| ᠣᠶᠢᠷ᠎ᠠ ᠳᠤ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠡᠳ᠋ ᠤᠨ | ᠵᠠᠰᠠᠭ ᠤᠨ ᠶᠠᠮᠤᠨ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ︽ᠠᠵᠢᠯ ᠠᠯᠳᠠᠯᠲᠠ ᠶᠢᠨ | ᠳᠠᠭᠠᠳᠬᠠᠯ ᠤᠨ ᠠᠵᠢᠯ ᠤᠨ ᠪᠠᠶᠢᠷᠢ ᠶᠢ ᠲᠤᠭᠲᠠᠪᠤᠷᠢᠵᠢᠭᠤᠯᠵᠤ᠂ ᠤᠷ᠎ᠠ ᠴᠢᠳᠠᠪᠤᠷᠢ ᠶᠢ ᠳᠡᠭᠡᠭᠰᠢᠯᠡᠭᠦᠯᠵᠦ ᠠᠵᠢᠯ | ᠠᠯᠳᠠᠬᠤ ᠶᠢ ᠰᠡᠷᠭᠡᠶᠢᠯᠡᠬᠦ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ᠳᠠᠷᠤᠮᠠᠯᠯᠠᠨ ᠲᠠᠷᠬᠠᠭᠠᠪᠠ᠃ | ᠠᠵᠢᠯ ᠠᠯᠲᠠᠯᠲᠠ ᠶᠢᠨ ᠳᠠᠭᠠᠳᠬᠠᠯ ᠤᠨ ᠮᠥᠩᠭᠦ ᠨᠥᠬᠦᠪᠥᠷᠢ ᠮᠥᠩᠭᠦ ᠶᠢ ᠬᠡᠷᠬᠢᠨ ᠭᠤᠶᠤᠴᠢᠯᠠᠬᠤ ᠪᠣᠶ︖ | 1.【 ᠲᠥᠷᠥ ᠶᠢᠨ ᠶᠠᠪᠤᠳᠠᠯ ᠤᠨ ᠬᠤᠷᠢᠶᠠᠨ ᠤ ᠬᠡᠷᠡᠭᠯᠡᠭᠴᠢᠳ ᠤᠨ ᠵᠢᠵᠢᠭ ᠫᠷᠤᠭ᠍ᠷᠠᠮ 】→ ᠡᠯᠧᠺᠲᠷᠤᠨ | ᠨᠡᠶᠢᠭᠡᠮ ᠤᠨ ᠪᠠᠲᠤᠯᠠᠭ᠎ᠠ ᠶᠢᠨ ᠺᠠᠷᠲ ᠲᠤ ᠣᠷᠣᠵᠤ᠂ ᠡᠯᠧᠺᠲᠷᠤᠨ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ | ᠮᠡᠳᠡᠭᠡ ᠵᠠᠩᠭᠢ ᠶᠢ ᠪᠠᠶᠢᠴᠠᠭᠠᠨ ᠦᠵᠡᠨ᠎ᠡ᠃ | 2. ᠠᠵᠢᠯ ᠠᠯᠳᠠᠯᠲᠠ ᠶᠢᠨ ᠳᠠᠭᠠᠳᠬᠠᠯ ᠤᠨ ᠣᠯᠭᠤᠮᠵᠢ ᠭᠤᠶᠤᠴᠢᠯᠠᠨ ᠠᠪᠬᠤ ᠶᠢ ᠲᠣᠪᠴᠢᠳᠠᠵᠤ᠂ | ᠭᠤᠶᠤᠴᠢᠯᠠᠨ ᠠᠪᠤᠭᠰᠠᠨ ᠳᠠᠭᠠᠳᠬᠠᠯ ᠳᠤ ᠣᠷᠣᠯᠴᠠᠭᠰᠠᠨ ᠭᠠᠵᠠᠷ ᠤᠨ ᠠᠵᠢᠯ ᠠᠯᠳᠠᠯᠲᠠ ᠶᠢᠨ ᠳᠠᠭᠠᠳᠬᠠᠯ ᠤᠨ | ᠮᠥᠩᠭᠦ ᠪᠤᠶᠤ ᠠᠵᠢᠯ ᠠᠯᠳᠠᠯᠲᠠ ᠶᠢᠨ ᠲᠤᠰᠠᠯᠠᠮᠵᠢ ᠶᠢᠨ ᠮᠥᠩᠭᠦ ᠶᠢ ᠰᠦᠯᠵᠢᠶᠡᠨ ᠳᠡᠭᠡᠷ᠎ᠡ ᠭᠤᠶᠤᠴᠢᠯᠠᠨ ᠠᠪᠬᠤ | ᠦᠢᠯᠡᠴᠢᠯᠡᠭᠡ ᠶᠢ ᠨᠡᠭᠡᠭᠡᠭᠰᠡᠨ ᠡᠰᠡᠬᠦ ᠶᠢ ᠯᠠᠪᠯᠠᠨ᠎ᠠ᠃ ᠣᠳᠣᠬᠠᠨ ᠳᠤ ᠪᠦᠬᠦ ᠤᠯᠤᠰ ᠤᠨ ᠪᠤᠶ ᠪᠦᠬᠦᠢ ᠮᠤᠵᠢ ︵ | ᠦᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ ᠶᠢᠨ ᠠᠵᠢᠯ ᠠᠯᠲᠠᠯᠲᠠ ᠶᠢᠨ ᠳᠠᠭᠠᠳᠬᠠᠯ ᠤᠨ ᠮᠥᠩᠭᠦ | ᠪᠣᠯᠤᠨ ᠠᠵᠢᠯ ᠠᠯᠲᠠᠯᠲᠠ ᠶᠢᠨ ᠨᠥᠬᠦᠪᠥᠷᠢ ᠮᠥᠩᠭᠦ ᠶᠢ ᠴᠥᠮ ᠨᠢᠭᠡᠳᠦᠯᠲᠡᠶ ᠭᠤᠶᠤᠴᠢᠯᠠᠨ ᠠᠪᠬᠤ ᠦᠢᠯᠡᠴᠢᠯᠡᠭᠡ | ᠭᠠᠷᠭᠠᠭᠰᠠᠨ ᠪᠠᠶᠢᠨ᠎ᠠ᠃ | 3. ᠨᠢᠭᠡᠨᠲᠡ ᠦᠢᠯᠡᠴᠢᠯᠡᠭᠡ ᠨᠡᠪᠲᠡᠷᠡᠭᠦᠯᠦᠭᠰᠡᠨ ᠭᠠᠵᠠᠷ ᠣᠷᠣᠨ ᠪᠦᠬᠦᠨ ᠠᠵᠢᠯ ᠠᠯᠲᠠᠯᠲᠠ ᠶᠢᠨ | ᠳᠠᠭᠠᠳᠬᠠᠯ ᠤᠨ ᠮᠥᠩᠭᠦ ᠪᠤᠶᠤ ᠠᠵᠢᠯ ᠠᠯᠲᠠᠯᠲᠠ ᠶᠢᠨ ᠨᠥᠬᠦᠪᠥᠷᠢ ᠮᠥᠩᠭᠦ ᠶᠢ ︽ᠭᠤᠶᠤᠴᠢᠯᠠᠨ ᠠᠪᠬᠤ︾ | ᠲᠣᠪᠴᠢ ᠶᠢ ᠲᠣᠪᠴᠢᠳᠠᠵᠤ᠂ ᠳᠠᠭᠠᠳᠬᠠᠯ ᠳᠤ ᠣᠷᠣᠯᠴᠠᠭᠰᠠᠨ ᠭᠠᠵᠠᠷ᠂ ᠪᠠᠩᠬᠢ ᠶᠢᠨ ᠲᠠᠩᠰᠠᠨ ᠨᠣᠮᠧᠷ ᠵᠡᠷᠭᠡ | ᠮᠡᠳᠡᠭᠡ ᠵᠠᠩᠭᠢ ᠶᠢ ᠬᠢᠨᠠᠨ ᠬᠠᠷᠭᠤᠭᠤᠯᠬᠤ ᠪᠤᠶᠤ ᠪᠢᠴᠢᠵᠦ ᠣᠷᠣᠭᠤᠯᠪᠠᠯ ᠳᠠᠷᠤᠶ ᠭᠤᠶᠤᠴᠢᠯᠠᠯ ᠢ ᠪᠡᠶᠡᠯᠡᠭᠦᠯᠵᠦ | ᠪᠣᠯᠤᠨ᠎ᠠ᠃ | 4. ᠠᠵᠢᠯ ᠠᠯᠲᠠᠯᠲᠠ ᠶᠢᠨ ᠳᠠᠭᠠᠳᠬᠠᠯ ᠤᠨ ᠮᠥᠩᠭᠦ ᠪᠤᠶᠤ ᠠᠵᠢᠯ ᠠᠯᠲᠠᠯᠲᠠ ᠶᠢᠨ ᠨᠥᠬᠦᠪᠥᠷᠢ ᠮᠥᠩᠭᠦ ᠶᠢᠨ | ︽ᠨᠠᠷᠢᠨ ᠪᠠᠶᠢᠳᠠᠯ ᠢ ᠪᠠᠶᠢᠴᠠᠭᠠᠨ ᠦᠵᠡᠬᠦ︾ ᠲᠣᠪᠴᠢ ᠶᠢ ᠲᠣᠪᠴᠢᠳᠠᠪᠠᠯ᠂ ᠭᠤᠶᠤᠴᠢᠯᠠᠯ ᠢ ᠬᠢᠨᠠᠨ | ᠬᠠᠷᠭᠤᠭᠤᠯᠤᠭᠰᠠᠨ ᠦᠷ᠎ᠡ ᠳ᠋ᠦᠩ ᠢ ᠪᠠᠶᠢᠴᠠᠭᠠᠨ ᠯᠠᠪᠯᠠᠵᠤ ᠪᠣᠯᠤᠨ᠎ᠠ᠃ ᠬᠢᠨᠠᠨ ᠪᠠᠶᠢᠴᠠᠭᠠᠭᠠᠳ ᠭᠤᠶᠤᠴᠢᠯᠠᠨ ᠠᠪᠬᠤ | ᠨᠥᠬᠦᠴᠡᠯ ᠳᠤ ᠨᠡᠶᠢᠴᠡᠪᠡᠯ ᠳᠠᠩᠰᠠᠯᠠᠭᠤᠯᠤᠭᠰᠠᠨ ᠪᠠᠩᠬᠢ ᠶᠢᠨ ᠲᠠᠩᠰᠠᠨ ᠡᠷᠦᠬᠡ ᠪᠠᠷ ᠳᠡᠮᠵᠢᠨ ᠠᠵᠢᠯ ᠠᠯᠲᠠᠯᠲᠠ ᠶᠢᠨ | ᠨᠥᠬᠦᠪᠥᠷᠢ ᠪᠤᠶᠤ ᠠᠵᠢᠯ ᠠᠯᠲᠠᠯᠲᠠ ᠶᠢᠨ ᠳᠠᠭᠠᠳᠬᠠᠯ ᠢ ᠣᠯᠵᠤ ᠪᠣᠯᠤᠨ᠎ᠠ᠃ | |