ᠤᠯᠠᠭᠠᠨᠴᠠᠪ ᠬᠤᠲᠠ ᠶᠢᠨ ᠳᠣᠯᠣᠳᠤᠭᠠᠷ ᠬᠤᠭᠤᠴᠠᠭᠠᠨ ᠤ ᠭᠤᠤᠯ ᠬᠡᠪ ᠪᠣᠯᠪᠠᠰᠤᠷᠠᠯ ᠤᠨ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢᠨ ᠰᠠᠶᠢᠨ ᠬᠢᠴᠢᠶᠡᠯ ᠤᠨ ᠲᠠᠩᠬᠢᠮ ᠢ ᠨᠠᠶᠢᠳᠠᠪᠤᠷᠢᠵᠢᠭᠤᠯᠬᠤ ᠤᠷᠤᠯᠳᠤᠭᠠᠨ ᠮᠠᠨ ᠤ ᠬᠤᠰᠢᠭᠤᠨ ᠳᠤ ᠡᠬᠢᠯᠡᠪᠡ
ᠨᠡᠶᠢᠲᠡᠯᠡᠭᠰᠡᠨ ᠴᠠᠭ᠄
2023/6/19
     ᠰᠢᠨ᠎ᠡ ᠭᠢᠴᠢᠶᠡᠯᠡᠯᠭᠡ ᠶᠢᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠠᠬᠢᠭᠤᠯᠤᠨ ᠭᠦᠨᠵᠡᠭᠡᠶᠢᠷᠡᠭᠦᠯᠵᠦ᠂ ᠮᠠᠨ ᠤ ᠬᠤᠲᠠ ᠶᠢᠨ ᠪᠠᠭᠰᠢ ᠶᠢᠨ ᠲᠤᠰᠬᠠᠶᠢᠵᠢᠭᠰᠠᠨ ᠬᠢᠷᠢ ᠲᠦᠪᠰᠢᠨ ᠪᠠ ᠮᠡᠳᠡᠭᠡ ᠵᠠᠩᠭᠢᠵᠢᠯᠲᠠ ᠶᠢᠨ ᠬᠡᠷᠡᠭᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠂ ᠰᠢᠨ᠎ᠡ ᠭᠢᠴᠢᠶᠡᠯᠡᠯᠭᠡ ᠶᠢᠨ ᠪᠠᠷᠢᠮᠵᠢᠶ᠎ᠠ ᠶᠢ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠳᠤ ᠨᠠᠩ ᠰᠠᠶᠢᠨ ᠨᠠᠶᠢᠳᠠᠪᠤᠷᠢᠵᠢᠭᠤᠯᠬᠤ ᠶᠢ ᠠᠬᠢᠭᠤᠯᠬᠤ ᠶᠢᠨ ᠲᠥᠯᠥᠭᠡ᠂ 6 ᠰᠠᠷ᠎ᠠ ᠶᠢᠨ 13 ᠤ ᠡᠳᠦᠷ᠂ ᠤᠯᠠᠭᠠᠨᠴᠠᠪ ᠬᠤᠲᠠ ᠶᠢᠨ ᠳᠣᠯᠣᠳᠤᠭᠠᠷ ᠬᠤᠭᠤᠴᠠᠭᠠᠨ ᠤ ᠭᠤᠤᠯ ᠬᠡᠪ ᠪᠣᠯᠪᠠᠰᠤᠷᠠᠯ ᠤᠨ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢᠨ ᠰᠠᠶᠢᠨ ᠬᠢᠴᠢᠶᠡᠯ ᠤᠨ ᠲᠠᠩᠬᠢᠮ ᠤᠨ ᠤᠷᠤᠯᠳᠤᠭᠠᠨ ᠢ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠡᠬᠢᠯᠡᠭᠦᠯᠪᠡ᠃

      ᠤᠷᠤᠯᠳᠤᠭᠠᠨ ᠨᠢ ︽ᠤᠷᠤᠯᠳᠤᠭᠠᠨ ᠢᠶᠠᠷ ᠥᠭᠡᠷᠡᠴᠢᠯᠡᠯᠲᠡ ᠶᠢ ᠠᠭᠢᠭᠤᠯᠵᠦ ᠰᠤᠳᠤᠯᠭᠠᠨ ᠢᠶᠠᠷ ᠰᠤᠷᠭᠠᠨ

ᠭᠦᠮᠦᠵᠢᠯ ᠢ ᠠᠬᠢᠭᠤᠯᠬᠤ︾ ᠪᠠᠷ ᠵᠣᠷᠢᠯᠲᠠ ᠪᠣᠯᠭᠠᠵᠤ᠂ ᠨᠡᠶᠢᠳᠡ 4 ᠡᠳᠦᠷ ᠶᠠᠪᠤᠭᠳᠠᠬᠤ ᠪᠤᠯᠤᠨ᠎ᠠ᠃ ᠪᠠᠭ᠎ᠠ

ᠰᠤᠷᠭᠠᠭᠤᠯᠢ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠭᠡᠵᠦ

ᠭᠤᠷᠪᠠᠨ ᠰᠤᠷᠤᠯᠭ᠎ᠠ ᠶᠢᠨ ᠱᠠᠲᠤ ᠬᠤᠪᠢᠶᠠᠨ ᠶᠠᠪᠤᠭᠳᠠᠭᠤᠯᠵᠤ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ

ᠵᠡᠭᠦᠨ ᠵᠡᠭᠡᠯᠢ ᠶᠢᠨ ᠪᠠᠭ᠎ᠠ ᠰᠤᠷᠭᠠᠭᠤᠯᠢ᠂ ᠬᠤᠶᠠᠳᠤᠭᠠᠷ ᠳᠤᠮᠳᠠᠳᠤ ᠰᠤᠷᠭᠠᠭᠤᠯᠢ᠂ ᠨᠢᠭᠡᠳᠦᠭᠡᠷ ᠳᠤᠮᠳᠠᠳᠤ

ᠰᠤᠷᠭᠠᠭᠤᠯᠢ ᠳᠤ ᠲᠣᠰ ᠲᠣᠰ ᠤᠷᠤᠯᠳᠤᠭᠠᠨ ᠤ ᠲᠠᠯᠠᠪᠤᠷ ᠭᠠᠷᠭᠠᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠪᠥᠬᠦ

ᠭᠢᠴᠢᠶᠡᠯ ᠲᠦᠷᠦᠯ ᠢ ᠦᠨᠳᠦᠰᠦᠨ ᠳᠡᠭᠡᠨ ᠬᠠᠮᠤᠷᠪᠠ᠃ ᠪᠦᠬᠦ ᠬᠤᠲᠠ ᠶᠢᠨ 11 ᠬᠤᠰᠢᠭᠤ ᠰᠢᠶᠠᠨ ᠬᠤᠲᠠ

ᠲᠣᠭᠤᠷᠢᠭ᠂ ᠬᠤᠲᠠ ᠶᠢᠨ ᠰᠢᠭᠤᠳ ᠬᠠᠷᠢᠶ᠎ᠠ 8 ᠰᠤᠷᠭᠠᠭᠤᠯᠢ ᠶᠢᠨ 200 ᠭᠠᠷᠤᠶ ᠪᠠᠭᠰᠢ ᠤᠷᠤᠯᠳᠤᠭᠠᠨ ᠳᠤ

ᠣᠷᠣᠯᠴᠠᠪᠠ᠃ ᠤᠷᠤᠯᠳᠤᠭᠠᠨ ᠳᠤ ᠬᠡᠪ ᠪᠣᠯᠪᠠᠰᠤᠷᠠᠯ ᠤᠨ ᠰᠢᠯᠭᠠᠯᠲᠠ᠂ ᠤᠷᠤᠯᠳᠤᠭᠠᠨ ᠠᠴᠠ ᠡᠮᠦᠨᠡᠬᠢ ᠪᠣᠯᠪᠠᠰᠤᠷᠠᠯ᠂

ᠬᠢᠴᠢᠶᠡᠯ ᠤᠷᠤᠯᠳᠤᠬᠤ  ᠂ ᠬᠢᠴᠢᠶᠡᠯ ᠦᠨᠡᠯᠡᠬᠦ ᠪᠠ ᠳ᠋ᠦᠩᠨᠡᠯᠲᠡ ᠵᠡᠷᠭᠡ ᠪᠠᠭᠲᠠᠨ᠎ᠠ᠃ ᠬᠢᠴᠢᠶᠡᠯ ᠤᠷᠤᠬᠤ ᠳᠠᠭᠠᠨ

ᠰᠢᠪᠠᠭ᠎ᠠ ᠰᠤᠭᠤᠯᠵᠦ ᠬᠢᠴᠢᠶᠡᠯ ᠲᠣᠭᠲᠠᠭᠠᠬᠤ᠂ ᠪᠡᠶ᠎ᠡ ᠪᠠᠨ ᠳᠠᠭᠠᠭᠠᠵᠤ ᠬᠢᠴᠢᠶᠡᠯ ᠪᠡᠯᠡᠳᠬᠡᠬᠦ᠂ ᠠᠩᠭᠢ ᠵᠢᠭᠡᠯᠡᠵᠦ

ᠬᠢᠴᠢᠶᠡᠯ ᠣᠷᠣᠬᠤ ᠬᠡᠯᠪᠡᠷᠢ ᠶᠢ ᠠᠪᠴᠤ᠂ ᠬᠢᠴᠢᠶᠡᠯ ᠤᠨ ᠲᠠᠩᠬᠢᠮ ᠢ ᠪᠦᠬᠦᠨ ᠢ ᠨᠡᠭᠡᠭᠡᠯᠲᠡ ᠲᠠᠢ ᠤᠷᠤᠯᠳᠤᠪᠠ  ᠃

      ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠠᠩᠭ᠍ᠯᠢ

ᠬᠡᠯᠡᠨ ᠤ ᠪᠠᠭᠰᠢ᠄ ᠳ᠋ᠢᠩ ᠯᠢ ᠵᠢᠶᠦ᠋ᠨ  ᠰᠤᠷᠪᠤᠯᠵᠢᠯᠠᠭ᠎ᠠ ᠭᠦᠯᠢᠶᠡᠬᠦ ᠳᠡᠭᠡᠨ᠄ ︽ᠨᠢᠭᠡ  ᠤᠳᠠᠭᠠᠨ ᠤ ᠤᠷᠤᠯᠳᠤᠭᠠᠨ

ᠪᠤᠯ ᠨᠢᠭᠡ  ᠤᠳᠠᠭᠠᠨ ᠤ ᠳᠠᠪᠲᠠᠨ ᠪᠣᠯᠪᠠᠰᠤᠷᠠᠯᠳᠠ᠂ ᠨᠢᠭᠡ  ᠤᠳᠠᠭᠠᠨ ᠤ ᠦᠰᠦᠨ ᠪᠤᠶᠢᠵᠢᠯᠳᠠ ᠮᠦᠨ᠃ ᠲᠣᠰ

ᠤᠳᠠᠭᠠᠨ ᠤ ᠠᠵᠢᠯᠯᠠᠭ᠎ᠠ ᠪᠣᠯ ᠤᠷᠤᠯᠳᠤᠭᠠᠨ ᠳᠤ ᠣᠷᠣᠯᠴᠠᠭᠰᠠᠨ ᠪᠠᠭᠰᠢ ᠶᠢᠨ ᠶᠡᠷᠦᠩᠬᠡᠶᠢᠯᠡᠭᠰᠡᠨ ᠬᠡᠪ ᠴᠢᠨᠠᠷ ᠪᠠ

ᠵᠢᠭᠠᠨ ᠰᠤᠷᠭᠠᠯᠲᠠ ᠶᠢᠨ ᠴᠢᠳᠠᠪᠤᠷᠢ ᠶᠢᠨ ᠰᠢᠯᠭᠠᠯᠲᠠ ᠮᠥᠨ᠂ ᠪᠠᠰᠠ ᠴᠤ ᠪᠠᠭᠰᠢ ᠨᠠᠷ ᠲᠤ ᠥᠪᠡᠷ ᠢ ᠪᠠᠨ

ᠪᠣᠯᠪᠠᠰᠤᠷᠠᠭᠤᠯᠬᠤ᠂ ᠥᠪᠡᠷ ᠢ ᠪᠠᠨ ᠳᠡᠯᠭᠡᠨ ᠦᠵᠡᠭᠦᠯᠬᠦ᠂ ᠥᠪᠡᠷ ᠢ ᠪᠠᠨ ᠬᠥᠭᠵᠢᠭᠦᠯᠬᠦ ᠲᠠᠪᠴᠠᠩ ᠢ ᠬᠠᠩᠭᠠᠭᠰᠠᠨ

ᠪᠥᠭᠡᠳ ᠨᠠᠩ ᠴᠤ ᠨᠢᠭᠡ ᠤᠳᠠᠭᠠᠨ ᠤ ᠬᠠᠷᠢᠯᠴᠠᠨ ᠰᠤᠷᠤᠯᠴᠠᠬᠤ᠂ ᠰᠣᠯᠢᠯᠴᠠᠬᠤ᠂ ᠯᠠᠪᠯᠠᠯᠲᠠ ᠪᠣᠯᠭᠠᠬᠤ᠂

ᠳᠡᠭᠡᠭᠰᠢᠯᠡᠭᠦᠯᠬᠦ ᠲᠣᠬᠢᠶᠠᠯ ᠪᠣᠯᠤᠭᠰᠠᠨ ᠪᠠᠶᠢᠨ᠎ᠠ︾ ᠭᠡᠯ᠎ᠠ᠃

     ᠤᠷᠤᠯᠳᠤᠭᠠᠨ ᠤ ᠳᠤᠮᠳᠠ᠂ ᠪᠠᠭᠰᠢ ᠨᠠᠷ ᠰᠢᠨ᠎ᠡ ᠭᠢᠴᠢᠶᠡᠯᠡᠯᠭᠡ ᠶᠢᠨ ᠪᠠᠷᠢᠮᠵᠢᠶ᠎ᠠ ᠲᠠᠢ ᠨᠢᠭᠲᠠ

ᠤᠶᠠᠯᠳᠤᠭᠤᠯᠤᠨ᠂ ᠠᠳᠠᠯᠢ ᠪᠤᠰᠤ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠵᠢᠭᠠᠨ ᠰᠤᠷᠭᠠᠬᠤ

ᠭᠤᠭᠴᠤᠭ᠎ᠠ ᠶᠢ ᠨᠠᠷᠢᠨ ᠨᠢᠮᠪᠠᠶ ᠲᠥᠯᠥᠪᠯᠡᠨ᠂ ᠠᠬᠤᠶ ᠪᠠᠶᠢᠳᠠᠯ ᠢ ᠡᠭᠦᠳᠴᠦ᠂ ᠰᠤᠷᠤᠭᠴᠢᠳ ᠢ ᠪᠡᠶ᠎ᠡ ᠪᠠᠨ

ᠳᠠᠭᠠᠭᠠᠵᠤ ᠰᠦᠪᠡᠭᠴᠢᠯᠡᠭᠦᠯᠦᠨ  ᠂ ᠠᠮᠢᠳᠤᠷᠠᠯ ᠲᠠᠢ ᠤᠶᠠᠯᠳᠤᠭᠤᠯᠵᠦ᠂ ᠰᠤᠷᠤᠭᠴᠢᠳ  ᠢᠶᠠᠷ ᠠᠵᠢᠭᠯᠠᠯᠳᠠ ᠭᠢᠯᠭᠡᠪᠡ

᠃ ᠬᠢᠴᠢᠶᠡᠯᠯᠡᠬᠦ ᠤᠶᠤᠨ ᠤᠬᠠᠭᠠᠨ ᠪᠠ ᠥᠪᠡᠷᠮᠢᠴᠡ ᠴᠤᠭ ᠵᠢᠪᠬᠤᠭ᠎ᠠ ᠶᠢ ᠭᠦᠢᠴᠡᠳ ᠢᠯᠡᠷᠡᠭᠦᠯᠵᠦ᠂ ᠭᠦᠨ

ᠵᠤᠵᠠᠭᠠᠨ ᠵᠢᠭᠠᠨ ᠰᠤᠷᠭᠠᠯᠲᠠ ᠶᠢᠨ ᠦᠨᠳᠦᠰᠦᠨ ᠪᠤᠯᠪᠠᠰᠤᠷᠠᠯ ᠪᠠ ᠢᠳᠡᠪᠬᠢᠲᠡᠢ ᠤᠷᠤᠭᠰᠢᠯᠠᠨ ᠲᠠᠪᠰᠢᠬᠤ ᠰᠠᠶᠢᠨ

ᠰᠠᠶᠢᠬᠠᠨ ᠳᠦᠷᠰᠦ ᠪᠠᠶᠢᠳᠠᠯ ᠢ ᠢᠯᠡᠷᠡᠭᠦᠯᠪᠡ᠃ ᠤᠷᠤᠯᠳᠤᠭᠠᠨ ᠤ ᠳᠠᠷᠠᠭ᠎ᠠ᠂ ᠭᠢᠨᠠᠨ ᠰᠢᠯᠭᠠᠷᠠᠭᠤᠯᠤᠭᠴᠢᠳ

ᠤᠷᠤᠯᠳᠤᠭᠠᠨ ᠳᠤ ᠣᠷᠣᠯᠴᠠᠭᠰᠠᠨ ᠪᠠᠭᠰᠢ ᠶᠢᠨ ᠬᠢᠴᠢᠶᠡᠯ ᠤᠨ ᠵᠢᠭᠠᠨ ᠰᠤᠷᠭᠠᠯᠲᠠ ᠳᠤ ᠦᠨᠡᠯᠡᠯᠲᠡ ᠬᠢᠪᠡ᠃

    ᠤᠯᠠᠭᠠᠨᠴᠠᠪ ᠬᠤᠲᠠ ᠶᠢᠨ ᠵᠢᠭᠠᠨ ᠰᠤᠷᠭᠠᠯᠲᠠ ᠶᠢᠨ ᠰᠤᠳᠤᠯᠬᠤ ᠲᠠᠰᠤᠭ ᠤᠨ ᠡᠷᠬᠢᠯᠡᠭᠴᠢ᠄ ᠵᠧᠦ ᠵᠢᠶᠠᠨ ᠮᠢᠩ

 ᠰᠤᠷᠪᠤᠯᠵᠢᠯᠠᠭ᠎ᠠ ᠭᠦᠯᠢᠶᠡᠬᠦ ᠳᠡᠭᠡᠨ᠄ ︽ᠰᠢᠨ᠎ᠡ ᠭᠢᠴᠢᠶᠡᠯᠡᠯᠭᠡ ᠶᠢᠨ  ᠥᠭᠡᠷᠡᠴᠢᠯᠡᠯᠲᠡ ᠶᠢ ᠤᠯᠠᠮ ᠨᠢᠭᠡ ᠠᠯᠬᠤᠮ

ᠠᠬᠢᠭᠤᠯᠤᠨ ᠭᠦᠨᠵᠡᠭᠡᠶᠢᠷᠡᠭᠦᠯᠵᠦ᠂ ᠮᠠᠨ ᠤ ᠬᠤᠲᠠ ᠶᠢᠨ ᠪᠠᠭᠰᠢ ᠶᠢᠨ ᠲᠤᠰᠬᠠᠢ ᠮᠡᠷᠭᠡᠵᠢᠯ ᠤᠨ ᠬᠢᠷᠢ ᠲᠦᠪᠰᠢᠨ ᠪᠠ

ᠮᠡᠳᠡᠭᠡ ᠵᠠᠩᠭᠢᠵᠢᠯᠲᠠ ᠶᠢᠨ ᠬᠡᠷᠡᠭᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠰᠢᠨ᠎ᠡ ᠭᠢᠴᠢᠶᠡᠯᠡᠯᠭᠡ ᠶᠢᠨ

ᠪᠠᠷᠢᠮᠵᠢᠶ᠎ᠠ ᠶᠢ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠳᠠᠬᠢ ᠨᠡᠩ ᠰᠠᠶᠢᠨ ᠨᠠᠶᠢᠳᠠᠪᠤᠷᠢᠵᠢᠭᠤᠯᠬᠤ ᠶᠢ

ᠠᠬᠢᠭᠤᠯᠬᠤ ᠶᠢᠨ ᠲᠥᠯᠥᠭᠡ᠂ ᠰᠢᠨ᠎ᠡ ᠭᠢᠴᠢᠶᠡᠯᠡᠯᠭᠡ ᠶᠢᠨ ᠠᠬᠤᠶ ᠪᠠᠶᠢᠳᠠᠯ ᠳᠣᠤᠷ᠎ᠠ ᠭᠤᠣᠯ ᠬᠡᠪ ᠪᠣᠯᠪᠠᠰᠤᠷᠠᠯ ᠢ

ᠳᠡᠭᠡᠭᠰᠢᠯᠡᠭᠦᠯᠬᠦ ᠬᠢᠴᠢᠶᠡᠯ ᠤᠨ ᠲᠠᠩᠬᠢᠮ ᠤᠨ ᠰᠤᠷᠭᠠᠨ ᠬᠥᠮᠦᠵᠢᠯ ᠤᠨ ᠶᠠᠰᠤ ᠴᠢᠨᠠᠷ ᠢ ᠨᠠᠶᠢᠳᠠᠪᠤᠷᠢᠵᠢᠭᠤᠯᠵᠤ᠂ ᠡᠨᠡ

ᠵᠢᠯ ᠪᠢᠳᠡ ᠳᠣᠯᠣᠳᠤᠭᠠᠷ ᠬᠤᠭᠤᠴᠠᠭᠠᠨ ᠤ ᠰᠠᠶᠢᠨ ᠬᠢᠴᠢᠶᠡᠯ ᠤᠨ ᠲᠠᠩᠬᠢᠮ᠂ ᠵᠢᠭᠠᠨ ᠰᠤᠷᠭᠠᠯᠲᠠ ᠶᠢ

ᠨᠠᠶᠢᠳᠠᠪᠤᠷᠢᠵᠢᠭᠤᠯᠬᠤ ᠥᠭᠡᠷᠡᠴᠢᠯᠡᠯᠲᠡ ᠶᠢᠨ ᠰᠠᠶᠢᠨ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ

ᠥᠭᠡᠷᠡᠴᠢᠯᠡᠯᠲᠡ ᠶᠢᠨ ᠤᠷᠤᠯᠳᠤᠭᠠᠨ ᠢ ᠣᠨᠴᠠᠭᠠᠶᠢᠯᠠᠨ ᠡᠷᠬᠢᠯᠡᠪᠠ᠂ ᠭᠤᠣᠯᠳᠠᠭᠤ ᠪᠦᠬᠦ ᠬᠤᠲᠠ ᠶᠢᠨ ᠪᠠᠭᠰᠢ ᠨᠠᠷ

ᠬᠠᠷᠢᠯᠴᠠᠨ ᠰᠤᠷᠤᠯᠴᠠᠬᠤ᠂ ᠬᠠᠷᠢᠯᠴᠠᠨ ᠰᠣᠯᠢᠯᠴᠠᠬᠤ ᠳᠤ ᠲᠠᠪᠴᠠᠩ ᠪᠠᠶᠢᠭᠤᠯᠤᠨ ᠥᠭᠴᠦ᠂ ᠬᠢᠴᠢᠶᠡᠯ ᠰᠣᠨᠣᠰᠬᠤ᠂

ᠬᠢᠴᠢᠶᠡᠯ ᠶᠠᠷᠢᠬᠤ᠂ ᠬᠢᠴᠢᠶᠡᠯ ᠦᠨᠡᠯᠡᠬᠦ᠂ ᠶᠠᠷᠢᠯᠴᠠᠬᠤ ᠵᠡᠷᠭᠡ ᠠᠯᠢ ᠣᠯᠠᠨ ᠠᠵᠢᠯᠯᠠᠭ᠎ᠠ ᠪᠠᠷ ᠳᠠᠮᠵᠢᠭᠤᠯᠤᠨ᠂

ᠪᠠᠭᠰᠢ ᠶᠢᠨ ᠲᠤᠰᠬᠠᠢ ᠮᠡᠷᠭᠡᠵᠢᠯ ᠤᠨ ᠴᠢᠳᠠᠪᠤᠷᠢ ᠪᠠ ᠲᠡᠳᠡᠨ ᠤ ᠰᠢᠨ᠎ᠡ ᠭᠢᠴᠢᠶᠡᠯᠡᠯᠭᠡ ᠶᠢᠨ ᠪᠠᠷᠢᠮᠵᠢᠶ᠎ᠠ ᠶᠢ

ᠨᠠᠶᠢᠳᠠᠪᠤᠷᠢᠵᠢᠭᠤᠯᠵᠤ᠂ ᠭᠤᠣᠯᠯᠠᠬᠤ ᠬᠡᠪ ᠪᠣᠯᠪᠠᠰᠤᠷᠠᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠤᠷᠤᠯᠳᠤᠭᠠᠨ ᠢᠶᠠᠷ

ᠰᠤᠷᠭᠠᠨ ᠬᠥᠮᠦᠵᠢᠯ ᠢ ᠠᠬᠢᠭᠤᠯᠬᠤ ᠦᠷ᠎ᠡ ᠪᠦᠲᠦᠮᠵᠢ ᠳᠤ  ᠭᠦᠷᠬᠦ  ᠪᠤᠯᠤᠨ᠎ᠠ︾ ᠭᠡᠯ᠎ᠠ᠃

   

          ᠵᠣᠬᠢᠶ᠋ᠬᠠᠴᠢ᠄  ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ ᠬᠠᠮ ᠵᠠᠭᠤᠴᠢᠯᠠᠭᠤᠷ ᠤᠨ ᠲᠥᠪ

         ᠣᠷᠴᠢᠭᠤᠯᠣᠨᠨᠴᠢ᠄  ᠬᠠᠶᠢᠷᠬᠠᠨ

 
ᠢᠷᠡᠯᠲᠡ᠄ ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号