᠭᠴᠦ ᠴᠢᠬᠤᠯᠠᠴᠢᠯᠠᠭᠰᠠᠨ ᠨᠢ᠄ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠨᠠᠩ ᠬᠠᠨᠳᠤᠯᠭᠠᠲᠤ ᠴᠢᠨᠠᠷᠲᠠᠶ ᠪᠠᠷ ᠥᠷᠨᠢᠭᠦᠯᠵᠦ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠦᠨᠡᠨ ᠬᠦ ᠪᠠᠲᠤᠯᠠᠬᠤ ᠬᠡᠷᠡᠭᠲᠡᠶ᠃ 2020 ᠣᠨ ᠤ 11 ᠰᠠᠷ᠎ᠠ ᠳᠤ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠳᠠᠷᠤᠮᠠᠯᠯᠠᠨ ᠲᠠᠷᠬᠠᠭᠠᠪᠠ᠃      ︵ᠬᠤᠶᠠᠷ︶ 70 ᠵᠢᠯ ᠤᠨ ᠲᠤᠷᠰᠢ᠂ ᠨᠠᠮ ᠤᠨ ᠤᠳᠤᠷᠢᠳᠤᠯᠭ᠎ᠠ ᠳᠣᠣᠷ᠎ᠠ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠨᠢ ᠠᠷᠠᠳ ᠲᠦᠮᠡᠨ ᠤ ᠡᠷᠡᠭᠦᠯ ᠮᠡᠨᠳᠦ ᠪᠠᠷ ᠭᠤᠣᠯ ᠪᠣᠯᠭᠠᠬᠤ ᠶᠢ ᠪᠠᠷᠢᠮᠲᠠᠯᠠᠵᠤ ᠂ ᠰᠡᠷᠭᠡᠶᠢᠯᠡᠬᠦ ᠪᠠᠷ ᠭᠤᠣᠯ ᠪᠣᠯᠭᠠᠬᠤ ᠶᠢ ᠪᠠᠷᠢᠮᠲᠠᠯᠠᠵᠤ᠂ ᠬᠤᠳᠠ ᠬᠥᠳᠡᠭᠡ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠳᠦᠷᠰᠦ ᠪᠠᠶᠢᠳᠠᠯ ᠢ ᠬᠤᠪᠢᠷᠠᠭᠤᠯᠬᠤ᠂ ᠬᠦᠨᠳᠦ ᠶᠡᠭᠡ ᠬᠠᠯᠳᠠᠪᠤᠷᠢᠲᠤ ᠡᠪᠡᠳᠴᠢᠨ ᠤ ᠬᠢᠵᠢᠭ ᠤᠨ ᠪᠠᠶᠢᠳᠠᠯ ᠢ ᠪᠦᠲᠦᠮᠵᠢᠲᠡᠢ ᠠᠷᠭᠠᠴᠠᠬᠤ᠂ ᠨᠡᠶᠢᠭᠡᠮ ᠤᠨ ᠡᠷᠡᠭᠦᠯ ᠮᠡᠨᠳᠦ ᠶᠢᠨ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠬᠦ ᠳᠤ ᠴᠢᠬᠤᠯᠠ ᠦᠢᠯᠡᠳᠦᠯ ᠦᠵᠡᠭᠦᠯᠪᠡ᠃ ᠤᠯᠤᠰ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ ᠶᠢ ᠲᠤᠰᠬᠠᠶᠢᠯᠠᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠶ ᠥᠷᠨᠢᠭᠦᠯᠬᠦ ᠲᠤᠬᠠᠶ ᠲᠣᠭᠲᠠᠭᠠᠯ ᠭᠠᠷᠭᠠᠵᠤ᠂ ᠰᠢᠨ᠎ᠡ ᠴᠠᠭ ᠦᠶ᠎ᠡ ᠶᠢᠨ ᠠᠷᠠᠳ ᠲᠦᠮᠡᠨ ᠡᠷᠡᠭᠦᠯ ᠮᠡᠨᠳᠦ ᠳᠤ ᠰᠢᠨ᠎ᠡ ᠨᠠᠩ ᠥᠨᠳᠥᠷ ᠱᠠᠭᠠᠷᠳᠠᠯᠭ᠎ᠠ ᠲᠠᠢ ᠪᠣᠯᠵᠠᠶ᠃ ᠨᠥᠭᠦᠭᠡ ᠲᠠᠯ᠎ᠠ ᠪᠠᠷ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠳᠤ ᠪᠠᠰᠠ ᠵᠠᠷᠢᠮ ᠪᠠᠭᠤᠷᠠᠶ ᠲᠠᠯ᠎ᠠ ᠣᠷᠣᠰᠢᠵᠤ᠂ ᠵᠢᠱᠢᠶᠡᠯᠡᠪᠡᠯ ᠬᠡᠰᠡᠭ ᠣᠯᠠᠨ ᠲᠦᠮᠡᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠤᠬᠠᠮᠰᠠᠷ ᠴᠢᠩᠭ᠎ᠠ ᠪᠤᠰᠤ᠂ ᠡᠷᠡᠭᠦᠯ ᠬᠠᠮᠠᠭᠠᠯᠠᠯ ᠤᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠳᠤ ᠪᠠᠭᠤᠷᠠᠶ ᠲᠠᠯ᠎ᠠ ᠣᠷᠣᠰᠢᠵᠤ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠴᠢᠩᠭᠠᠳᠬᠠᠬᠤ ᠴᠢᠬᠤᠯᠠᠲᠠᠶ ᠵᠡᠷᠭᠡ ᠵᠦᠢᠯ ᠣᠷᠣᠰᠢᠵᠤ ᠪᠠᠶᠢᠨ᠎ᠠ᠃ ᠰᠢᠨ᠎ᠡ ᠪᠠᠶᠢᠳᠠᠯ ᠳᠣᠤᠷᠠᠬᠢ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠤᠨ ᠬᠡᠷᠡᠭᠴᠡᠭᠡ ᠳᠤ ᠵᠣᠬᠢᠴᠠᠭᠤᠯᠬᠤ ᠶᠢᠨ ᠲᠥᠯᠥᠭᠡ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠤᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠬᠤ ᠳᠤ ︽ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠠᠷᠭ᠎ᠠ︾ ᠶᠢ ᠲᠣᠭᠲᠠᠭᠠᠵᠤ  ᠪᠠᠳᠣᠯᠭ᠎ᠠ ᠬᠠᠩᠭᠠᠬᠤ ᠴᠢᠬᠤᠯᠠᠲᠠᠶ᠃       ᠬᠤᠶᠠᠷ᠂ ᠲᠣᠭᠲᠠᠭᠠᠭᠰᠠᠨ ᠦᠨᠳᠦᠰᠦᠯᠡᠯ       ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠡᠮ ᠡᠮᠨᠡᠯᠭᠡ ᠡᠷᠡᠭᠦᠯ ᠬᠠᠮᠠᠭᠠᠯᠠᠯ ᠬᠢᠭᠡᠳ ᠡᠷᠡᠭᠦᠯ ᠮᠡᠨᠳᠦ ᠶᠢ ᠠᠬᠢᠭᠤᠯᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ︽︿ᠡᠷᠡᠭᠦᠯ ᠡᠩᠬᠡ ᠳᠤᠮᠳᠠᠳᠤ ᠤᠯᠤᠰ 2030﹀ ᠶᠢᠨ ᠲᠥᠯᠥᠪᠵᠢᠭᠦᠯᠭᠡ ᠶᠢᠨ ᠬᠥᠲᠥᠯᠪᠦᠷᠢ︾᠂ ︽ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠤᠨ ᠲᠦᠷᠢᠮ︾ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠢ ᠦᠨᠳᠦᠰᠦᠯᠡᠨ᠂ ᠲᠣᠰ ᠬᠤᠰᠢᠭᠤᠨ ᠤ ᠪᠣᠳᠠᠲᠠᠶ ᠲᠠᠢ ᠪᠠᠨ ᠤᠶᠠᠯᠳᠤᠭᠤᠯᠵᠤ᠂ ᠲᠣᠰ ᠲᠦᠷᠢᠮ ᠢ ᠲᠣᠭᠲᠠᠭᠠᠪᠠ᠃      ᠭᠤᠷᠪᠠ᠂ ᠭᠤᠣᠯ ᠠᠭᠤᠯᠭ᠎ᠠ      ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠠᠷᠭ᠎ᠠ ᠨᠡᠶᠢᠲᠡ ᠳᠣᠯᠣᠭᠠᠨ ᠪᠦᠯᠦᠭ ᠲᠠᠪᠢᠨ ᠬᠤᠶᠠᠷ ᠵᠤᠷᠪᠤᠰ᠃ ᠭᠤᠣᠯ ᠠᠭᠤᠯᠭ᠎ᠠ ᠨᠢ᠄      ᠨᠢᠭᠡᠳᠦᠭᠡᠷ ᠪᠦᠯᠦᠭ  ᠶᠡᠷᠦᠩᠬᠡᠢ ᠳᠦᠷᠢᠮ᠂ ᠨᠡᠶᠢᠲᠡ 11 ᠵᠤᠷᠪᠤᠰ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠠᠮᠢᠶᠠᠷᠣᠯᠳᠡ ᠶᠢᠨ ᠠᠷᠭ᠎ᠠ ᠶᠢ ᠲᠣᠨᠨᠳᠠᠭᠠᠨᠨᠰᠠᠨ ᠵᠣᠷᠢᠯᠭ᠎ᠠ᠂ ᠠᠵᠢᠯ ᠤᠨ ᠡᠭᠦᠷᠭᠡ ᠬᠠᠷᠢᠭᠤᠴᠠᠯᠭ᠎ᠠ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ᠂ ᠨᠡᠶᠢᠭᠡᠮ ᠤᠨ ᠬᠢᠨ ᠣᠷᠣᠯᠴᠠᠬᠤ᠂ ᠵᠠᠷᠤᠳᠠᠯ ᠤᠨ ᠪᠠᠲᠤᠯᠠᠭ᠎ᠠ ᠪᠠᠭᠲᠠᠨ᠎ᠠ᠃      ᠬᠤᠶᠠᠳᠤᠭᠠᠷ ᠪᠦᠯᠦᠭ  ᠣᠷᠴᠢᠨ ᠲᠣᠭᠤᠷᠢᠨ ᠤ ᠠᠷᠢᠭᠤᠨ ᠴᠡᠪᠡᠷ ᠢ ᠵᠠᠰᠠᠬᠤ᠂ ᠨᠡᠶᠢᠲᠡ 9 ᠵᠤᠷᠪᠤᠰ᠃ ᠰᠢᠶᠠᠩ ᠪᠠᠯᠭᠠᠰᠤᠨ ᠤ ᠣᠷᠴᠢᠨ ᠲᠣᠭᠤᠷᠢᠨ ᠤ ᠠᠷᠢᠭᠤᠨ ᠴᠡᠪᠡᠷ ᠢ ᠵᠠᠰᠠᠬᠤ ᠬᠠᠮᠢᠶ᠎ᠠ ᠪᠦᠬᠦᠢ ᠱᠠᠭᠠᠷᠳᠠᠯᠭ᠎ᠠ᠂ ᠣᠯᠠᠨ ᠨᠡᠶᠢᠲᠡ ᠶᠢᠨ ᠲᠠᠯᠠᠪᠤᠷ ᠤᠨ ᠱᠠᠭᠠᠷᠳᠠᠯᠭ᠎ᠠ ᠶᠢ ᠵᠢᠷᠤᠮᠵᠢᠭᠤᠯᠵᠤ᠂ ᠣᠷᠴᠢᠨ ᠲᠣᠭᠤᠷᠢᠨ ᠤ ᠠᠷᠢᠭᠤᠨ ᠴᠡᠪᠡᠷ ᠢ ᠶᠡᠷᠦᠩᠬᠡᠶᠢᠯᠡᠨ ᠵᠠᠰᠠᠬᠤ ᠪᠠᠨ ᠬᠠᠮᠢᠶ᠎ᠠ ᠪᠦᠬᠦᠢ ᠰᠠᠭᠤᠷᠢ ᠳᠦᠬᠦᠭᠡᠷᠥᠮᠵᠢ ᠶᠢᠨ ᠪᠠᠶᠢᠭᠤᠯᠤᠯᠲᠠ ᠶᠢ  ᠴᠢᠩᠭᠠᠳᠬᠠᠨ᠎ᠠ᠃    ᠭᠤᠷᠪᠠᠳᠤᠭᠠᠷ ᠪᠦᠯᠦᠭ   ᠡᠪᠠᠣᠠᠴᠢᠠ ᠢ ᠣᠷᠢᠳᠴᠢᠯᠠᠨ ᠰᠡᠷᠭᠡᠶᠢᠯᠡᠨ ᠬᠢᠵᠠᠭᠠᠷᠯᠠᠬᠤ᠂ ᠨᠡᠶᠢᠳᠡ 9 ᠵᠤᠷᠪᠤᠰ᠃ ᠡᠪᠠᠣᠠᠴᠢᠠ ᠤ ᠵᠠᠭᠤᠴᠢ ᠠᠮᠢᠲᠤ ᠪᠤᠳᠠᠰ ᠢ ᠣᠷᠢᠳᠴᠢᠯᠠᠨ ᠰᠡᠷᠭᠡᠶᠢᠯᠡᠬᠦ ᠬᠠᠷᠢᠭᠤᠴᠠᠯᠭ᠎ᠠ ᠶᠢ ᠲᠤᠲᠤᠷᠬᠠᠶᠢᠯᠠᠪᠠ︔ ᠡᠪᠠᠣᠠᠴᠢᠠ ᠤ ᠵᠠᠭᠤᠴᠢ ᠠᠮᠢᠲᠤ ᠪᠤᠳᠠᠰ ᠲᠠᠷᠬᠠᠭᠠᠬᠤ ᠶᠢ ᠰᠡᠷᠬᠡᠶᠢᠯᠡᠬᠦ ᠠᠷᠭ᠎ᠠ ᠬᠡᠮᠵᠢᠶ᠎ᠡ ᠶᠢ ᠲᠦᠷᠢᠮᠵᠢᠬᠦᠯᠦᠨ᠎ᠠ︔ ᠡᠪᠠᠣᠠᠴᠢᠠ ᠤ ᠵᠠᠭᠤᠴᠢ ᠠᠮᠢᠲᠤ ᠪᠤᠳᠠᠰ ᠢ ᠰᠡᠷᠬᠡᠶᠢᠯᠡᠬᠦ ᠲᠤᠰᠬᠠᠢ ᠦᠢᠯᠡᠴᠢᠯᠡᠬᠡᠨ ᠤ ᠪᠠᠶᠢᠭᠤᠯᠤᠮᠵᠢ ᠵᠢᠴᠢ ᠰᠡᠷᠬᠡᠶᠢᠯᠡᠬᠦ ᠦᠢᠯᠡ ᠠᠵᠢᠯᠯᠠᠭ᠎ᠠ ᠶᠢ ᠲᠦᠷᠢᠮᠵᠢᠬᠦᠯᠦᠨ᠎ᠡ᠃      ᠳᠥᠷᠪᠡᠳᠦᠭᠡᠷ ᠪᠦᠯᠦᠭ   ᠡᠷᠡᠭᠦᠯ ᠮᠡᠨᠳᠦ ᠶᠢ ᠠᠬᠢᠭᠤᠯᠬᠤ ᠪᠠ ᠰᠤᠷᠭᠠᠨ ᠬᠦᠮᠦᠵᠢᠭᠦᠯᠬᠦ᠂ ᠨᠡᠶᠢᠲᠡ 9 ᠵᠤᠷᠪᠤᠰ᠃ ᠡᠷᠡᠭᠦᠯ ᠮᠡᠨᠳᠦ ᠶᠢ ᠠᠬᠢᠭᠤᠯᠬᠤ ᠪᠠ ᠰᠤᠷᠭᠠᠨ ᠬᠥᠮᠦᠵᠢᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠤ ᠮᠡᠳᠡᠯᠭᠡ ᠶᠢ ᠲᠦᠭᠡᠮᠡᠯᠵᠢᠭᠦᠯᠦᠨ᠂ ᠬᠠᠮᠢᠶ᠎ᠠ ᠪᠥᠬᠦᠶ ᠰᠠᠭᠤᠷᠢ ᠪᠡᠯᠡᠳᠬᠡᠮᠵᠢ ᠶᠢ ᠪᠠᠶᠢᠭᠤᠯᠵᠤ᠂ ᠰᠤᠷᠭᠠᠭᠤᠯᠢ ᠨᠢ ᠡᠷᠡᠭᠦᠯ ᠮᠡᠨᠳᠦ ᠶᠢᠨ ᠬᠥᠮᠦᠵᠢᠯ ᠤᠨ ᠬᠢᠴᠢᠶᠡᠯ ᠨᠡᠭᠡᠭᠡᠬᠦ ᠶᠢᠨ ᠬᠠᠮᠲᠤ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠪᠠᠭᠰᠢ ᠶᠢ ᠳᠣᠭᠢᠷᠠᠭᠤᠯᠵᠤ᠂ ᠪᠠᠶᠢᠭᠤᠯᠭ᠎ᠠ ᠪᠦᠯᠬᠦᠮ ᠨᠢ ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠶᠢ ᠥᠷᠨᠢᠭᠦᠯᠵᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠣᠯᠪᠠᠰᠤᠨ ᠠᠵᠢᠯᠯᠠᠭ᠎ᠠ ᠶᠢ ᠵᠢᠷᠤᠮᠵᠢᠭᠤᠯᠤᠨ᠂ ᠲᠠᠮᠠᠬᠢ ᠲᠠᠲᠠᠬᠤ ᠶᠢ ᠬᠢᠵᠠᠭᠠᠷᠯᠠᠬᠤ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ᠎ᠠ᠃      ᠲᠠᠪᠤᠳᠤᠭᠠᠷ ᠪᠦᠯᠦᠭ   ᠬᠢᠨᠠᠯᠲᠠ ᠬᠠᠮᠢᠶᠠᠷᠤᠯᠲᠠ᠂ ᠨᠡᠶᠢᠲᠡ 7 ᠵᠦᠢᠯ᠃ ᠲᠤᠰᠬᠠᠢ ᠬᠢᠨᠠᠯᠲᠠ ᠲᠠᠯᠪᠢᠬᠤ᠂ ᠨᠡᠶᠢᠭᠡᠮ ᠤᠨ ᠬᠢᠨᠠᠯᠲᠠ ᠲᠠᠯᠪᠢᠬᠤ᠂ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠬᠤ ᠶᠢ ᠤᠶᠠᠯᠳᠤᠭᠤᠯᠤᠭᠰᠠᠨ ᠨᠡᠶᠢᠭᠡᠮ ᠤᠨ ᠬᠢᠨᠠᠯᠲᠠ ᠲᠠᠯᠪᠢᠬᠤ ᠳᠦᠷᠢᠮ ᠢ ᠬᠡᠷᠡᠭᠵᠢᠭᠦᠯᠦᠨ᠎ᠡ᠃      ᠵᠢᠷᠭᠤᠳᠤᠭᠠᠷ ᠪᠦᠯᠦᠭ   ᠬᠠᠤᠯᠢ ᠶᠢᠨ ᠬᠠᠷᠢᠭᠤᠴᠠᠯᠭ᠎ᠠ᠂ ᠨᠡᠶᠢᠲᠡ 6 ᠵᠦᠢᠯ᠃ ᠳᠦᠷᠢᠮ ᠲᠣᠭᠲᠠᠭᠠᠯ ᠠᠴᠠ ᠵᠥᠷᠢᠴᠡᠭᠰᠡᠨ ᠰᠢᠳᠬᠡᠯ ᠥᠭᠬᠦ ᠡᠷᠴᠢᠮ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ᠂ ᠦᠢᠯᠡ ᠠᠵᠢᠯᠯᠠᠭ᠎ᠠ ᠪᠠᠨ ᠵᠢᠷᠣᠮᠵᠢᠭᠤᠯᠣᠨ᠎ᠠ᠃      ᠳᠣᠯᠣᠳᠤᠭᠠᠷ ᠪᠦᠯᠦᠭ  ᠳᠠᠭᠠᠯᠳᠤᠭᠤᠯᠤᠭᠰᠠᠨ ᠲᠦᠷᠢᠮ᠂ ᠨᠡᠶᠢᠲᠡ 1 ᠵᠤᠷᠪᠤᠰ᠃ ᠲᠤᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃                    ᠵᠣᠬᠢᠶ᠋ᠬᠠᠴᠢ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ           ᠣᠷᠴᠢᠭᠤᠯᠣᠨᠨᠴᠢ᠄  ᠭᠧ ᠲᠣᠸᠠᠨ ᠯᠢᠶᠡᠨ      
 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号