| ︽ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ᠂ ᠡᠳ᠋ ᠤᠨ ᠵᠠᠰᠠᠭ ᠤᠨ | ᠲᠢᠩᠬᠢᠮ ᠤᠨ ︿ᠬᠦᠴᠢᠷᠳᠡᠯᠲᠡᠶ ᠣᠯᠠᠨ ᠲᠦᠮᠡᠨ ᠢ ᠠᠪᠤᠷᠠᠨ ᠲᠤᠰᠠᠯᠠᠬᠤ ᠨᠥᠬᠦᠪᠥᠷᠢ ᠪᠡᠯᠡ ᠮᠥᠩᠭᠦ ᠶᠢᠨ | ᠬᠠᠮᠢᠶᠠᠷᠤᠯᠲᠠ ᠶᠢᠨ ᠠᠷᠭ᠎ᠠ﹀ ᠳᠤ ᠵᠠᠰᠠᠪᠤᠷᠢ ᠣᠷᠣᠭᠤᠯᠬᠤ ᠲᠤᠬᠠᠶ ᠮᠡᠳᠡᠭᠳᠡᠯ︾ ︵ᠥᠪᠥᠷ ᠡᠳ᠋ ᠤᠨ ᠵᠠᠰᠠᠭ ᠤᠨ | ᠬᠤᠷᠢᠶ᠎ᠠ ﹇2022﹈ 1109 ᠳ᠋ᠣᠭᠡᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ | ᠦᠨᠳᠦᠰᠦᠯᠡᠨ᠂ ᠡᠯ᠎ᠡ ᠭᠠᠵᠠᠷ ᠤᠨ ᠡᠳ᠋ ᠤᠨ ᠵᠠᠰᠠᠭ ᠤᠨ ᠰᠠᠯᠠᠭ᠎ᠠ ᠮᠥᠴᠢᠷ ᠪᠣᠯᠤᠨ ᠠᠷᠠᠳ ᠤᠨ ᠶᠠᠪᠤᠳᠠᠯ ᠤᠨ | ᠰᠠᠯᠠᠭ᠎ᠠ ᠮᠥᠴᠢᠷ ᠤᠳ ᠨᠢᠭᠲᠠ ᠬᠠᠮᠵᠢᠯᠴᠠᠨ᠂ ᠡᠷᠡᠰ ᠰᠢᠭᠤᠷᠬᠠᠶ ᠪᠠᠷ ᠰᠢᠨ᠎ᠡ ᠶᠢ ᠡᠭᠦᠳᠴᠦ᠂ ᠵᠠᠮ ᠨᠡᠭᠡᠭᠡᠨ | ᠤᠷᠤᠭᠰᠢᠯᠠᠵᠤ᠂ ᠪᠡᠯᠡ ᠮᠥᠩᠭᠦ ᠶᠢᠨ ᠵᠠᠷᠤᠯᠭ᠎ᠠ ᠶᠢᠨ ᠪᠦᠲᠦᠴᠡ ᠪᠠᠨ ᠢᠳᠡᠪᠬᠢᠲᠡᠶ ᠪᠠᠷ ᠲᠣᠬᠢᠷᠠᠭᠤᠯᠵᠤ᠂ | ᠬᠦᠴᠢᠷᠳᠡᠯᠲᠡᠶ ᠤᠯᠠᠨ ᠲᠦᠮᠡᠨ ᠢ ᠲᠡᠩᠬᠡᠷᠡᠭᠦᠯᠦᠨ ᠲᠤᠰᠠᠯᠠᠵᠤ ᠨᠥᠬᠦᠪᠥᠷᠢ ᠥᠭᠬᠦ ᠠᠵᠢᠯᠯᠠᠭᠠᠨ ᠤ ᠲᠣᠭᠲᠠᠴᠠ ᠶᠢ | ᠲᠡᠭᠦᠯᠳᠡᠷᠵᠢᠭᠦᠯᠦᠨ᠂ ᠬᠦᠴᠢᠷᠳᠡᠯᠲᠡᠶ ᠤᠯᠠᠨ ᠲᠦᠮᠡᠨ ᠢ ᠲᠡᠩᠬᠡᠷᠡᠭᠦᠯᠦᠨ ᠲᠤᠰᠠᠯᠠᠵᠤ ᠨᠥᠬᠦᠪᠥᠷᠢ ᠥᠭᠬᠦ ᠪᠡᠯᠡ | ᠮᠥᠩᠭᠦ ᠶᠢ ᠴᠠᠭ ᠲᠤᠬᠠᠶ ᠲᠤᠨᠢ ᠭᠦᠢᠴᠡᠳ ᠲᠤᠭ᠎ᠠ ᠪᠠᠷ ᠣᠯᠭᠤᠬᠤ ᠶᠢ ᠦᠨᠡᠨᠬᠦ ᠪᠠᠲᠤᠯᠠᠬᠤ ᠬᠡᠷᠡᠭᠲᠡᠶ᠃ ᠡᠳ᠋ ᠤᠨ | ᠵᠠᠰᠠᠭ ᠤᠨ ᠲᠣᠪᠴᠢᠶ᠎ᠠ ᠱᠠᠭᠠᠷᠳᠠᠯᠭ᠎ᠠ ᠶᠣᠰᠣᠭᠠᠷ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠠᠩᠭᠠᠭᠰᠠᠨ | ᠠᠵᠢᠯᠲᠠᠨ ᠤ ᠨᠠᠷᠢᠨ ᠲᠠᠩᠰᠠ ᠶᠢ ᠦᠨᠳᠦᠰᠦᠯᠡᠨ ᠰᠠᠷ᠎ᠠ ᠪᠦᠷᠢ ᠶᠢᠨ 10 ᠤ ᠡᠳᠦᠷ ᠠᠴᠠ ᠡᠮᠦᠨ᠎ᠡ ᠲᠣᠰ ᠰᠠᠷ᠎ᠠ ᠶᠢᠨ | ᠬᠦᠴᠢᠷᠳᠡᠯᠲᠡᠶ ᠣᠯᠠᠨ ᠲᠦᠮᠡᠨ ᠢ ᠠᠪᠤᠷᠠᠨ ᠲᠤᠰᠠᠯᠠᠬᠤ ᠨᠥᠬᠦᠪᠥᠷᠢ ᠶᠢᠨ ᠪᠠᠯᠠ ᠮᠥᠩᠭᠦ ᠶᠢ ᠡᠳ᠋ ᠤᠨ ᠵᠠᠰᠠᠭ ᠤᠨ ︽ | ᠨᠢᠭᠡ ᠺᠠᠷᠲ ᠢᠶᠠᠷ ᠨᠡᠶᠢᠳᠡᠮ ᠭᠦᠢᠴᠡᠳᠭᠡᠬᠦ︾ ᠪᠠᠷ ᠳᠠᠮᠵᠢᠭᠤᠯᠤᠨ ᠨᠥᠬᠦᠪᠥᠷᠢ ᠭᠥᠷᠳᠡᠬᠦ ᠡᠲᠡᠭᠡᠳ ᠲᠤ ᠣᠯᠭᠤᠬᠤ | ᠬᠡᠷᠡᠭᠲᠡᠶ᠃ 4 ᠰᠠᠷ᠎ᠠ ᠶᠢᠨ 7 ᠤ ᠡᠳᠦᠷ ᠨᠢᠭᠡᠨᠲᠡ 4 ᠰᠠᠷ᠎ᠠ ᠶᠢᠨ ᠬᠦᠴᠢᠷᠳᠡᠯᠲᠡᠶ ᠣᠯᠠᠨ ᠲᠦᠮᠡᠨ ᠢ ᠠᠪᠤᠷᠠᠨ | ᠲᠤᠰᠠᠯᠠᠬᠤ ᠨᠥᠬᠦᠪᠥᠷᠢ ᠪᠠᠯᠠ ᠮᠥᠩᠭᠦ ᠶᠢ 1281.04 ᠲᠦᠮᠡᠨ ᠲᠥᠭᠦᠷᠢᠭ ᠲᠠᠷᠬᠠᠭᠠᠵᠤ᠂ ᠬᠤᠲᠠ ᠬᠥᠳᠡᠭᠡ ᠶᠢᠨ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠶ ᠬᠥᠮᠦᠰ ᠢ ᠠᠪᠤᠷᠠᠨ ᠲᠤᠰᠠᠯᠠᠵᠤ ᠠᠰᠠᠷᠠᠨ | ᠲᠡᠵᠢᠭᠡᠬᠦ᠂ ᠲᠦᠷ ᠴᠠᠭ ᠠᠪᠤᠷᠠᠨ ᠲᠤᠰᠠᠯᠠᠬᠤ᠂ ᠥᠨᠥᠴᠢᠨ ᠬᠡᠤᠬᠡᠳ ᠪᠠ ᠪᠣᠳᠠᠲᠠᠶ ᠠᠰᠠᠷᠠᠨ ᠲᠡᠵᠢᠭᠡᠬᠦ ᠬᠥᠮᠦᠨ | ᠥᠬᠡᠶ ᠬᠡᠤᠬᠡᠳ ᠤᠨ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠵᠠᠷᠤᠯᠭ᠎ᠠ ᠶᠢ ᠪᠠᠭᠲᠠᠭᠠᠭᠰᠠᠨ 4 ᠰᠠᠷ᠎ᠠ ᠶᠢᠨ | ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠢ ᠦᠨᠡᠨ ᠬᠦ ᠪᠠᠲᠤᠯᠠᠵᠤ᠂ ᠨᠡᠶᠢᠭᠡᠮ ᠤᠨ ᠡᠶ᠎ᠡ ᠵᠣᠬᠢᠴᠠᠯ | ᠲᠣᠭᠲᠠᠭᠤᠨ ᠪᠠᠶᠢᠳᠠᠯ ᠪᠠ ᠲᠥᠪ ᠭᠤᠤᠯᠴᠢ ᠰᠢᠳᠤᠷᠭᠤ ᠶᠣᠰᠣ ᠶᠢ ᠬᠠᠮᠠᠭᠠᠯᠠᠪᠠ᠃ | | ᠵᠣᠬᠢᠶᠠᠭᠴᠢ᠄ ᠳ᠋ᠢᠩ ᠶᠠᠨ | ᠣᠷᠴᠢᠭᠤᠯᠣᠨᠨᠴᠢ᠄ ᠭᠧ ᠲᠣᠸᠠᠨ ᠯᠢᠶᠡᠨ |