ᠵᠡᠭᠡᠷᠡᠲᠦ ᠬᠤᠲᠠ ᠪᠠᠯᠭᠠᠰᠤᠨ ᠤ ᠭᠤᠸᠠᠩ ᠴᠠᠩ ᠯᠦᠩ ᠲᠣᠰᠬᠤᠨ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠬᠠᠪᠰᠤᠷᠤᠨ ᠲᠡᠳᠬᠦᠬᠦ ᠠᠵᠢᠯ ᠤᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/7/13
          7 ᠰᠠᠷ᠎ᠠ ᠶᠢᠨ 11 ᠤ ᠡᠳᠦᠷ᠂ ᠭᠥᠩ ᠴᠧᠨ ᠵᠡᠭᠡᠯᠢ ᠭᠤᠳᠤᠮᠵᠢ ᠶᠢᠨ ᠠᠵᠢᠯ ᠤᠨ ᠵᠥᠪᠯᠡᠯ ᠤᠨ ᠳᠡᠳ᠋ ᠱᠦᠵᠢ ᠂ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ ᠵᠣᠣ ᠯᠸᠢ ᠵᠡᠭᠡᠷᠡᠲᠦ ᠬᠤᠲᠠ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠭᠤᠸᠠᠩ ᠴᠠᠩ ᠯᠦᠩ ᠲᠣᠰᠬᠤᠨ ᠳᠤ ᠬᠦᠷᠴᠦ ᠬᠠᠪᠰᠤᠷᠤᠨ ᠲᠡᠳᠬᠦᠬᠦ ᠬᠠᠮᠲᠤᠷᠠᠯᠴᠠᠭᠠᠨ ᠤ ᠠᠵᠢᠯ ᠢ ᠵᠣᠯᠭᠠᠭᠤᠯᠬᠤ ᠶᠢᠨ ᠬᠠᠮᠲᠤ ᠠᠵᠢᠯ ᠲᠥᠷᠥᠯ ᠢᠶᠠᠷ ᠢᠶᠠᠨ ᠬᠠᠪᠰᠤᠷᠤᠨ ᠲᠡᠳᠬᠦᠬᠦ ᠠᠵᠢᠯ ᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠬᠠᠪᠰᠤᠷᠤᠨ ᠲᠡᠳᠬᠦᠬᠦ ᠬᠠᠮᠲᠤᠷᠠᠯᠴᠠᠭᠠᠨ ᠤ ᠬᠠᠮᠢᠶ᠎ᠠ ᠪᠥᠬᠦᠶ ᠠᠵᠢᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠪᠡ᠃ ᠵᠡᠭᠡᠷᠡᠲᠦ ᠬᠤᠲᠠ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠾᠧ ᠯᠢᠶᠠᠨ ᠾᠧᠦ᠂ ᠵᠠᠰᠠᠭ ᠤᠨ ᠣᠷᠳᠣᠨ ᠤ ᠪᠠᠯᠭᠠᠰᠤᠨ ᠤ ᠳᠠᠷᠤᠭ᠎ᠠ ᠮᠧᠩ ᠴᠢᠩ ᠢᠦᠶ ᠬᠤᠷᠠᠯ ᠳᠤ ᠣᠷᠣᠯᠴᠠᠪᠠ᠃

     ᠬᠤᠷᠠᠯ ᠳᠡᠭᠡᠷ᠎ᠡ᠂ ᠵᠡᠭᠡᠷᠡᠲᠦ ᠬᠤᠲᠠ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠾᠧ ᠯᠢᠶᠠᠨ ᠾᠧᠦ

ᠵᠣᠣ ᠯᠸᠢ ᠶᠢᠨ ᠬᠦᠷᠴᠦ ᠢᠷᠡᠭᠰᠡᠨ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠵᠦ᠂ ᠳᠡᠳ᠋ ᠪᠠᠯᠭᠠᠰᠤᠨ

ᠳᠠᠷᠤᠭ᠎ᠠ ᠫᠠᠨ ᠴᠢᠤᠸᠠᠨ ᠱᠧᠩ ᠭᠤᠸᠠᠩ ᠴᠠᠩ ᠯᠦᠩ ᠲᠣᠰᠬᠤᠨ ᠤ 2023 ᠣᠨ ᠤ ᠪᠡᠭᠡᠵᠢᠩ ᠥᠪᠥᠷ

ᠮᠣᠩᠭᠤᠯ ᠤᠨ ᠬᠠᠮᠵᠢᠯᠴᠠᠭᠠᠨ ᠤ ᠲᠥᠷᠥᠯ ᠵᠦᠢᠯ ᠤᠨ ᠪᠠᠶᠢᠳᠠᠯ ᠵᠢᠴᠢ ᠠᠰᠢᠭ ᠣᠷᠣᠯᠭ᠎ᠠ ᠶᠢᠨ ᠪᠠᠯᠠ ᠮᠥᠩᠭᠦ ᠶᠢᠨ

ᠬᠠᠮᠢᠶᠠᠷᠤᠯᠲᠠ ᠬᠡᠷᠡᠭᠯᠡᠯᠲᠡ ᠶᠢᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠬᠢᠪᠠ᠃

     ᠵᠤᠤ ᠯᠸᠢ᠂ ᠤᠷᠳᠤ ᠬᠤᠭᠤᠴᠠᠭᠠᠨ ᠤ ᠲᠤᠷᠰᠢ᠂ ᠭᠦᠩ ᠴᠧᠨ ᠵᠡᠭᠡᠯᠢ ᠭᠤᠳᠤᠮᠵᠢ ᠪᠣᠯᠤᠨ ᠵᠡᠭᠡᠷᠡᠲᠦ ᠬᠤᠲᠠ

ᠪᠠᠯᠭᠠᠰᠤ ᠨᠢᠭᠲᠠ ᠬᠠᠮᠲᠤᠷᠠᠯᠴᠠᠭᠠᠨ ᠤ ᠬᠠᠷᠢᠴᠠᠭ᠎ᠠ ᠪᠠᠨ ᠪᠠᠲᠤᠯᠠᠵᠤ᠂ ᠭᠦᠨ ᠵᠤᠵᠠᠭᠠᠨ ᠨᠥᠬᠦᠷᠯᠡᠯ ᠢ ᠪᠠᠶᠢᠭᠤᠯᠵᠤ᠂

ᠬᠠᠮᠲᠤᠷᠠᠯᠴᠠᠭ᠎ᠠ ᠶᠢ ᠲᠤᠰᠠᠯᠠᠬᠤ ᠨᠢᠭᠡᠴᠢ ᠪᠣᠯᠤᠭᠰᠠᠨ ᠤ ᠬᠤᠪᠢ ᠳᠤ᠂ ᠬᠥᠳᠡᠭᠡ ᠲᠣᠰᠬᠤᠨ ᠢ ᠬᠥᠭᠵᠢᠭᠦᠯᠦᠨ

ᠮᠠᠨᠳᠤᠭᠤᠯᠬᠤ ᠶᠢ ᠠᠬᠢᠭᠤᠯᠬᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠬᠦ᠂ ᠭᠠᠷ ᠬᠤᠯᠪᠣᠨ

ᠬᠤᠤᠰᠯᠠᠬᠤ ᠪᠠ ᠬᠤᠣᠰ ᠴᠢᠭᠯᠡᠯ ᠢᠶᠠᠷ ᠰᠣᠯᠢᠯᠴᠠᠬᠤ ᠵᠡᠷᠭᠡ ᠲᠠᠯ᠎ᠠ ᠪᠠᠷ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂

ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠦᠨ᠎ᠡ ᠭᠡᠵᠦ ᠢᠯᠡᠳᠬᠡᠪᠡ᠃

    ᠾᠧ ᠯᠢᠶᠠᠨ ᠾᠧᠦ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠮᠦᠨ᠎ᠡ ᠠᠴᠠ ᠭᠦᠩ ᠴᠧᠨ

ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ᠂ ᠬᠡᠷᠡᠭ ᠡᠷᠬᠢᠯᠡᠬᠦ ᠭᠠᠵᠠᠷ ᠤᠨ ᠵᠡᠭᠡᠷᠡᠲᠦ ᠬᠤᠲᠠ

ᠪᠠᠯᠭᠠᠰᠤᠨ ᠤ ᠬᠥᠭᠵᠢᠯᠲᠡ ᠶᠢ ᠶᠡᠬᠡᠪᠡᠷ ᠳᠡᠮᠵᠢᠭᠰᠡᠨ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ

ᠢᠯᠡᠳᠬᠡᠪᠡ᠃ ᠲᠡᠷᠡ᠂ ᠵᠡᠭᠡᠷᠡᠲᠦ ᠬᠤᠲᠠ ᠪᠠᠯᠭᠠᠰᠤ ᠬᠠᠮᠲᠤ ᠶᠢᠨ ᠲᠠᠨᠢᠯᠲᠠ ᠪᠠᠨ ᠤᠯᠠᠮ ᠨᠢᠭᠡ ᠠᠯᠬᠤᠮ

ᠨᠢᠭᠲᠠᠷᠠᠭᠤᠯᠵᠤ᠂ ᠠᠵᠠ ᠲᠣᠬᠢᠶᠠᠯ ᠢ ᠠᠮᠵᠢᠨ᠂ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠠᠵᠠ

ᠲᠣᠬᠢᠶᠠᠯ ᠢ ᠠᠰᠢᠭᠯᠠᠨ᠂ ᠬᠠᠮᠲᠤᠷᠠᠯᠴᠠᠭ᠎ᠠ ᠶᠢ ᠳᠡᠮᠵᠢᠬᠦ ᠬᠠᠮᠲᠤᠷᠠᠯᠴᠠᠭ᠎ᠠ ᠶᠢᠨ ᠭᠦᠨᠵᠡᠭᠡᠶᠢᠷᠡᠨ ᠬᠥᠭᠵᠢᠬᠦ ᠶᠢ

ᠢᠳᠡᠪᠬᠢᠲᠡᠢ ᠠᠬᠢᠭᠤᠯᠵᠤ᠂  ᠭᠦᠩ ᠴᠧᠨ ᠵᠡᠭᠡᠯᠢ ᠭᠤᠳᠤᠮᠵᠢ ᠪᠣᠯᠤᠨ ᠵᠡᠭᠡᠷᠡᠲᠦ ᠬᠤᠲᠠ ᠪᠠᠯᠭᠠᠰᠤ ᠬᠤᠶᠠᠷ

ᠭᠠᠵᠠᠷ ᠤᠨ ᠬᠠᠮᠲᠤᠷᠠᠯᠴᠠᠭ᠎ᠠ ᠶᠢ ᠳᠡᠮᠵᠢᠬᠦ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠦᠷᠭᠦᠯᠵᠢᠯᠡᠭᠦᠯᠦᠨ᠎ᠡ ᠭᠡᠵᠦ

ᠢᠯᠡᠳᠬᠡᠪᠡ᠃ ᠡᠭᠦᠨ ᠤ ᠬᠠᠮᠲᠤ ᠵᠡᠭᠡᠷᠡᠲᠦ ᠬᠤᠲᠠ ᠪᠠᠯᠭᠠᠰᠤ ᠴᠤ ᠭᠦᠩ ᠴᠧᠨ ᠵᠡᠭᠡᠯᠢ ᠭᠤᠳᠤᠮᠵᠢ ᠶᠢᠨ ᠲᠡᠷᠢᠭᠦᠨ ᠤ

ᠠᠵᠢᠯ ᠤᠨ ᠣᠶᠢᠯᠠᠭᠠᠭᠳᠠᠬᠤᠨ ᠪᠠ ᠠᠷᠭ᠎ᠠ ᠬᠢᠳᠡᠯ ᠢ ᠢᠳᠡᠪᠬᠢᠲᠡᠶ ᠰᠤᠷᠤᠯᠴᠠᠨ ᠲᠣᠯᠢᠯᠠᠵᠤ᠂ ᠪᠥᠬᠦ ᠪᠠᠯᠭᠠᠰᠤᠨ ᠤ

ᠠᠵᠤ ᠠᠬᠤᠶ ᠨᠡᠶᠢᠭᠡᠮ ᠤᠨ ᠡᠯ᠎ᠡ ᠵᠦᠢᠯ ᠤᠨ ᠠᠵᠢᠯ ᠤᠨ ᠡᠭᠦᠷᠭᠡ ᠶᠢ ᠪᠣᠳᠠᠲᠠᠶ ᠳᠤ ᠨᠠᠶᠢᠳᠠᠪᠤᠷᠢᠵᠢᠭᠤᠯᠵᠤ᠂ ᠪᠣᠳᠠᠲᠤ

ᠦᠷ᠎ᠡ ᠪᠦᠲᠦᠮᠵᠢ ᠤᠯᠬᠤ ᠶᠢ ᠳᠥᠯᠭᠢᠨ ᠠᠬᠢᠭᠤᠯᠬᠤ ᠪᠣᠯᠤᠨ᠎ᠠ᠃

     ᠬᠤᠷᠠᠯ ᠤᠨ ᠲᠠᠷᠠᠭ᠎ᠠ᠂ ᠨᠢᠭᠡ ᠪᠦᠯᠦᠭ ᠬᠥᠮᠦᠰ ᠭᠤᠸᠠᠩ ᠴᠠᠩ ᠯᠦᠩ ᠤᠨ ᠨᠦᠩ ᠰᠢᠨ ᠲᠠᠷᠢᠶᠠᠯᠠᠩ ᠤᠨ

ᠮᠠᠰᠢᠨ ᠤ ᠦᠢᠯᠡᠴᠢᠯᠡᠭᠡᠨ ᠤ ᠦᠷᠳᠡᠭᠡ ᠳᠤ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂

ᠲᠣᠰᠬᠤᠨ ᠤ ᠬᠠᠮᠲᠤ ᠶᠢᠨ ᠠᠵᠤ ᠠᠬᠤᠶ ᠶᠢᠨ ᠬᠥᠭᠵᠢᠯᠲᠡ ᠶᠢᠨ ᠪᠠᠶᠢᠳᠠᠯ ᠢ ᠲᠣᠭᠤᠷᠢᠨ ᠦᠵᠡᠪᠡ᠃

     ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ ᠳ᠋ᠧᠩ ᡁᠢ ᠶᠦᠩ᠂ ᠰᠠᠬᠢᠯᠭ᠎ᠠ ᠪᠠᠲᠤ ᠪᠠᠶᠢᠴᠠᠭᠠᠬᠤ

ᠬᠤᠷᠢᠶ᠎ᠡ ᠶᠢᠨ ᠱᠦᠵᠢ ᠵᠠᠩ ᡁᠢ ᠱᠧᠩ᠂ ᠵᠠᠰᠠᠭ ᠤᠨ ᠣᠷᠳᠣᠨ ᠤ ᠳᠡᠳ᠋ ᠪᠠᠯᠭᠠᠰᠦᠨ ᠳᠠᠷᠤᠭ᠎ᠠ ᠫᠠᠨ ᠴᠢᠤᠸᠠᠨ ᠱᠧᠩ

᠂ ᠭᠤᠸᠠᠩ ᠴᠠᠩ ᠯᠦᠩ ᠲᠣᠰᠬᠤᠨ ᠤ ᠨᠠᠮ ᠤᠨ ᠡᠭᠦᠷ ᠤᠨ ᠱᠦᠵᠢ ᠹᠠᠨ ᠭᠧᠨ ᠪᠦᠦ ᠬᠤᠷᠠᠯ ᠳᠤ ᠣᠷᠣᠯᠴᠠᠪᠠ᠃

 

            ᠵᠣᠬᠢᠶᠠᠭᠴᠢ᠄ ᠵᠡᠭᠡᠷᠡᠲᠦ ᠬᠤᠲᠠ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ

           ᠣᠷᠴᠢᠭᠤᠯᠣᠨᠨᠴᠢ᠄  ᠭᠧ ᠲᠣᠸᠠᠨ ᠯᠢᠶᠡᠨ

             

 
ᠢᠷᠡᠯᠲᠡ᠄ ᠴᠠᠬᠠᠷ ᠪᠠᠷᠠᠭᠤᠨ ᠭᠠᠷᠤᠨ ᠳᠣᠮᠳᠠᠳᠣ ᠬᠤᠰᠢᠭᠤᠨ ᠤ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号