ᠬᠦᠮᠦᠨ ᠮᠠᠯ ᠳᠤ ᠬᠠᠮᠲᠤ ᠪᠠᠷ ᠬᠠᠯᠳᠠᠪᠤᠷᠢᠯᠠᠬᠤ ᠡᠪᠡᠳᠴᠢᠨ ᠭᠡᠳᠡᠭ ᠨᠢ ᠰᠡᠭᠡᠷᠲᠡᠨ ᠪᠠ ᠬᠥᠮᠥᠨ | ᠲᠥᠷᠥᠯᠬᠢᠲᠡᠨ ᠤ ᠬᠤᠭᠤᠷᠣᠨᠳᠤ ᠠᠶᠠᠨᠳᠠᠭᠠᠨ ᠳᠠᠮᠵᠢᠨ ᠳᠡᠯᠭᠡᠷᠡᠳᠡᠭ ᠡᠪᠡᠳᠴᠢᠨ ᠬᠢᠵᠢᠭ ᠤᠨ ᠬᠠᠯᠳᠠᠪᠤᠷᠢᠯᠠᠯ ᠢ | ᠬᠡᠯᠡᠵᠦ ᠪᠠᠶᠢᠨ᠎ᠠ᠃ ᠣᠳᠣᠬᠠᠨ ᠳᠤ ᠮᠡᠳᠡᠵᠤ ᠪᠠᠶᠢᠭ᠎ᠠ 200 ᠭᠠᠷᠤᠢ ᠵᠦᠢᠯ ᠤᠨ ᠠᠮᠢᠳᠠᠨ ᠤ ᠬᠠᠯᠳᠠᠪᠤᠷᠢᠳᠤ | ᠡᠪᠡᠳᠴᠢᠨ ᠪᠠ 100 ᠭᠠᠷᠤᠢ ᠵᠦᠢᠯ ᠤᠨ ᠮᠥᠯᠵᠢᠭᠦᠷ ᠬᠤᠷᠣᠬᠠᠢ ᠶᠢᠨ ᠡᠪᠡᠳᠴᠢᠨ ᠠᠴᠠ ᠪᠠᠭ᠎ᠠ ᠳᠠᠭᠠᠨ 190 | ᠭᠠᠷᠤᠢ ᠵᠦᠢᠯ ᠨᠢ ᠬᠥᠮᠥᠨ ᠳᠤ ᠬᠠᠯᠳᠠᠪᠤᠷᠢᠯᠠᠵᠤ ᠪᠠᠶᠢᠳᠠᠭ᠃ | ︵ᠨᠢᠭᠡ︶ ᠬᠥᠮᠥᠨ ᠮᠠᠯ ᠬᠠᠮᠲᠤ ᠬᠠᠯᠳᠠᠪᠤᠷᠢᠯᠠᠬᠤ ᠡᠪᠡᠳᠴᠢᠨ ᠤ ᠲᠥᠷᠥᠯ ᠬᠡᠯᠪᠡᠷᠢ ᠡᠪᠡᠳᠴᠢᠨ ᠤ ᠳᠡᠯᠭᠡᠷᠡᠬᠦ | ᠵᠦᠢ ᠶᠢᠨ ᠦᠵᠡᠯᠲᠡ ᠶᠢ ᠦᠨᠳᠦᠰᠦᠯᠡᠪᠡᠯ ᠬᠥᠮᠥᠨ ᠮᠠᠯ ᠬᠠᠮᠲᠤ ᠬᠠᠯᠳᠠᠪᠤᠷᠢᠯᠠᠬᠤ ᠡᠪᠡᠳᠴᠢᠨ ᠢ | ᠡᠪᠡᠳᠴᠢᠯᠡᠭᠦᠯᠦᠭᠴᠢ ᠶᠢᠨ ᠠᠮᠢᠳᠤᠷᠠᠯ ᠤᠨ ᠲᠡᠦᠬᠡ ᠶᠢᠨ ᠲᠥᠷᠥᠯ ᠬᠡᠯᠪᠡᠷᠢ ᠪᠠᠷ ᠨᠢ ᠳᠣᠣᠷᠠᠬᠢ ᠮᠡᠲᠦ ᠬᠤᠪᠢᠶᠠᠨ᠎ᠠ᠃ | ⒈ ᠰᠢᠭᠤᠳ ᠬᠠᠯᠳᠠᠪᠤᠷᠢᠯᠠᠬᠤ ᠴᠢᠨᠠᠷ ᠲᠠᠢ ᠬᠠᠯᠳᠠᠪᠤᠷᠢᠳᠤ ᠡᠪᠡᠳᠴᠢᠨ ᠰᠢᠭᠤᠳ ᠬᠠᠯᠳᠠᠪᠤᠷᠢᠯᠠᠬᠤ ᠴᠢᠨᠠᠷ | ᠪᠦᠬᠦᠢ ᠬᠠᠮᠲᠤ ᠬᠠᠯᠳᠠᠪᠤᠷᠢᠯᠠᠬᠤ ᠡᠪᠡᠳᠴᠢᠨ ᠪᠣᠯ ᠡᠪᠡᠳᠴᠢᠯᠡᠭᠦᠯᠦᠭᠴᠢ ᠨᠢ ᠰᠡᠭᠡᠷᠲᠡᠨ ᠪᠠ ᠬᠥᠮᠥᠨ | ᠲᠥᠷᠥᠯᠬᠢᠲᠡᠨ ᠤ ᠬᠤᠭᠤᠷᠣᠨᠳᠤ ᠰᠢᠭᠤᠳ ᠬᠦᠷᠦᠯᠴᠡᠬᠦ ᠪᠤᠶᠤ ᠵᠠᠭᠤᠴᠢ ᠠᠮᠢᠳᠠᠨ᠂ ᠪᠣᠬᠢᠷᠲᠤᠭᠰᠠᠨ ᠪᠣᠳᠠᠰ ᠢᠶᠠᠷ | ᠳᠠᠮᠵᠢᠨ ᠳᠡᠯᠭᠡᠷᠡᠬᠦ ᠡᠪᠡᠳᠴᠢᠨ ᠢ ᠬᠡᠯᠡᠵᠦ ᠪᠠᠶᠢᠨ᠎ᠠ᠃ ᠵᠢᠱᠢᠶᠡᠯᠡᠪᠡᠯ ᠭᠠᠯᠵᠠᠭᠤ ᠡᠪᠡᠳᠴᠢᠨ᠂ ᠱᠦᠯᠬᠦᠭᠡ᠂ ᠪᠷᠦ᠋ᠽᠧᠯ | ᠡᠪᠡᠳᠴᠢᠨ᠂ ᠰᠦᠷᠢᠶ᠎ᠡ ᠡᠪᠡᠳᠴᠢᠨ᠂ ᠪᠣᠭᠤᠮ᠎ᠠ᠂ ᠶᠠᠮᠠ ᠵᠡᠷᠭᠡ ᠪᠠᠶᠢᠳᠠᠭ᠃ | ⒉ ᠡᠭᠡᠯᠵᠢᠯᠡᠨ ᠳᠡᠯᠭᠡᠷᠡᠬᠦ ᠬᠠᠯᠳᠠᠪᠤᠷᠢᠳᠤ ᠡᠪᠡᠳᠴᠢᠨ ᠬᠠᠮᠲᠤ ᠬᠠᠯᠳᠠᠪᠤᠷᠢᠯᠠᠬᠤ ᠡᠷᠭᠢᠯᠲᠡ ᠲᠠᠢ ᠳᠡᠯᠭᠡᠷᠡᠬᠦ | ᠡᠪᠡᠳᠴᠢᠨ ᠪᠣᠯ ᠡᠪᠡᠳᠴᠢᠯᠡᠭᠦᠯᠦᠭᠴᠢ ᠨᠢ ᠠᠮᠢᠳᠤᠷᠠᠯ ᠤᠨ ᠲᠡᠦᠬᠡ ᠪᠠᠨ ᠪᠡᠶᠡᠯᠡᠭᠦᠯᠬᠦ ᠶᠢᠨ ᠲᠥᠯᠥᠭᠡ ᠨᠢᠭᠡ | ᠵᠦᠢᠯ ᠠᠴᠠ ᠳᠡᠭᠡᠭᠰᠢᠬᠢ ᠰᠡᠭᠡᠷᠲᠡᠨ ᠣᠷᠣᠰᠢᠭᠴᠢ ᠠᠮᠢᠳᠠᠨ ᠢ ᠬᠡᠷᠡᠭᠰᠡᠨ᠎ᠡ᠃ ᠭᠡᠪᠡᠴᠦ ᠰᠡᠭᠡᠷ ᠦᠭᠡᠶᠢᠳᠡᠨ | ᠣᠷᠣᠰᠢᠭᠴᠢ ᠶᠢᠨ ᠣᠷᠤᠯᠴᠠᠯᠭ᠎ᠠ ᠶᠢ ᠬᠡᠷᠡᠭᠰᠡᠬᠦ ᠦᠭᠡᠢ᠃ ᠵᠢᠱᠢᠶᠡᠯᠡᠪᠡᠯ᠄ ᠮᠥᠯᠵᠢᠭᠦᠷ ᠬᠤᠷᠣᠬᠠᠢ ᠶᠢᠨ | ᠡᠪᠡᠳᠴᠢᠨ ᠨᠢ ᠡᠶᠢᠮᠦ ᠪᠠᠶᠢᠳᠠᠭ᠃ | ⒊ ᠵᠠᠭᠤᠴᠢ ᠪᠠᠷ ᠳᠠᠮᠵᠢᠨ ᠳᠡᠯᠭᠡᠷᠡᠬᠦ ᠴᠢᠨᠠᠷᠲᠠᠢ ᠬᠠᠯᠳᠠᠪᠤᠷᠢᠳᠤ ᠡᠪᠡᠳᠴᠢᠨ ᠵᠠᠭᠤᠴᠢ ᠪᠠᠷ ᠳᠠᠮᠵᠢᠨ | ᠳᠡᠯᠭᠡᠷᠡᠬᠦ ᠴᠢᠨᠠᠷ ᠲᠠᠢ ᠬᠠᠮᠲᠤ ᠬᠠᠯᠳᠠᠪᠤᠷᠢᠯᠠᠬᠤ ᠡᠪᠡᠳᠴᠢᠨ ᠪᠣᠯ ᠡᠪᠡᠳᠴᠢᠯᠡᠭᠦᠯᠦᠭᠴᠢ ᠶᠢᠨ ᠬᠢᠨᠢ ᠠᠮᠢᠳᠤᠷᠠᠯ ᠤᠨ | ᠲᠡᠦᠬᠡ ᠨᠢ ᠰᠡᠭᠡᠷ ᠦᠭᠡᠶᠢᠳᠡᠨ ᠪᠠ ᠰᠡᠭᠡᠷᠲᠡᠨ ᠤ ᠣᠷᠤᠯᠴᠠᠬᠤ ᠶᠢ ᠬᠡᠷᠡᠭᠰᠡᠨ᠎ᠡ᠃ ᠰᠡᠭᠡᠷ ᠦᠭᠡᠶᠢᠳᠡᠨ ᠤ ᠪᠡᠶ᠎ᠡ ᠳᠤ | ᠦᠷᠡᠵᠢᠭᠡᠳ ᠵᠣᠬᠢᠬᠤ ᠪᠤᠶᠢᠵᠢᠯᠳᠠ ᠪᠠᠨ ᠪᠡᠶᠡᠯᠡᠭᠦᠯᠵᠦ ᠨᠢᠭᠡ ᠬᠤᠭᠤᠴᠠᠭᠠᠨ ᠤ ᠳᠠᠯᠳᠠ ᠱᠠᠲᠤ ᠦᠶ᠎ᠡ ᠶᠢ | ᠥᠩᠭᠡᠷᠡᠭᠦᠯᠦᠭᠡᠳ ᠰᠠᠶ᠋ᠢ ᠥᠭᠡᠷ᠎ᠡ ᠨᠢᠭᠡ ᠰᠡᠭᠡᠷᠲᠡᠨ ᠤ ᠣᠷᠣᠰᠢᠭᠴᠢ ᠪᠡᠶ᠎ᠡ ᠳᠤ ᠳᠠᠮᠵᠢᠨ ᠣᠷᠣᠨ᠎ᠠ᠃ ᠡᠭᠦᠨ ᠳᠤ | ᠣᠯᠠᠩᠬᠢ ᠬᠤᠷᠣᠬᠠᠢ ᠵᠠᠭᠤᠴᠢᠲᠤ ᠸᠢᠷᠦ᠋ᠰ ᠤᠨ ᠬᠠᠯᠳᠠᠪᠤᠷᠢᠯᠠᠯ ᠪᠠᠭᠲᠠᠨ᠎ᠠ᠃ ᠵᠢᠱᠢᠶᠡᠯᠡᠪᠡᠯ᠄ ᠶᠠᠫᠤᠨ ᠤ ᠬᠥᠬᠡᠭᠴᠢᠨ | ᠬᠡᠯᠪᠡᠷᠢ ᠶᠢᠨ ᠲᠠᠷᠢᠬᠢᠨ ᠦᠷᠪᠢᠰᠦᠯ᠂ ᠬᠠᠯᠳᠠᠪᠤᠷᠢᠳᠤ ᠴᠢᠨᠠᠷ ᠲᠠᠢ ᠠᠳᠤᠭᠤᠨ ᠤ ᠲᠠᠷᠢᠬᠢ ᠨᠤᠭᠤᠰᠤᠨ ᠤ ᠦᠷᠪᠢᠰᠦᠯ | ᠵᠡᠷᠭᠡ ᠪᠤᠢ᠃ | ⒋ ᠢᠯᠵᠠᠷᠠᠮᠠᠯ ᠪᠣᠳᠠᠰ ᠢᠶᠠᠷ ᠳᠠᠮᠵᠢᠨ ᠳᠡᠯᠭᠡᠷᠡᠬᠦ ᠬᠠᠯᠳᠠᠪᠦᠷᠢᠳᠤ ᠡᠪᠡᠳᠴᠢᠨ ᠡᠪᠡᠳᠴᠢᠯᠡᠭᠦᠯᠦᠭᠴᠢ ᠶᠢᠨ | ᠬᠢᠨᠢ ᠠᠮᠢᠳᠤᠷᠠᠯ ᠤᠨ ᠲᠡᠦᠬᠡ ᠨᠢ ᠨᠢᠭᠡ ᠵᠦᠢᠯ ᠤᠨ ᠰᠡᠭᠡᠷᠲᠡᠨ ᠣᠷᠣᠰᠢᠭᠴᠢ ᠪᠠ ᠨᠢᠭᠡ ᠵᠦᠢᠯ ᠤᠨ ᠠᠮᠢᠳᠤ | ᠪᠣᠳᠠᠰ ᠤᠨ ᠪᠤᠰᠤ ᠥᠰᠴᠦ ᠥᠷᠡᠵᠢᠬᠦ ᠭᠠᠵᠠᠷ ᠪᠤᠶᠤ ᠬᠠᠳᠠᠭᠠᠯᠠᠭᠳᠠᠬᠤ ᠭᠠᠵᠠᠷ ᠬᠡᠷᠡᠭᠰᠡᠨ᠎ᠡ᠃ ᠵᠢᠱᠢᠶᠡᠯᠡᠪᠡᠯ᠂ | ᠬᠥᠷᠥᠰᠥ ᠰᠢᠷᠣᠢ᠂ ᠪᠤᠵᠠᠷ ᠤᠰᠤ᠂ ᠪᠣᠷᠳᠤᠭ᠎ᠠ᠂ ᠢᠳᠡᠭᠡᠨ᠂ ᠤᠷᠭᠤᠮᠠᠯ ᠵᠡᠷᠭᠡ ᠪᠠᠶᠢᠳᠠᠭ᠃ ᠡᠪᠡᠳᠴᠢᠨ ᠤ | ᠵᠢᠱᠢᠶ᠎ᠡ ᠨᠢ ᠭᠡᠪᠡᠯ ᠮᠢᠬᠠᠨ ᠬᠤᠣᠷᠳᠠᠯᠭ᠎ᠠ ᠶᠢᠨ ᠤᠷᠬᠢᠨᠴᠠᠷ ᠪᠠᠺᠲ᠋ᠧᠷᠢ ᠳᠤ ᠬᠤᠣᠷᠳᠠᠭᠳᠠᠬᠤ ᠵᠡᠷᠭᠡ ᠪᠣᠯᠣᠨ᠎ᠠ᠃ | ︵ᠬᠤᠶᠠᠷ︶ ᠬᠥᠮᠥᠨ ᠮᠠᠯ ᠬᠠᠮᠲᠤ ᠬᠠᠯᠳᠠᠪᠤᠷᠢᠯᠠᠬᠤ ᠡᠪᠡᠳᠴᠢᠨ ᠤ ᠣᠨᠴᠠᠯᠢᠭ | ⒈ ᠬᠥᠮᠥᠨ ᠮᠠᠯ ᠳᠤ ᠬᠠᠮᠲᠤ ᠬᠠᠯᠳᠠᠪᠤᠷᠢᠯᠠᠬᠤ ᠮᠠᠰᠢ ᠤᠯᠠᠨ ᠡᠪᠡᠳᠴᠢᠨ ᠨᠢ ᠮᠠᠯ ᠰᠥᠷᠥᠭ ᠢ ᠬᠦᠨᠳᠦ | ᠨᠣᠴᠢᠲᠠᠢ ᠬᠤᠬᠢᠷᠠᠭᠤᠯᠬᠤ ᠡᠪᠡᠳᠴᠢᠨ ᠬᠢᠵᠢᠭ ᠮᠥᠷᠲᠡᠭᠡᠨ ᠬᠥᠮᠥᠨ ᠲᠥᠷᠥᠯᠬᠢᠲᠡᠨ ᠤ ᠲᠤᠭᠰᠢᠨ ᠴᠢᠨᠠᠷᠲᠠᠢ | ᠬᠠᠯᠳᠠᠪᠤᠷᠢᠳᠤ ᠡᠪᠡᠳᠴᠢᠨ ᠪᠤᠯᠬᠤ ᠶᠤᠮ᠃ ᠲᠡᠷᠡ ᠨᠢ ᠤᠯᠠᠨ ᠨᠡᠶᠢᠳᠡ ᠶᠢᠨ ᠡᠷᠡᠭᠦᠯ ᠬᠠᠮᠠᠭᠠᠯᠠᠯ ᠳᠤ ᠬᠦᠨᠳᠦ | ᠰᠦᠷᠡᠬᠡᠢ ᠰᠦᠷᠳᠡᠭᠦᠯᠦᠯ ᠪᠤᠯᠳᠠᠭ᠃ ᠵᠢᠱᠢᠶᠡᠯᠡᠪᠡᠯ᠂ ᠪᠣᠭᠤᠮ᠎ᠠ᠂ ᠭᠠᠯᠵᠠᠭᠤ᠂ ᠰᠦᠷᠢᠶ᠎ᠡ ᠵᠡᠷᠭᠡ᠃ | ⒉ᠲᠡᠳᠡᠭᠡᠷ ᠤᠨ ᠡᠪᠡᠳᠴᠢᠯᠡᠭᠦᠯᠦᠭᠴᠢ ᠶᠢᠨ ᠣᠷᠣᠰᠢᠭᠴᠢ ᠶᠢᠨ ᠲᠠᠷᠬᠠᠴᠠ ᠨᠢ ᠮᠠᠰᠢ ᠥᠷᠭᠡᠨ ᠪᠠᠶᠢᠳᠠᠭ᠃ | ᠲᠤᠷᠰᠢᠯᠲᠠ ᠶᠢᠨ ᠨᠥᠬᠦᠴᠡᠯ ᠳᠣᠣᠷ᠎ᠠ ᠲᠥᠷᠥᠯ ᠬᠤᠪᠢᠶᠠᠷᠢᠯᠠᠯᠲᠠ ᠶᠢᠨ ᠰᠢᠰᠲ᠋ᠧᠮ ᠤᠨ ᠲᠠᠯ᠎ᠠ ᠪᠠᠷ ᠪᠦᠷ ᠮᠠᠰᠢ ᠤᠯᠠᠨ | ᠵᠦᠢᠯ ᠤᠨ ᠬᠠᠯᠳᠠᠪᠤᠷᠢᠳᠤ ᠡᠪᠡᠳᠴᠢᠨ ᠬᠠᠯᠳᠠᠪᠤᠷᠢᠯᠠᠭᠤᠯᠤᠨ᠎ᠠ᠃ | ⒊ ᠮᠠᠰᠢ ᠤᠯᠠᠨ ᠬᠥᠮᠥᠨ ᠮᠠᠯ ᠳᠤ ᠬᠠᠮᠲᠤ ᠬᠠᠯᠳᠠᠪᠤᠷᠢᠯᠠᠬᠤ ᠡᠪᠡᠳᠴᠢᠨ ᠨᠢ ᠪᠦᠷ ᠠᠵᠢᠯ ᠲᠥᠷᠥᠯ ᠤᠨ | ᠡᠪᠡᠳᠴᠢᠨ ᠪᠣᠯᠣᠨ᠎ᠠ᠃ ᠵᠢᠱᠢᠶᠡᠯᠡᠪᠡᠯ ᠪᠣᠭᠤᠮ᠎ᠠ ᠨᠢ ᠨᠡᠬᠡᠮᠡᠯ ᠤᠨ ᠠᠵᠢᠯᠴᠢᠨ ᠳᠤ ᠤᠯᠠᠨ ᠬᠠᠯᠳᠠᠪᠤᠷᠢᠯᠠᠨ᠎ᠠ᠃ | ⒋ ᠮᠠᠰᠢ ᠤᠯᠠᠨ ᠬᠥᠮᠥᠨ ᠮᠠᠯ ᠬᠠᠮᠲᠤ ᠬᠠᠯᠳᠠᠪᠤᠷᠢᠯᠠᠬᠤ ᠡᠪᠡᠳᠴᠢᠨ ᠨᠢ ᠪᠦᠷ ᠢᠳᠡᠭᠡᠨ ᠠᠴᠠ ᠡᠭᠦᠰᠦᠯ ᠲᠠᠢ | ᠡᠪᠡᠳᠴᠢᠨ ᠪᠣᠯᠣᠨ᠎ᠠ᠃ ᠵᠢᠱᠢᠶᠡᠯᠡᠪᠡᠯ ᠭᠠᠭ᠋ᠠᠢ ᠶᠢᠨ ᠮᠢᠬᠠᠨ ᠤ ᠤᠳᠤ ᠵᠡᠷᠭᠡ ᠪᠣᠯᠣᠨ᠎ᠠ᠃ | ⒌ ᠬᠥᠮᠥᠨ ᠮᠠᠯ ᠬᠠᠮᠲᠤ ᠬᠠᠯᠳᠠᠪᠤᠷᠢᠯᠠᠬᠤ ᠡᠪᠡᠳᠴᠢᠨ ᠪᠣᠯ ᠬᠥᠮᠥᠨ ᠲᠥᠷᠥᠯᠬᠢᠲᠡᠨ ᠤ ᠬᠠᠯᠳᠠᠪᠤᠷᠢᠳᠤ | ᠡᠪᠡᠳᠴᠢᠨ ᠤ ᠰᠤᠳᠤᠯᠤᠯᠲᠠ ᠳᠤ ᠮᠠᠰᠢ ᠰᠠᠶᠢᠨ ᠠᠮᠢᠳᠤ ᠪᠣᠳᠠᠰ ᠤᠨ ᠮᠣᠲᠧᠯ ᠪᠣᠯᠵᠤ ᠪᠠᠶᠢᠨ᠎ᠠ᠃ ︽ᠮᠠᠯ ᠤᠨ | ᠬᠠᠯᠳᠠᠪᠤᠷᠢᠳᠤ ᠡᠪᠡᠳᠴᠢᠨ ᠤ ᠤᠬᠠᠭᠠᠨ︾ ᠭᠡᠬᠦ ᠨᠣᠮ ᠠᠴᠠ ᠪᠠᠭᠤᠯᠭᠠᠪᠠ | |