ᠹᠠᠩ ᠱᠠᠨ ᠲᠣᠭᠤᠷᠢᠭ ᠤᠨ ᠴᠠᠩ ᠭᠸᠦ ᠪᠠᠯᠭᠠᠰᠤ — ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠦᠷᠢᠶ᠎ᠡ ᠰᠤᠮᠤ ᠵᠡᠭᠦᠨ ᠪᠠᠷᠠᠭᠤᠨ ᠣᠷᠣᠨ ᠤ  ᠬᠠᠮᠵᠢᠯᠴᠠᠭᠠᠨ ᠤ ᠠᠵᠢᠯ ᠢ ᠵᠣᠯᠭᠠᠭᠤᠯᠬᠤ ᠰᠠᠭᠤᠳᠡᠯ ᠤᠨ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2023/7/13
        ᠪᠡᠭᠡᠵᠢᠩ ᠥᠪᠥᠷ ᠮᠣᠩᠭᠤᠯ ᠬᠤᠶᠠᠷ ᠭᠠᠵᠠᠷ ᠤᠨ ᠬᠠᠮᠵᠢᠯᠴᠠᠭ᠎ᠠ ᠰᠣᠯᠢᠯᠴᠠᠭ᠎ᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠶᠢᠨ ᠲᠥᠯᠥᠭᠡ᠂ 7 ᠰᠠᠷ᠎ᠠ ᠶᠢᠨ 11 ᠤ ᠡᠳᠦᠷ᠂ ᠪᠡᠭᠡᠵᠢᠩ ᠬᠤᠳᠠ ᠶᠢᠨ ᠹᠠᠩ ᠱᠠᠨ ᠲᠣᠭᠤᠷᠢᠭ ᠤᠨ ᠴᠠᠩ ᠭᠸᠤ ᠪᠠᠯᠭᠠᠰᠤᠨ ᠤ ᠳᠠᠷᠤᠭ᠎ᠠ ᠰᠦᠨ ᠪᠢᠨ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠦᠷᠢᠶ᠎ᠡ ᠰᠤᠮᠤ ᠳᠤ ᠬᠦᠷᠴᠦ᠂ ᠵᠡᠭᠦᠨ ᠪᠠᠷᠠᠭᠤᠨ ᠣᠷᠣᠨ ᠤ ᠬᠠᠮᠵᠢᠯᠴᠠᠭᠠᠨ ᠤ ᠠᠵᠢᠯ ᠢ ᠵᠣᠯᠭᠠᠭᠤᠯᠬᠤ ᠲᠤᠬᠠᠢ ᠰᠠᠨᠠᠯ ᠢᠶᠠᠨ ᠰᠣᠯᠢᠯᠴᠠᠬᠤ ᠶᠢᠨ ᠬᠠᠮᠲᠤ ᠰᠠᠭᠤᠳᠡᠯ ᠤᠨ ᠬᠤᠷᠠᠯ ᠬᠤᠷᠠᠯᠳᠤᠭᠤᠯᠵᠤ᠂ ᠰᠤᠮᠤ ᠶᠢᠨ ᠨᠠᠮ ᠤᠨ ᠬᠤᠷᠢᠶᠠᠨ ᠤ ᠱᠦᠵᠢ ᠭᠤᠤ ᠪᠠᠶᠠᠷ ᠨᠠᠷ ᠬᠤᠷᠠᠯ ᠳᠤ ᠣᠷᠣᠯᠴᠠᠪᠠ᠃

    ᠰᠠᠭᠤᠳᠡᠯ ᠤᠨ ᠬᠤᠷᠠᠯ ᠳᠡᠭᠡᠷ᠎ᠡ᠂ ᠭᠤᠤ ᠪᠠᠶᠠᠷ ᠰᠦᠨ ᠪᠢᠨ ᠪᠠᠯᠭᠠᠰᠤᠨ ᠤ ᠳᠠᠷᠤᠭ᠎ᠠ ᠶᠢ ᠪᠠᠶᠠᠷᠯᠠᠨ ᠤᠭᠲᠤᠵᠤ

ᠪᠠᠶᠢᠬᠤ ᠪᠠᠨ ᠢᠯᠡᠳᠬᠡᠬᠦ ᠶᠢᠨ ᠬᠠᠮᠲᠤ ᠵᠢᠭᠠᠵᠤ ᠭᠠᠷᠭᠠᠭᠰᠠᠨ ᠨᠢ᠂ ᠪᠡᠭᠡᠵᠢᠩ ᠥᠪᠥᠷ ᠮᠣᠩᠭᠤᠯ ᠤᠨ

ᠬᠠᠮᠵᠢᠯᠴᠠᠭ᠎ᠠ ᠠᠴᠠ ᠨᠠᠰᠢ᠂ ᠴᠠᠩ ᠭᠸᠦ ᠪᠠᠯᠭᠠᠰᠤ ᠬᠠᠪᠰᠤᠷᠤᠨ ᠲᠡᠳᠬᠦᠬᠦ ᠶᠢ ᠵᠣᠯᠭᠠᠭᠤᠯᠬᠤ ᠰᠡᠳᠬᠢᠴᠡ ᠵᠢᠴᠢ

ᠠᠷᠭ᠎ᠠ ᠬᠡᠮᠵᠢᠶ᠎ᠡ ᠪᠠᠨ ᠲᠠᠰᠤᠷᠠᠯᠲᠠ ᠥᠬᠡᠶ ᠰᠢᠨᠡᠴᠢᠯᠡᠵᠦ᠂ ᠪᠠᠯᠠ ᠮᠥᠩᠭᠦ ᠶᠢᠨ ᠳᠡᠮᠵᠢᠯᠭᠡ᠂ ᠠᠵᠤ ᠦᠢᠯᠡᠰ ᠢᠶᠠᠷ

ᠬᠠᠪᠰᠤᠷᠤᠨ ᠲᠡᠳᠬᠦᠬᠦ᠂ ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠢ ᠪᠣᠷᠣᠯᠠᠭᠤᠯᠬᠤ᠂

ᠴᠢᠳᠠᠪᠤᠷᠢᠲᠠᠨ ᠤ ᠰᠣᠯᠢᠯᠴᠠᠭ᠎ᠠ ᠵᠡᠷᠭᠡ ᠲᠠᠯ᠎ᠠ ᠪᠠᠷ ᠮᠠᠨ ᠤ ᠰᠤᠮᠤᠨ ᠳᠤ ᠬᠦᠴᠦᠲᠡᠶ ᠳᠡᠮᠵᠢᠯᠭᠡ ᠦᠵᠡᠭᠦᠯᠵᠦ᠂ ᠮᠠᠨ ᠤ

ᠰᠤᠮᠤᠨ ᠤ ᠠᠵᠤ ᠠᠬᠤᠶ ᠶᠢᠨ ᠴᠢᠨᠠᠷ ᠰᠠᠶᠢᠲᠠᠶ ᠲᠠᠪᠠᠯᠳᠠᠳᠤ ᠮᠠᠶ᠋ᠢᠭ ᠤᠨ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠪᠠ

     ᠳᠠᠷᠠᠭ᠎ᠠ ᠨᠢ᠂ ᠬᠦᠷᠢᠶ᠎ᠡ ᠰᠤᠮᠤ ᠶᠢᠨ ᠵᠠᠰᠠᠭ ᠤᠨ ᠣᠷᠳᠣᠨ ᠤ ᠰᠤᠮᠤᠨ ᠳᠠᠷᠤᠭ᠎ᠠ ᠬᠤ᠋ ᡁᠢ ᠶᠦᠩ ᠨᠥᠬᠦᠷ

ᠰᠤᠮᠤ ᠶᠢᠨ ᠦᠨᠳᠦᠰᠦᠨ ᠪᠠᠶᠢᠳᠠᠯ ᠵᠢᠴᠢ ᠤᠢᠢᠷ᠎ᠠ ᠶᠢᠨ ᠭᠤᠷᠪᠠᠨ ᠵᠢᠯ ᠳᠤ ᠪᠡᠭᠡᠵᠢᠩ ᠥᠪᠥᠷ ᠮᠣᠩᠭᠤᠯ ᠤᠨ

ᠬᠠᠮᠵᠢᠯᠴᠠᠭᠠᠨ ᠤ ᠠᠵᠢᠯ ᠢ ᠵᠣᠯᠭᠠᠭᠤᠯᠤᠭᠰᠠᠨ ᠪᠠᠶᠢᠳᠠᠯ ᠢᠶᠠᠨ ᠲᠠᠨᠢᠯᠴᠠᠭᠤᠯᠵᠤ᠂  ᠬᠤᠷᠡᠯ ᠳᠤ ᠣᠷᠣᠯᠴᠬᠠᠰᠠᠳ

ᠰᠠᠨᠠᠯ ᠢᠶᠠᠨ ᠭᠦᠨᠵᠡᠭᠡᠶ ᠰᠣᠯᠢᠯᠴᠠᠪᠠ᠃

     ᠬᠤᠷᠠᠯ ᠤᠨ ᠳᠠᠷᠠᠭ᠎ᠠ᠂ ᠰᠦᠨ ᠰᠣᠮᠣᠨ ᠳᠠᠷᠤᠭ᠎ᠠ ᠲᠤᠬᠠᠶ ᠶᠢᠨ ᠭᠠᠵᠠᠷ ᠲᠤᠨᠢ ᠰᠤᠷᠪᠤᠯᠵᠢᠯᠠᠬᠤ᠂

ᠲᠠᠨᠢᠯᠴᠠᠭᠤᠯᠭ᠎ᠠ ᠰᠣᠨᠣᠰᠬᠤ᠂ ᠲᠤᠬᠠᠶ ᠶᠢᠨ ᠲᠠᠯᠠᠪᠤᠷ ᠲᠤ ᠰᠠᠨᠠᠯ ᠢᠶᠠᠨ ᠰᠣᠯᠢᠯᠴᠠᠬᠤ ᠵᠡᠷᠭᠡ ᠠᠷᠭ᠎ᠠ ᠮᠠᠶ᠋ᠢᠭ ᠢᠶᠠᠷ

ᠳᠠᠮᠵᠢᠭᠤᠯᠤᠨ᠂ ᠨᠢᠭᠡᠳᠦᠭᠡᠷ ᠭᠠᠴᠠᠭᠠᠨ ᠤ ᠠᠭᠠᠷ ᠮᠠᠨᠳᠠᠯ ᠤᠨ ᠥᠭᠡᠷᠡᠴᠢᠯᠡᠯᠲᠡ ᠶᠢᠨ ᠲᠥᠷᠥᠯ ᠵᠦᠢᠯ ᠪᠠ

ᠬᠤᠶᠠᠳᠤᠭᠠᠷ ᠭᠠᠴᠠᠭᠠᠨ ᠤ ᠬᠡᠷ ᠤᠨ ᠳᠣᠲᠣᠷᠠᠬᠢ ᠪᠤᠭᠤᠳᠠᠶ ᠶᠢᠨ ᠨᠠᠬᠢᠶ᠎ᠠ ᠳᠠᠷᠢᠬᠤ ᠲᠥᠷᠥᠯ ᠵᠦᠢᠯ ᠤᠨ

ᠬᠥᠭᠵᠢᠯᠲᠡ ᠶᠢᠨ ᠪᠠᠶᠢᠳᠠᠯ ᠢ ᠭᠦᠨᠵᠡᠭᠡᠶ ᠨᠠᠷᠢᠨ ᠣᠶᠢᠯᠠᠭᠠᠪᠠ᠃

          ᠵᠣᠬᠢᠶᠠᠭᠴᠢ᠄ ᠬᠦᠷᠢᠶ᠎ᠡ ᠰᠤᠮᠤ ᠶᠢᠨ ᠠᠷᠠᠳ ᠤᠨ ᠵᠠᠰᠠᠭ ᠤᠨ ᠣᠷᠳᠣᠨ

         ᠣᠷᠴᠢᠭᠤᠯᠣᠨᠨᠴᠢ᠄  ᠭᠧ ᠲᠣᠸᠠᠨ ᠯᠢᠶᠡᠨ

         

 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号