| ᠵᠢᠭᠡᠯᠡᠭᠰᠡᠨ ᠪᠠᠷᠢᠮᠳᠠ ᠪᠤᠯ ᠵᠤᠭᠤᠰ ᠵᠢᠬᠡᠯᠡᠭᠦᠯᠦᠭᠴᠢ ᠪᠠ ᠵᠤᠭᠤᠰ ᠵᠢᠭᠡᠯᠡᠭᠴᠢ ᠶᠢᠨ ᠬᠤᠭᠤᠷᠤᠨᠳᠤ ᠠᠪᠴᠠᠭ᠎ᠠ | ᠦᠭᠴᠡᠭᠡ ᠶᠢᠨ ᠬᠠᠷᠢᠴᠠᠭ᠎ᠠ ᠤᠷᠤᠰᠢᠵᠤ ᠪᠠᠶᠢᠬᠤ ᠶᠢᠨ ᠪᠢᠴᠢᠭ ᠤᠨ ᠬᠡᠯᠪᠡᠷᠢ ᠶᠢᠨ ᠬᠡᠷᠡᠴᠢ ᠪᠠᠷᠢᠮᠳᠠ ᠪᠤᠯᠤᠨ᠎ᠠ᠂ | ᠲᠡᠷᠡ ᠨᠢ ᠠᠷᠠᠳ ᠤᠨ ᠬᠤᠭᠤᠷᠤᠨᠳᠤᠬᠢ ᠵᠢᠭᠡᠯᠡᠯᠭᠡ ᠶᠢᠨ ᠠᠵᠢᠯᠯᠠᠭᠠᠨ ᠤ ᠲᠤᠮᠳᠠ ᠲᠤᠩ ᠴᠢᠬᠤᠯᠠ ᠪᠠᠶᠢᠳᠠᠭ᠃ | ᠲᠡᠭᠦᠨ ᠤ ᠴᠢᠬᠤᠯᠠ ᠴᠢᠨᠠᠷ ᠨᠢ ᠲᠤᠤᠷᠠᠬᠢ ᠬᠡᠳᠦᠨ ᠲᠠᠯ᠎ᠠ ᠪᠠᠷ ᠢᠯᠡᠷᠡᠵᠦ ᠪᠠᠶᠢᠳᠠᠭ᠄ | 1. ᠵᠤᠭᠤᠰ ᠪᠤᠴᠠᠭᠠᠬᠤ ᠦᠶ᠎ᠠ ᠳᠤ᠂ ᠵᠢᠭᠡᠯᠡᠭᠰᠡᠨ ᠪᠠᠷᠢᠮᠳᠠ ᠪᠤᠯ ᠵᠤᠭᠤᠰ ᠵᠢᠭᠡᠯᠡᠬᠦᠯᠦᠭᠴᠢ ᠨᠢ ᠵᠤᠭᠤᠰ | ᠵᠢᠭᠡᠯᠡᠭᠴᠢ ᠠᠴᠠ ᠡᠬᠡ ᠮᠦᠩᠬᠦ ᠪᠠᠨ ᠬᠤᠷᠢᠶᠠᠨ ᠠᠪᠴᠤ᠂ ᠬᠦᠦ ᠮᠦᠡᠭᠭᠦ ᠤᠯᠬᠤ ᠬᠠᠤᠯᠢ ᠶᠤᠰᠤᠨ ᠤ ᠠᠪᠴᠠᠭᠠᠨ ᠤ | ᠬᠡᠷᠡᠴᠢ ᠪᠠᠷᠢᠮᠳᠠ ᠪᠤᠯᠤᠨ᠎ᠠ᠃ | 2. ᠵᠢᠭᠤᠷᠠᠯᠳᠤᠭᠠᠨ ᠡᠬᠦᠰᠬᠦ ᠦᠶ᠎ᠠ ᠳᠤ᠂ ᠵᠢᠭᠡᠯᠡᠭᠰᠡᠨ ᠪᠠᠷᠢᠮᠳᠠ ᠪᠤᠯ ᠵᠤᠭᠤᠰ ᠵᠢᠭᠡᠯᠡᠭᠦᠯᠦᠭᠴᠢ ᠵᠠᠷᠭᠤ ᠶᠢᠨ | ᠵᠢᠷᠤᠮ ᠢᠶᠠᠷ ᠲᠠᠮᠵᠢᠭᠤᠯᠤᠨ ᠦᠷᠢ ᠦᠭᠴᠡᠭᠡ ᠶᠢᠨ ᠵᠢᠭᠤᠷᠠᠯᠳᠤᠭᠠᠨ ᠢ ᠰᠶᠢᠳᠪᠤᠷᠢᠯᠡᠬᠦ ᠴᠢᠬᠤᠯᠠ ᠪᠢᠴᠢᠭ ᠤᠨ | ᠪᠠᠷᠢᠮᠳᠠ ᠪᠤᠯᠤᠨ᠎ᠠ᠃ ᠡᠶᠢᠮᠦ ᠠᠴᠠ ᠡᠳᠦᠷ ᠲᠤᠳᠤᠮ ᠤᠨ ᠠᠮᠢᠳᠤᠷᠠᠯ ᠲᠤᠮᠳᠠ᠂ ᠲᠤᠬᠠᠢ ᠶᠢᠨ ᠬᠦᠮᠦᠨ ᠤ | ᠬᠤᠭᠤᠷᠤᠨᠳᠤ ᠵᠢᠭᠡᠯᠡᠯᠭᠡ ᠶᠢᠨ ᠬᠠᠷᠢᠴᠠᠭ᠎ᠠ ᠪᠤᠯᠵᠤ ᠪᠦᠷᠢᠯᠳᠦᠬᠦ ᠳᠤ ᠡᠷᠭᠡᠪᠰᠢ ᠪᠢᠴᠢᠭ ᠤᠨ ᠬᠡᠯᠪᠡᠷᠢ ᠶᠢᠨ ᠵᠢᠭᠡᠯᠡᠭᠰᠡᠨ | ᠪᠠᠷᠢᠮᠳᠠ ᠲᠤᠬᠳᠠᠭᠠᠬᠤ ᠬᠡᠷᠡᠭᠳᠡᠢ ᠪᠦᠭᠡᠳ ᠲᠡᠭᠦᠨ ᠢᠶᠠᠨ ᠵᠦᠢ ᠵᠤᠬᠢᠰᠳᠠᠢ ᠬᠠᠳᠠᠭᠠᠯᠠᠨ ᠬᠠᠮᠢᠶᠠᠷᠬᠤ ᠬᠡᠷᠡᠭᠳᠡᠢ᠂ | ᠢᠩᠬᠢᠪᠡᠯ ᠰᠠᠶ᠋ᠢ ᠦᠪᠡᠷ ᠤᠨ ᠬᠠᠤᠯᠢ ᠶᠤᠰᠤᠨ ᠤ ᠡᠷᠬᠡ ᠠᠰᠢᠭ ᠢᠶᠠᠨ ᠦᠨᠡᠨ ᠬᠦ ᠬᠠᠮᠠᠭᠠᠯᠠᠵᠤ ᠴᠢᠳᠠᠨ᠎ᠠ᠃ | |