ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ 2022 ᠣᠨ ᠤ ᠤᠤᠭᠤᠬᠤ ᠤᠰᠤᠨ ᠤ ᠠᠮᠤᠷ ᠲᠦᠪᠰᠢᠨ ᠢ ᠪᠠᠬᠢᠵᠢᠭᠦᠯᠦᠨ ᠳᠡᠭᠡᠭᠰᠢᠯᠡᠭᠦᠯᠬᠦ ᠢᠨᠵᠧᠨᠧᠷᠢᠩ ᠤᠨ ᠪᠠᠷᠢᠯᠭ᠎ᠠ ᠳᠠᠭᠤᠰᠴᠤ ᠰᠢᠯᠭᠠᠨ ᠠᠪᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/7/10
    7 ᠰᠠᠷ᠎ᠠ ᠶᠢᠨ 5 ᠤ ᠡᠳᠦᠷ ᠤᠨ ᠦᠳᠡ ᠶᠢᠨ ᠡᠮᠦᠨ᠎ᠡ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠬᠤᠶᠠᠳᠤᠭᠠᠷ ᠳᠠᠪᠬᠤᠷᠯᠢᠭ ᠠᠰᠠᠷ ᠤᠨ ᠬᠤᠷᠠᠯ ᠤᠨ ᠬᠡᠷ ᠲᠤ 2022 ᠣᠨ ᠤ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠤᠭᠤᠬᠤ ᠤᠰᠤᠨ ᠤ ᠠᠮᠤᠷ ᠲᠦᠪᠰᠢᠨ ᠢ ᠪᠠᠬᠢᠵᠢᠭᠦᠯᠦᠨ ᠳᠡᠭᠡᠭᠰᠢᠯᠡᠭᠦᠯᠬᠦ ᠢᠨᠵᠧᠨᠧᠷᠢᠩ ᠤᠨ  ᠪᠠᠷᠢᠯᠭ᠎ᠠ ᠶᠢᠨ  ᠠᠵᠢᠯ ᠳᠠᠭᠤᠰᠤᠭᠰᠠᠨ ᠢ ᠰᠢᠯᠭᠠᠨ ᠠᠪᠬᠤ ᠬᠤᠷᠠᠯ ᠬᠤᠷᠠᠯᠳᠤᠭᠤᠯᠵᠤ᠂ ᠬᠤᠷᠠᠯ ᠢ ᠤᠰᠤᠨ ᠠᠰᠢᠭᠯᠠᠯᠲᠠ ᠶᠢᠨ ᠲᠣᠪᠴᠢᠶᠠᠨ ᠤ ᠯᠢᠦ ᠸᠧᠨ ᠱᠤᠸᠠᠨ ᠳᠡᠳ᠋ ᠲᠣᠪᠴᠢᠶᠠᠨ ᠳᠠᠷᠤᠭ᠎ᠠ ᠡᠷᠭᠢᠯᠡᠵᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠭᠠᠵᠠᠷ᠂ ᠤᠰᠤᠨ ᠠᠰᠢᠭᠯᠠᠯᠲᠠ ᠶᠢᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠵᠢᠷᠤᠭ ᠲᠥᠯᠥᠪᠯᠡᠭᠡ ᠶᠢᠨ ᠨᠢᠭᠡᠴᠡ᠂ ᠬᠢᠨᠠᠨ ᠬᠠᠮᠢᠶᠠᠷᠬᠤ ᠨᠢᠭᠡᠴᠡ᠂ ᠪᠠᠷᠢᠯᠭ᠎ᠠ ᠪᠠᠷᠢᠬᠤ ᠨᠢᠭᠡᠴᠡ ᠶᠢᠨ ᠲᠥᠯᠥᠭᠡᠯᠡᠭᠴᠢ ᠵᠢᠴᠢ ᠬᠠᠮᠢᠶ᠎ᠠ ᠪᠥᠬᠦᠶ ᠬᠥᠮᠦᠰ ᠬᠤᠷᠠᠯ ᠳᠤ ᠣᠷᠣᠯᠴᠠᠪᠠ᠃

     ᠬᠤᠷᠠᠯ ᠳᠡᠭᠡᠷ᠎ᠡ᠂ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠭᠠᠵᠠᠷ ᠪᠠᠷᠢᠯᠭ᠎ᠠ ᠶᠢ ᠲᠤᠬᠠᠶ ᠶᠢᠨ

ᠭᠠᠵᠠᠷ ᠲᠤᠨᠢ ᠰᠢᠯᠭᠠᠨ ᠠᠪᠬᠤ ᠪᠠᠶᠢᠴᠠᠭᠠᠯᠲᠠ ᠬᠢᠵᠦ᠂ ᠡᠯ᠎ᠡ ᠵᠢᠷᠤᠭ ᠲᠥᠯᠥᠪᠯᠡᠭᠡ ᠶᠢᠨ ᠨᠢᠭᠡᠴᠡ᠂ ᠪᠠᠷᠢᠯᠭ᠎ᠠ

ᠪᠠᠷᠢᠬᠤ ᠨᠢᠭᠡᠴᠡ᠂ ᠬᠢᠨᠠᠨ ᠬᠠᠮᠢᠶᠠᠷᠬᠤ ᠨᠢᠭᠡᠴᠡ ᠶᠢᠨ ᠪᠠᠷᠢᠯᠭ᠎ᠠ ᠶᠢᠨ ᠮᠠᠲ᠋ᠧᠷᠢᠶᠠᠯ ᠢ ᠪᠠᠶᠢᠴᠠᠭᠠᠨ ᠦᠵᠡᠵᠦ᠂ ᠡᠯ᠎ᠡ

ᠨᠢᠭᠡᠴᠡ ᠠᠵᠢᠯ ᠤᠨ ᠠᠬᠢᠴᠠ ᠵᠢᠴᠢ ᠣᠷᠣᠰᠢᠵᠤ ᠪᠠᠶᠢᠭ᠎ᠠ ᠠᠰᠠᠭᠤᠳᠠᠯ ᠤᠨ ᠲᠤᠬᠠᠶ ᠬᠠᠷᠢᠭᠤ ᠮᠡᠳᠡᠭᠦᠯᠦᠯᠲᠡ ᠬᠢᠭᠰᠡᠨ

ᠪᠥᠭᠡᠳ ᠣᠪᠣᠷ ᠢᠶᠠᠨ ᠢᠯᠡᠳᠬᠡᠬᠦ ᠦᠭᠡ ᠬᠡᠯᠡᠵᠦ᠂ ᠲᠣᠰ ᠢᠨᠵᠧᠨᠧᠷᠢᠩ ᠢ 2022 ᠣᠨ ᠤ 7 ᠰᠠᠷ᠎ᠠ ᠳᠤ ᠠᠵᠢᠯ

ᠡᠬᠢᠯᠡᠭᠦᠯᠵᠦ᠂ 10 ᠰᠠᠷ᠎ᠠ ᠳᠤ ᠪᠠᠷᠢᠯᠭ᠎ᠠ ᠳᠠᠭᠤᠰᠴᠤ ᠤᠰᠤ ᠨᠡᠪᠲᠡᠷᠡᠭᠦᠯᠵᠦ᠂ 8 ᠰᠢᠶᠠᠩ ᠪᠠᠯᠭᠠᠰᠤ᠂ 19 ᠵᠠᠰᠠᠭ

ᠵᠠᠬᠢᠷᠭᠠᠨ ᠤ ᠲᠣᠰᠬᠤᠨ ᠤ 27 ᠠᠶᠢᠯ ᠲᠣᠰᠬᠤᠨ ᠪᠠ ᠵᠣᠯ ᠵᠢᠷᠭᠠᠯᠳᠦ ᠠᠰᠠᠷᠠᠮᠵᠢ ᠶᠢᠨ ᠬᠦᠷᠢᠶᠡᠯᠡᠩ ᠤᠨ 615  

ᠡᠷᠦᠭᠡ ᠶᠢᠨ 1262 ᠬᠥᠮᠦᠨ ︵ᠶᠠᠳᠠᠭᠤ ᠠᠴᠠ ᠠᠩᠭᠢᠵᠢᠷᠠᠭᠰᠠᠨ 183 ᠡᠷᠦᠬᠡ ᠶᠢᠨ 382 ᠬᠥᠮᠦᠨ ᠠᠮᠠ︶ ᠶᠢᠨ

ᠬᠥᠳᠡᠭᠡ ᠲᠣᠰᠬᠤᠨ ᠤ ᠤᠰᠤ ᠬᠠᠩᠭᠠᠬᠤ ᠪᠠᠲᠤᠯᠠᠭ᠎ᠠ ᠶᠢᠨ ᠠᠰᠠᠭᠤᠳᠠᠯ ᠢ ᠰᠢᠢᠳᠪᠦᠷᠢᠯᠡᠪᠡ᠃

     ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠬᠤᠰᠢᠭᠤᠨ ᠤ ᠤᠰᠤᠨ ᠠᠰᠢᠭᠯᠠᠯᠲᠠ ᠶᠢᠨ

ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠥᠳᠡᠭᠡ ᠲᠣᠰᠬᠤᠨ ᠢ ᠬᠥᠭᠵᠢᠭᠦᠯᠦᠨ

ᠮᠠᠨᠳᠤᠭᠤᠯᠬᠤ ᠲᠣᠪᠴᠢᠶ᠎ᠠ ᠠᠴᠠ ᠢᠨᠵᠧᠨᠧᠷᠢᠩ ᠤᠨ ᠠᠵᠢᠯ ᠳᠠᠭᠤᠰᠤᠭᠰᠠᠨ ᠢ ᠰᠢᠯᠭᠠᠨ ᠠᠪᠬᠤ ᠠᠵᠢᠯ ᠳᠤ ᠪᠣᠳᠠᠲᠠᠶ

ᠱᠠᠭᠠᠷᠳᠠᠯᠭ᠎ᠠ ᠳᠤᠷᠠᠳᠴᠤ᠂ ᠢᠨᠵᠧᠨᠧᠷᠢᠩ ᠤᠨ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠪᠠ᠃

               ᠵᠣᠬᠢᠶᠠᠭᠴᠢ᠄ ᠤᠰᠤᠨ ᠠᠰᠢᠭᠯᠠᠯᠲᠠ ᠶᠢᠨ ᠲᠣᠪᠴᠢᠶ᠎ᠠ

              ᠣᠷᠴᠢᠭᠤᠯᠣᠨᠨᠴᠢ᠄  ᠬᠠᠶᠢᠷᠬᠠᠨ

 
ᠢᠷᠡᠯᠲᠡ᠄ ᠤᠰᠤᠨ ᠠᠰᠢᠭᠯᠠᠯᠲᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号