ᠣᠶᠢᠷ᠎ᠠ ᠳᠤ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ | ᠤᠯᠠᠭᠠᠨᠴᠠᠪ ᠤᠨ ᠴᠤᠤ ᠵᠢᠤᠢ ᠨᠢᠳᠦᠨ ᠤ ᠰᠠᠯᠠᠭᠠᠨ ᠤ ᠡᠮᠨᠡᠯᠭᠡ ᠶᠢᠨ ᠬᠤᠷᠢᠶ᠎ᠠ ᠲᠠᠢ ᠬᠠᠮᠲᠤᠷᠠᠨ ᠴᠠᠬᠠᠷ ᠪᠠᠷᠠᠭᠤᠨ | ᠭᠠᠷᠤᠨ ᠳᠤᠮᠳᠠᠳᠤ ᠬᠤᠰᠢᠭᠤᠨ ᠤ ᠵᠢᠶᠠ ᠶᠤᠸᠠᠨ ᠨᠡᠶᠢᠭᠡᠮ ᠲᠣᠭᠤᠷᠢᠭ ᠲᠤ 2023 ᠣᠨ ᠤ ︽ᠭᠡᠷᠡᠯ ᠭᠡᠭᠡ ᠶᠢᠨ | ᠠᠶᠠᠯᠠᠯ︾ ᠴᠠᠭᠠᠨ ᠬᠠᠷᠠᠩ ᠢ ᠠᠷᠢᠯᠭᠠᠵᠦ ᠬᠠᠷᠠᠭ᠎ᠠ ᠤᠷᠤᠭᠤᠯᠬᠤ ᠨᠡᠶᠢᠭᠡᠮ ᠨᠡᠶᠢᠲᠡ ᠶᠢᠨ ᠠᠰᠠᠷᠠᠮᠵᠢ ᠶᠢᠨ | ᠠᠵᠢᠯᠯᠠᠭ᠎ᠠ ᠥᠷᠨᠢᠭᠦᠯᠪᠡ᠃ | | | | | ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ ᠡᠮᠴᠢ ᠰᠤᠪᠢᠯᠠᠭᠴᠢᠳ ᠪᠠᠶᠢᠴᠠᠭᠠᠯᠲᠠ ᠳᠤ ᠣᠷᠣᠯᠴᠠᠭᠰᠠᠨ | ᠨᠠᠰᠤᠲᠠᠶᠢᠴᠤᠳ ᠲᠤ ᠮᠡᠳᠡᠭᠡ ᠵᠠᠩᠭᠢ ᠶᠢᠨ ᠲᠠᠩᠰᠠᠯᠠᠯᠳᠠ ᠭᠢᠬᠦ ᠶᠢᠨ ᠬᠠᠮᠲᠤ ᠲᠡᠷᠢᠭᠦᠨ ᠤ ᠲᠤᠰᠬᠠᠶ ᠮᠡᠷᠭᠡᠵᠢᠯ ᠤᠨ | ᠨᠢᠳᠦᠨ ᠤ ᠰᠠᠯᠠᠭᠠᠨ ᠤ ᠬᠡᠮᠵᠢᠭᠦᠷᠯᠢᠭ ᠢᠶᠠᠷ ᠬᠠᠷᠠᠭ᠎ᠠ᠂ ᠴᠠᠭᠠᠨ ᠬᠠᠷᠠᠩ᠂ ᠨᠢᠳᠦᠨ ᠤ ᠢᠷᠤᠭᠠᠷ ᠵᠡᠷᠭᠡ ᠠᠨᠠᠭᠠᠬᠤ | ᠤᠬᠠᠭᠠᠨ ᠤ ᠪᠠᠶᠢᠴᠠᠭᠠᠯᠲᠠ ᠬᠢᠵᠦ᠂ ᠴᠠᠭᠠᠨ ᠬᠠᠷᠠᠩ ᠢ ᠪᠠᠶᠢᠴᠠᠭᠠᠨ ᠭᠠᠷᠭᠠᠭᠰᠠᠨ ᠢᠳᠡᠷ ᠦᠳᠡᠯᠦᠭᠡ ᠨᠠᠰᠤᠨ ᠤ | ᠭᠦᠮᠤᠰ ᠲᠤ ᠰᠢᠨᠵᠢᠯᠡᠬᠦ ᠤᠬᠠᠭᠠᠨᠴᠢ ᠰᠠᠨᠠᠭᠤᠯᠭ᠎ᠠ ᠳᠤᠷᠠᠳᠪᠠ᠃ ᠪᠠᠶᠢᠴᠠᠭᠠᠬᠤ ᠶᠠᠪᠤᠴᠠ ᠳᠤ᠂ ᠡᠮᠴᠢ | ᠰᠤᠪᠢᠯᠠᠭᠴᠢᠳ ᠪᠠᠰᠠ ᠴᠠᠭᠠᠨ ᠬᠠᠷᠠᠩ ᠤᠨ ᠦᠨᠳᠦᠰᠦᠨ ᠶᠡᠷᠦ ᠶᠢᠨ ᠮᠡᠳᠡᠯᠭᠡ᠂ ᠤᠷᠢᠳᠴᠢᠯᠠᠨ ᠰᠡᠷᠭᠡᠶᠢᠯᠡᠵᠦ | ᠵᠠᠰᠠᠬᠤ᠂ ᠨᠢᠳᠦᠨ ᠤ ᠡᠷᠡᠭᠦᠯ ᠮᠡᠨᠳᠦ ᠶᠢ ᠬᠠᠮᠠᠭᠠᠯᠠᠬᠤ ᠵᠡᠷᠭᠡ ᠬᠠᠮᠢᠶ᠎ᠠ ᠪᠦᠬᠦᠢ ᠮᠡᠳᠡᠯᠭᠡ ᠶᠢ ᠬᠦᠯᠢᠴᠡᠩᠭᠦᠶ ᠪᠥᠭᠡᠳ | ᠨᠠᠷᠢᠨ ᠨᠢᠮᠪᠠᠶ ᠲᠠᠶᠢᠯᠪᠤᠷᠢᠯᠠᠵᠤ᠂ ᠢᠳᠡᠷ ᠥᠲᠡᠯᠦᠭᠡ ᠨᠠᠰᠤᠨ ᠤ ᠬᠦᠮᠤᠰ ᠤᠨ ᠬᠠᠷᠠᠭᠠᠨ ᠤ ᠡᠷᠡᠭᠦᠯ ᠮᠡᠨᠳᠦ ᠶᠢ | ᠠᠩᠬᠠᠷᠴᠤ᠂ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠢ ᠪᠤᠢ ᠪᠣᠯᠭᠠᠬᠤ ᠶᠢ ᠭᠦᠳᠤᠯᠤᠨ ᠵᠢᠯᠤᠭᠤᠳᠪᠠ᠃ | | | | | ᠬᠦᠭᠡᠪᠤᠷ ᠪᠠᠯᠭᠠᠰᠤᠨ ᠤ ᠰᠠᠭᠤᠭᠠᠯᠢ ᠠᠷᠠᠳ ᠳ᠋ᠢᠩ ᠰᠢᠤᠸᠠᠨ ᠰᠤᠷᠪᠤᠯᠵᠢᠯᠠᠭ᠎ᠠ ᠭᠦᠯᠢᠶᠡᠬᠦ ᠳᠡᠭᠡᠨ᠄ ︽ | ᠥᠨᠥᠳᠦᠷ᠂ ᠨᠢᠳᠦᠨ ᠤ ᠰᠠᠯᠠᠭᠠᠨ ᠤ ᠡᠮᠴᠢ ᠮᠠᠨ ᠤ ᠠᠳᠡ ᠢᠷᠡᠵᠦ᠂ ᠮᠠᠨ ᠤ ᠥᠷᠭᠡᠨ ᠣᠯᠠᠨ ᠨᠠᠰᠤᠲᠠᠨ ᠳᠤ ᠴᠠᠭᠠᠨ | ᠬᠠᠷᠠᠩ ᠢ ᠰᠢᠭᠰᠢᠨ ᠪᠠᠶᠢᠴᠠᠭᠠᠬᠤ ᠠᠵᠢᠯ ᠬᠢᠵᠦ᠂ ᠨᠠᠰᠤᠲᠠᠨ ᠢᠶᠠᠨ ᠬᠠᠶᠢᠷᠠᠯᠠᠨ ᠬᠠᠯᠠᠮᠵᠢᠯᠠᠵᠤ᠂ ᠲᠡᠷᠡᠴᠢᠯᠡᠨ ᠬᠠᠶᠢᠷ᠎ᠠ | ᠬᠠᠯᠠᠮᠵᠢ ᠬᠦᠷᠭᠡᠪᠡ᠂ ᠪᠢ ᠮᠠᠰᠢ ᠲᠠᠯᠠᠷᠬᠠᠵᠤ ᠪᠠᠶᠢᠨ᠎ᠠ︕︾ ᠭᠡᠵᠡᠶ᠃ | | | | | ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 1338 ᠢᠳᠡᠷ ᠥᠲᠡᠯᠦᠭᠡ ᠨᠠᠰᠤᠨ ᠤ ᠬᠦᠮᠦᠰ ᠦᠨ᠎ᠡ | ᠲᠥᠯᠥᠪᠦᠷᠢ ᠦᠭᠡᠢ ᠪᠠᠷ ᠰᠢᠭᠰᠢᠨ ᠪᠠᠶᠢᠴᠠᠭᠠᠬᠤ ᠠᠵᠢᠯᠯᠠᠭ᠎ᠠ ᠳᠤ ᠣᠷᠣᠯᠴᠠᠵᠤ᠂ ᠤᠯᠠᠭᠠᠨᠴᠠᠪ ᠤᠨ ᠴᠤᠤ ᠵᠢᠤᠢ | ᠨᠢᠳᠦᠨ ᠤ ᠡᠮᠨᠡᠯᠭᠡ ᠶᠢᠨ ᠬᠤᠷᠢᠶ᠎ᠠ ᠨᠢ ᠮᠡᠰᠡ ᠵᠠᠰᠠᠯ ᠤᠨ ᠨᠥᠬᠦᠴᠡᠯ ᠳᠤ ᠨᠡᠶᠢᠴᠡᠬᠦ ᠡᠪᠡᠳᠴᠢᠲᠡᠨ ᠳᠤ ᠦᠨ᠎ᠡ | ᠲᠥᠯᠥᠪᠦᠷᠢ ᠦᠭᠡᠢ ᠪᠠᠷ ᠴᠠᠭᠠᠨ ᠬᠠᠷᠠᠩ ᠤᠨ ᠮᠡᠰᠡ ᠵᠠᠰᠠᠯ ᠬᠢᠵᠦ᠂ ᠶᠠᠳᠠᠭᠤ ᠬᠦᠴᠢᠷᠳᠡᠯᠲᠡᠶ ᠴᠠᠭᠠᠨ ᠬᠠᠷᠠᠩ | ᠡᠪᠡᠳᠴᠢᠲᠡᠨ ᠢ ᠡᠷᠲᠡᠬᠡᠨ ᠡᠷᠡᠭᠦᠯᠵᠢᠭᠦᠯᠬᠦ ᠪᠣᠯᠤᠨ᠎ᠠ᠃ | | | | | ᠤᠯᠠᠭᠠᠨᠴᠠᠪ ᠤᠨ ᠴᠤᠤ ᠵᠢᠤᠢ ᠨᠢᠳᠦᠨ ᠤ ᠰᠠᠯᠠᠭᠠᠨ ᠤ ᠡᠮᠨᠡᠯᠭᠡ ᠶᠢᠨ ᠬᠤᠷᠢᠶ᠎ᠠ᠂ ᠡᠷᠡᠭᠦᠯ ᠮᠡᠨᠳᠦ ᠶᠢᠨ | ᠰᠤᠷᠭᠠᠨ ᠬᠥᠮᠦᠵᠢᠯ ᠤᠨ ᠶᠠᠮᠤᠨ ᠤ ᠵᠠᠬ᠎ᠠ ᠲᠡᠯᠭᠡᠭᠦᠷ ᠤᠨ ᠰᠢᠭᠰᠢᠨ ᠪᠠᠶᠢᠴᠠᠭᠠᠬᠤ ᠡᠮᠴᠢ ᠪᠢᠶᠠᠨ ᠺᠠᠶ᠄ | ᠤᠯᠠᠭᠠᠨᠴᠠᠪ ᠤᠨ ᠴᠤᠤ ᠵᠢᠤᠢ ᠨᠢᠳᠦᠨ ᠤ ᠡᠮᠨᠡᠯᠭᠡ ᠶᠢᠨ ᠬᠤᠷᠢᠶ᠎ᠠ ᠪᠣᠯ ᠥᠪᠡᠷᠲᠡᠭᠡᠨ ᠵᠠᠰᠠᠬᠤ ᠣᠷᠣᠨ ᠤ ︽ᠭᠡᠷᠡᠯ | ᠭᠡᠭᠡ ᠶᠢᠨ ᠠᠶᠠᠯᠠᠯ︾ ᠤᠨ ᠨᠡᠶᠢᠭᠡᠮ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢᠨ ᠲᠥᠷᠥᠯ ᠵᠦᠢᠯ ᠤᠨ ᠵᠢᠭᠠᠨ | ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠪᠣᠯᠤᠨ᠎ᠠ᠂ ︽ᠭᠡᠷᠡᠯ ᠭᠡᠭᠡ ᠶᠢᠨ ᠠᠶᠠᠯᠠᠯ︾ ᠤᠨ ᠴᠠᠭᠠᠨ ᠬᠠᠷᠠᠩ ᠤᠨ | ᠬᠠᠷᠠᠭ᠎ᠠ ᠣᠷᠣᠭᠤᠯᠬᠤ ᠨᠡᠶᠢᠭᠡᠮ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ᠂ ᠰᠢᠭᠰᠢᠨ ᠪᠠᠶᠢᠴᠠᠭᠠᠬᠤ ᠠᠵᠢᠯ ᠢ | ᠨᠢᠭᠡᠨᠲᠡ ᠪᠠᠶᠢᠩᠭᠤᠵᠢᠭᠤᠯᠪᠠ᠂ ᠮᠠᠨ ᠤ ᠰᠢᠭᠰᠢᠨ ᠪᠠᠶᠢᠴᠠᠭᠠᠬᠤ ᠳᠤᠭᠤᠶᠢᠯᠠᠩ ᠡᠨᠡ ᠵᠢᠯ ᠤᠨ 2 ᠰᠠᠷ᠎ᠠ ᠶᠢᠨ 27 ᠤ | ᠡᠳᠦᠷ ᠠᠴᠠ ᠡᠬᠢᠯᠡᠨ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ︽ᠬᠠᠷᠠᠭ᠎ᠠ ᠰᠡᠷᠭᠦᠭᠡᠬᠦ ᠠᠶᠠᠯᠠᠯ︾ ᠤᠨ | ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠬᠢᠵᠦ᠂ ᠣᠲᠣ ᠪᠣᠯᠲᠠᠯ᠎ᠠ ᠨᠡᠶᠢᠲᠡ ᠭᠤᠷᠪᠠᠨ ᠰᠢᠶᠠᠩ᠂ 54 | ᠲᠣᠰᠬᠤᠨ ᠤ ᠠᠷᠠᠳ ᠤᠨ ᠵᠥᠪᠯᠡᠯ᠂ 3 ᠨᠡᠶᠢᠭᠡᠮ ᠲᠣᠭᠤᠷᠢᠭ ᠲᠤ ᠨᠡᠶᠢᠲᠡ 1338 ᠬᠥᠮᠦᠨ ᠢ ᠰᠢᠭᠰᠢᠨ | ᠪᠠᠶᠢᠴᠠᠭᠠᠵᠤ᠂ ᠨᠢᠳᠦᠨ ᠤ ᠡᠪᠡᠳᠴᠢᠲᠡᠨ ᠤ 206 ᠬᠥᠮᠦᠨ ᠡᠭᠦᠨ ᠳᠤ ︵ᠴᠠᠭᠠᠨ ᠬᠠᠷᠠᠩ᠂ ᠳᠠᠯᠠᠪᠴᠢ ᠭᠡᠯᠪᠡᠷᠢᠳᠦ | ᠮᠢᠬ᠎ᠠ ᠵᠡᠷᠭᠡ︶ ᠴᠠᠭᠠᠨ ᠬᠠᠷᠠᠩ ᠡᠮᠨᠡᠯᠭᠡ ᠳᠤ ᠪᠤᠴᠠᠭᠠᠬᠤ ᠮᠡᠰᠡ ᠵᠠᠰᠠᠯ ᠬᠢᠭᠰᠡᠨ 46 ᠬᠥᠮᠦᠨ᠂ ︽ᠭᠡᠷᠡᠯ | ᠭᠡᠭᠡ ᠶᠢᠨ ᠠᠶᠠᠯᠠᠯ︾ ᠤᠨ ᠠᠰᠢᠭ ᠭᠥᠷᠳᠡᠭᠰᠡᠨ ᠬᠥᠮᠦᠨ ᠤ ᠲᠤᠭ᠎ᠠ 36 ᠬᠥᠮᠦᠨ 》 ᠢ ᠪᠠᠶᠢᠴᠠᠭᠠᠨ ᠭᠠᠷᠭᠠᠵᠠᠶ᠃ | ᠠᠵᠢᠯᠯᠠᠭ᠎ᠠ ᠶᠢ ᠥᠷᠨᠢᠭᠦᠯᠦᠭᠰᠡᠨ ᠠᠴᠠ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠷᠢᠶᠠᠲᠤ | ᠣᠷᠣᠨ ᠤ ᠢᠳᠡᠷ ᠦᠳᠡᠯᠦᠭᠡ ᠨᠠᠰᠤᠨ ᠤ ᠭᠦᠮᠤᠰ ᠲᠤ ᠴᠠᠭᠠᠨ ᠬᠠᠷᠠᠩ ᠤᠨ ᠡᠪᠡᠳᠴᠢᠨ ᠡᠮᠭᠡᠭ ᠢ ᠰᠡᠷᠭᠡᠶᠢᠯᠡᠬᠦ | ᠮᠡᠳᠡᠯᠭᠡ ᠶᠢ ᠤᠶᠢᠯᠭᠠᠭᠤᠯᠵᠦ᠂ ᠡᠳᠦᠷ ᠲᠤᠲᠤᠮ ᠤᠨ ᠬᠠᠷᠠᠭᠠᠨ ᠤ ᠬᠠᠮᠠᠭᠠᠯᠠᠯᠲᠠ ᠶᠢᠨ ᠴᠢᠬᠤᠯᠠ ᠴᠢᠨᠠᠷ ᠢ ᠭᠦᠨᠵᠡᠭᠡᠶ | ᠲᠠᠨᠢᠭᠤᠯᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠨᠢᠳᠦᠨ ᠤ ᠡᠪᠡᠳᠴᠢᠨ ᠡᠮᠭᠡᠭ ᠢ ᠨᠠᠩ ᠭᠦᠨᠵᠡᠭᠡᠶ | ᠣᠶᠢᠯᠠᠭᠠᠭᠤᠯᠵᠤ᠂ ᠡᠪᠡᠳᠴᠢᠨ ᠡᠮᠭᠡᠭ ᠢ ᠡᠷᠲᠡ ᠰᠡᠷᠭᠡᠶᠢᠯᠡᠬᠦ᠂ ᠡᠷᠲᠡ ᠢᠯᠡᠷᠡᠭᠦᠯᠬᠦ᠂ ᠡᠷᠲᠡ ᠡᠮᠨᠡᠨ ᠵᠠᠰᠠᠬᠤ ᠶᠢ | ᠪᠡᠶᠡᠯᠡᠭᠦᠯᠵᠦ᠂ ᠡᠷᠡᠭᠦᠯ ᠰᠠᠷᠠᠭᠤᠯ ᠠᠮᠢᠳᠤᠷᠠᠯ ᠤᠨ ᠣᠶᠢᠯᠠᠭᠠᠭᠳᠠᠬᠤᠨ ᠢ ᠪᠣᠶ ᠪᠤᠯᠭᠠᠵᠦ ᠦᠭᠭᠦᠭᠰᠡᠨ ᠪᠠᠶᠢᠨ᠎ᠠ᠃ | | ᠵᠣᠬᠢᠶ᠋ᠬᠠᠴᠢ᠄ ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ ᠬᠠᠮ ᠵᠠᠭᠤᠴᠢᠯᠠᠭᠤᠷ ᠤᠨ | ᠲᠥᠪ | ᠣᠷᠴᠢᠭᠤᠯᠣᠨᠨᠴᠢ᠄ ᠬᠠᠶᠢᠷᠬᠠᠨ | |