ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠰᠬᠠᠶ ᠰᠡᠳᠦᠪ ᠢᠶᠠᠷ ᠰᠤᠷᠤᠯᠴᠠᠨ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/7/10
    6 ᠰᠠᠷ᠎ᠠ ᠶᠢᠨ 30 ᠤ ᠡᠳᠦᠷ ᠤᠨ ᠦᠳᠡ ᠶᠢᠨ ᠡᠮᠦᠨ᠎ᠡ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠳᠥᠷᠪᠡᠳᠦᠭᠡᠷ ᠳᠠᠪᠬᠤᠷᠯᠢᠭ ᠤᠨ ᠬᠤᠷᠠᠯ ᠤᠨ ᠬᠡᠷ ᠲᠤ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠰᠬᠠᠶ ᠰᠡᠳᠦᠪᠲᠦ ᠰᠤᠷᠤᠯᠴᠠᠨ ᠰᠤᠳᠤᠯᠬᠤ ᠬᠤᠷᠠᠯ ᠬᠤᠷᠠᠯᠳᠤᠭᠤᠯᠵᠤ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠲᠣᠪᠴᠢᠶᠠᠨ ᠳᠠᠷᠤᠭ᠎ᠠ ᠯᠢ ᠹᠸᠢ ᠨᠥᠬᠦᠷ ᠤᠯᠠᠨ ᠢ ᠳᠠᠭᠠᠭᠤᠯᠤᠨ ︽ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠡᠵᠡᠮᠳᠡᠵᠦ ᠪᠣᠬᠢᠷᠲᠤᠯ ᠦᠭᠡᠢ ᠬᠥᠭᠵᠢᠯᠲᠡ ᠶᠢ ᠪᠠᠷᠢᠮᠲᠠᠯᠠᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ︾ ᠭᠡᠬᠦ ᠨᠣᠮ ᠢ ᠲᠥᠪᠯᠡᠷᠡᠭᠦᠯᠦᠨ ᠰᠤᠷᠤᠯᠴᠠᠵᠤ᠂ ᠪᠦᠬᠦ ᠺᠠᠳ᠋ᠷ ᠠᠵᠢᠯᠲᠠᠨ ᠠᠵᠢᠯᠴᠢᠨ ᠲᠣᠰ ᠤᠳᠠᠭᠠᠨ ᠤ ᠬᠤᠷᠠᠯ ᠳᠤ ᠣᠷᠣᠯᠴᠠᠪᠠ᠃

      ᠲᠣᠪᠴᠢᠶ᠎ᠠ ᠶᠢᠨ ᠤᠳᠤᠷᠢᠳᠤᠯᠭ᠎ᠠ ᠲᠣᠰ ᠲᠣᠰ ᠤᠨ ᠬᠠᠷᠢᠭᠤᠴᠠᠵᠤ ᠪᠠᠶᠢᠭ᠎ᠠ ᠪᠠ ᠬᠤᠪᠢᠳᠠᠨ ᠬᠠᠮᠢᠶᠠᠷᠴᠤ

ᠪᠠᠶᠢᠭ᠎ᠠ ᠬᠦᠷᠢᠶᠡᠨ ᠳᠠᠬᠢ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠣᠰ ᠲᠣᠰ ᠰᠤᠳᠤᠯᠤᠨ

ᠶᠠᠷᠢᠯᠴᠠᠬᠤ ᠶᠠᠷᠢᠶ᠎ᠠ ᠲᠠᠯᠪᠢᠵᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠢᠬᠤᠯᠠ ᠶᠠᠷᠢᠶᠠᠨ ᠤ

ᠵᠣᠷᠢᠭ ᠰᠠᠨᠠᠭ᠎ᠠ ᠶᠢ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠨᠠᠶᠢᠳᠠᠪᠤᠷᠢᠵᠢᠭᠤᠯᠬᠤ ᠶᠢ ᠬᠡᠷᠬᠢᠨ

ᠠᠬᠢᠭᠤᠯᠬᠤ ᠲᠤᠬᠠᠶ ᠰᠡᠳᠬᠢᠴᠡ ᠦᠵᠡᠯᠲᠡ ᠪᠠ ᠪᠣᠳᠠᠲᠠᠶ ᠶᠢ ᠡᠷᠬᠢᠮᠯᠡᠬᠦ ᠠᠷᠭ᠎ᠠ ᠬᠡᠮᠵᠢᠶ᠎ᠡ ᠳᠤᠷᠠᠳᠪᠠ᠃

      ᠬᠤᠷᠠᠯ ᠠᠴᠠ  ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠪᠣᠯᠤᠨ ᠰᠢᠷᠢᠰ ᠶᠠᠷᠢᠶᠠᠨ ᠤ

ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠤ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠦᠷᠢᠨ ᠪᠦᠲᠦᠨ᠂

ᠣᠨᠣᠪᠴᠢᠲᠠᠢ᠂ ᠪᠦᠬᠦ ᠲᠠᠯ᠎ᠠ ᠪᠠᠷ ᠲᠤᠤᠱᠯᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠡᠨᠡᠬᠦ ᠲᠡᠷᠢᠭᠦᠨ

ᠴᠢᠬᠤᠯᠠ ᠡᠭᠦᠷᠭᠡ ᠶᠢᠨ ᠲᠣᠭᠤᠷᠢᠨ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ

ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠬᠥᠭᠵᠢᠯᠲᠡ ᠪᠣᠯᠤᠨ ᠠᠮᠤᠷ ᠲᠦᠪᠰᠢᠨ ᠢ ᠵᠡᠷᠭᠡᠪᠡᠷ

ᠴᠢᠬᠤᠯᠠᠴᠢᠯᠠᠬᠤ ᠶᠢ ᠪᠠᠷᠢᠮᠲᠠᠯᠠᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ

ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠢ ᠠᠭᠤᠰᠤᠯᠴᠠᠬᠤ

ᠪᠠ ᠦᠢᠯᠡᠴᠢᠯᠡᠵᠦ᠂ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ ᠭᠠᠵᠠᠷ︾᠂ ︽ᠨᠢᠭᠡ ᠭᠦᠭᠦᠷᠭᠡᠨ

ᠪᠠᠬᠢᠯᠡᠯᠲᠡ︾ ᠶᠢ ᠪᠦᠳᠦᠭᠡᠨ ᠪᠠᠶᠢᠭᠤᠯᠬᠤ ᠲᠠᠯ᠎ᠠ ᠪᠠᠷ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠳᠤᠮᠳᠠᠳᠤ

ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ

ᠬᠡᠷᠡᠭᠲᠡᠢ ᠭᠡᠵᠦ ᠴᠢᠬᠤᠯᠠᠴᠢᠯᠠᠪᠠ᠃

             ᠵᠣᠬᠢᠶᠠᠭᠴᠢ᠄ ᠤᠰᠤᠨ ᠠᠰᠢᠭᠯᠠᠯᠲᠠ ᠶᠢᠨ ᠲᠣᠪᠴᠢᠶ᠎ᠠ

            ᠣᠷᠴᠢᠭᠤᠯᠣᠨᠨᠴᠢ᠄  ᠬᠠᠶᠢᠷᠬᠠᠨ

 
ᠢᠷᠡᠯᠲᠡ᠄ ᠤᠰᠤᠨ ᠠᠰᠢᠭᠯᠠᠯᠲᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号