| 5 ᠰᠠᠷ᠎ᠠ ᠶᠢᠨ 8 ᠤ ᠡᠳᠦᠷ᠂ ᠪᠥᠬᠦ ᠬᠤᠲᠠ ᠶᠢᠨ ᠡᠮᠴᠢᠯᠡᠭᠡᠨ ᠤ ᠬᠠᠮᠢᠶᠠᠷᠤᠯᠲᠠ ᠵᠢᠴᠢ ᠡᠮ ᠡᠮᠨᠡᠯᠭᠡ ᠡᠷᠡᠭᠦᠯ | ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠤᠨ ᠬᠤᠷᠠᠯ ᠳᠤ ᠣᠷᠣᠯᠴᠠᠭᠰᠠᠨ | ᠪᠥᠬᠦ ᠬᠤᠲᠠ ᠶᠢᠨ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠰᠢᠰᠲ᠋ᠧᠮ ᠤᠨ ᠬᠠᠷᠢᠭᠤᠴᠠᠯᠭᠠᠲᠠᠨ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠡᠮᠨᠡᠯᠭᠡ ᠶᠢᠨ | ᠬᠤᠷᠢᠶ᠎ᠠ ᠳᠤ ᠲᠣᠭᠤᠷᠢᠨ ᠦᠵᠡᠵᠦ ᠰᠠᠨᠠᠯ ᠢᠶᠠᠨ ᠰᠣᠯᠢᠯᠴᠠᠪᠠ᠃ ᠤᠯᠠᠭᠠᠨᠴᠠᠪ ᠬᠤᠲᠠ ᠶᠢᠨ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ ᠬᠥ᠋ ᠵᠢᠤᠢ ᠯᠦᠩ᠂ ᠬᠤᠰᠢᠭᠤ ᠨᠠᠮ ᠤᠨ ᠬᠤᠷᠢᠶᠠᠨ ᠤ ᠱᠦᠵᠢ ᠭᠤᠤ | ᠰᠧᠨ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠭᠤᠤ ᠳ᠋ᠦᠩ ᠮᠧᠶ ᠰᠣᠯᠢᠯᠴᠠᠭᠠᠨ ᠤ ᠠᠵᠢᠯᠯᠠᠭ᠎ᠠ ᠳᠤ | ᠣᠷᠣᠯᠴᠠᠪᠠ᠃ | ᠦᠵᠡᠭᠦᠯᠦᠯᠭᠡ ᠶᠢᠨ ᠳᠤᠭᠤᠶᠢᠯᠠᠩ ᠤᠨ ᠬᠢᠨ ᠤᠷᠢᠳ ᠬᠤᠵᠢᠳ ᠬᠤᠰᠢᠭᠤᠨ ᠤ ᠡᠮᠨᠡᠯᠭᠡ ᠶᠢᠨ ᠬᠤᠷᠢᠶᠠᠨ ᠤ | ᠡᠭᠦᠳᠡᠨ ᠡᠮᠨᠡᠯᠭᠡ ᠶᠢᠨ ᠭᠠᠵᠠᠷ᠂ ᠰᠢᠯᠭᠠᠨ ᠪᠠᠶᠢᠴᠠᠭᠠᠬᠤ ᠰᠠᠯᠠᠭ᠎ᠠ᠂ ᠬᠡᠷᠡᠯ ᠵᠢᠷᠤᠭ ᠤᠨ ᠲᠠᠰᠤᠭ᠂ ICU᠂ ᠭᠠᠳᠠᠷ | ᠡᠮᠨᠡᠯᠭᠡ ᠵᠡᠷᠭᠡ ᠳᠤ ᠬᠦᠷᠴᠦ᠂ ᠡᠯ᠎ᠡ ᠰᠠᠯᠠᠭᠠᠨ ᠤ ᠲᠤᠬᠠᠶᠢᠯᠠᠭᠰᠠᠨ ᠠᠵᠢᠯ ᠵᠢᠴᠢ ᠡᠯ᠎ᠡ ᠴᠢᠳᠠᠮᠵᠢᠳᠤ ᠣᠷᠣᠨ ᠤ | ᠦᠨᠳᠦᠰᠦᠨ ᠪᠠᠶᠢᠳᠠᠯ ᠢ ᠣᠶᠢᠯᠠᠭᠠᠪᠠ᠃ ᠭᠤᠣᠯᠳᠠᠭᠤ ᠪᠡᠶ᠎ᠡ ᠶᠢᠨ ᠪᠠᠶᠢᠴᠠᠭᠠᠯᠲᠠ ᠶᠢᠨ ᠲᠥᠪ᠂ ᠮᠡᠰᠡ ᠵᠠᠰᠠᠯ ᠤᠨ | ᠲᠠᠰᠤᠭ᠂ ᠠᠯᠤᠰ ᠵᠠᠶ ᠶᠢᠨ ᠡᠮᠴᠢᠯᠡᠭᠡᠨ ᠤ ᠲᠠᠰᠤᠭ᠂ ᠰᠢᠩᠭᠡᠭᠡᠯᠲᠡ ᠶᠢᠨ ᠳᠣᠲᠣᠷ ᠰᠠᠯᠠᠭ᠎ᠠ ᠵᠡᠷᠭᠡ ᠶᠢ ᠲᠣᠭᠤᠷᠢᠨ | ᠦᠵᠡᠪᠡ᠃ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠡᠮ ᠡᠮᠨᠡᠯᠭᠡ ᠶᠢᠨ ᠬᠠᠮᠲᠤ ᠶᠢᠨ ᠴᠣᠭᠴᠠ ᠶᠢᠨ | ᠪᠠᠶᠢᠭᠤᠯᠤᠯᠲᠠ ᠶᠢ ᠥᠷᠨᠢᠭᠦᠯᠵᠦ ᠪᠠᠶᠢᠭ᠎ᠠ ᠪᠠᠶᠢᠳᠠᠯ᠂ ︽ᠲᠠᠪᠤᠨ ᠶᠡᠭᠡ ᠲᠥᠪ︾ ᠤᠨ ᠪᠠᠶᠢᠭᠤᠯᠤᠯᠲᠠ ᠶᠢᠨ ᠠᠬᠢᠴᠠ᠂ | ᠨᠠᠷᠠᠲᠤ ᠡᠮᠴᠢ ᠶᠢᠨ ᠬᠠᠪᠰᠤᠷᠤᠨ ᠲᠡᠳᠬᠦᠵᠦ ᠪᠠᠶᠢᠭ᠎ᠠ ᠣᠳᠣᠬᠢ ᠪᠠᠶᠢᠳᠠᠯ ᠵᠡᠷᠭᠡ ᠶᠢ ᠨᠠᠷᠢᠨ ᠠᠰᠠᠭᠤᠨ ᠯᠠᠪᠯᠠᠵᠠᠶ᠃ | ᠡᠭᠦᠨ ᠤ ᠬᠠᠮᠲᠤ ᠡᠮ ᠡᠮᠨᠡᠯᠭᠡ ᠶᠢᠨ ᠦᠢᠯᠡᠴᠢᠯᠡᠭᠡ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ᠂ ᠴᠢᠳᠠᠪᠤᠷᠢᠲᠠᠨ ᠢ | ᠬᠥᠮᠦᠵᠢᠭᠦᠯᠬᠦ᠂ ᠬᠠᠮᠢᠶᠠᠷᠤᠯᠲᠠ ᠶᠢᠨ ᠲᠦᠷᠢᠮ᠂ ᠦᠵᠡᠯ ᠰᠠᠨᠠᠭ᠎ᠠ ᠪᠠ ᠲᠤᠷᠰᠢᠯᠭ᠎ᠠ ᠵᠡᠷᠭᠡ ᠲᠠᠯ᠎ᠠ ᠪᠠᠷ ᠭᠦᠨᠵᠡᠭᠡᠶ | ᠨᠡᠪᠲᠡᠷᠡᠯᠴᠡᠨ ᠰᠣᠯᠢᠯᠴᠠᠨ᠎ᠠ᠃ | ᠲᠣᠰ ᠤᠳᠠᠭᠠᠨ ᠤ ᠲᠣᠭᠤᠷᠢᠨ ᠦᠵᠡᠵᠦ ᠰᠣᠯᠢᠯᠴᠠᠭ᠎ᠠ ᠬᠢᠭᠰᠡᠨ ᠨᠢ ᠡᠯ᠎ᠡ ᠬᠤᠰᠢᠭᠤ ᠰᠢᠶᠠᠨ ᠬᠤᠲᠠ | ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠬᠠᠮᠠᠭᠠᠯᠠᠯ ᠤᠨ ᠰᠢᠰᠲ᠋ᠧᠮ ᠤᠨ ᠨᠡᠪᠲᠡᠷᠡᠯᠴᠡᠭᠡ ᠰᠣᠯᠢᠯᠴᠠᠭ᠎ᠠ ᠶᠢ | ᠴᠢᠩᠭᠠᠳᠬᠠᠭᠰᠠᠨ ᠢᠶᠠᠷ ᠪᠠᠷᠠᠬᠤ ᠥᠬᠡᠶ᠂ ᠪᠠᠰᠠ ᠮᠠᠨ ᠤ ᠬᠤᠰᠢᠭᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ | ᠰᠢᠰᠲ᠋ᠧᠮ ᠤᠨ ᠲᠣᠰ ᠪᠡᠶ᠎ᠡ ᠶᠢᠨ ᠳᠠᠪᠠᠭᠤᠯᠢᠭ ᠢᠶᠠᠨ ᠦᠷᠭᠦᠯᠵᠢᠯᠡᠨ ᠪᠠᠳᠠᠷᠠᠭᠤᠯᠬᠤ ᠶᠢ ᠤᠯᠠᠮ ᠨᠢᠭᠡ ᠠᠯᠬᠤᠮ | ᠰᠢᠪᠠᠳᠠᠬᠤ ᠪᠣᠯᠤᠨ᠎ᠠ᠃ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠬᠠᠮᠠᠭᠠᠯᠠᠯ ᠤᠨ ᠵᠥᠪᠯᠡᠯ ᠡᠭᠦᠨ ᠢᠶᠠᠷ ᠠᠵᠠ | ᠲᠣᠬᠢᠶᠠᠯ ᠪᠣᠯᠭᠠᠵᠤ᠂ ᠪᠦᠭᠦ ᠬᠤᠰᠢᠭᠤᠨ ᠤ ᠡᠯ᠎ᠡ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠨᠠᠷ | ᠴᠢᠨᠰᠠᠭ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠥᠷᠭᠡᠨ ᠤᠯᠠᠨ ᠲᠦᠮᠡᠨ ᠳᠤ ᠨᠡᠩ ᠰᠢᠯᠢᠳᠡᠭ ᠡᠮ | ᠡᠮᠨᠡᠯᠭᠡ ᠶᠢᠨ ᠦᠢᠯᠡᠴᠢᠯᠡᠭᠡ ᠬᠠᠩᠭᠠᠨ᠎ᠠ᠃ | | | ᠵᠣᠬᠢᠶᠠᠭᠴᠢ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ | ᠣᠷᠴᠢᠭᠤᠯᠣᠨᠨᠴᠢ᠄ ᠭᠧ ᠲᠣᠸᠠᠨ ᠯᠢᠶᠡᠨ | | |