ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠭᠦᠭᠡᠪᠤᠷ ᠪᠠᠯᠭᠠᠰᠤᠨ ᠤ ᠨᠢᠭᠡᠳᠤᠭᠡᠷ ᠲᠣᠰᠬᠤᠨ ᠤ ᠢᠳᠡᠰᠢᠨ ᠨᠣᠭᠤᠭ᠎ᠠ ᠶᠢᠨ ᠬᠦᠯᠡᠮᠵᠢ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠠᠯᠲᠠᠨ ᠲᠦᠯᠬᠢᠭᠦᠷ︾ ᠪᠣᠯᠪᠠ
ᠨᠡᠶᠢᠲᠡᠯᠡᠭᠰᠡᠨ ᠴᠠᠭ᠄
2023/7/14
     ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠥᠬᠡᠪᠦᠷ ᠪᠠᠯᠭᠠᠰᠤᠨ ᠤ ᠨᠢᠭᠡᠳᠤᠭᠡᠷ ᠲᠣᠰᠬᠤᠨ ᠡᠬᠢ ᠪᠠᠶᠠᠯᠢᠭ ᠤᠨ ᠳᠠᠪᠠᠭᠤᠯᠢᠭ ᠲᠠᠭᠠᠨ ᠲᠦᠰᠢᠭᠯᠡᠨ᠂ ᠪᠣᠬᠢᠷᠲᠤᠯ ᠥᠬᠡᠶ ᠬᠥᠭᠵᠢᠯᠲᠡ ᠶᠢᠨ  ᠤᠶᠢᠯᠠᠭᠠᠭᠳᠠᠬᠤᠨ ᠢ ᠪᠠᠷᠢᠮᠲᠠᠯᠠᠵᠤ᠂ ᠬᠦᠯᠡᠮᠵᠢ ᠶᠢᠨ ᠢᠳᠡᠰᠢᠨ ᠨᠣᠭᠤᠭ᠎ᠠ ᠵᠡᠷᠭᠡ ᠤᠨᠴᠠᠯᠢᠬᠳᠤ ᠠᠵᠤ ᠦᠢᠯᠡᠰ ᠢ ᠶᠡᠭᠡ ᠪᠠᠷ ᠬᠥᠭᠵᠢᠭᠦᠯᠵᠦ ᠂ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠠᠷᠭ᠎ᠠ ᠵᠠᠮ ᠢ ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠪᠡ᠃

     ᠤᠨᠴᠠᠯᠢᠬᠳᠤ ᠲᠠᠷᠢᠮᠠᠯ ᠤᠨ ᠠᠵᠤ ᠦᠢᠯᠡᠰ᠂ ᠤᠨᠴᠠᠯᠢᠬᠳᠤ ᠭᠦᠷᠢᠶ᠎ᠡ ᠬᠠᠰᠢᠶᠠᠨ ᠤ ᠠᠵᠤ ᠠᠬᠤᠢ ᠶᠢ

ᠪᠤᠶᠢᠵᠢᠭᠤᠯᠤᠨ ᠪᠤᠵᠠᠭᠠᠶᠢᠷᠠᠭᠤᠯᠵᠤ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢᠨ ᠨᠡᠮᠡᠭᠳᠡᠯ ᠢ

ᠳᠠᠶᠢᠴᠢᠯᠠᠬᠤ ᠶᠢᠨ ᠲᠥᠯᠥᠭᠡ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠥᠬᠡᠪᠦᠷ ᠪᠠᠯᠭᠠᠰᠤᠨ ᠤ

ᠨᠢᠭᠡᠳᠤᠭᠡᠷ ᠲᠣᠰᠬᠤᠨ ᠨᠢ ᠲᠣᠰᠬᠤᠨ ᠤ ᠠᠷᠠᠳ ᠢ ᠶᠢ ᠢᠳᠡᠪᠬᠢᠲᠡᠢ ᠵᠣᠷᠢᠭᠵᠢᠭᠤᠯᠤᠨ ᠬᠦᠳᠦᠯᠦᠨ ᠵᠢᠯᠣᠭᠤᠳᠴᠤ

ᠪᠠᠶᠢᠭᠠᠳ ᠬᠦᠯᠡᠮᠵᠢ ᠶᠢᠨ ᠲᠠᠷᠢᠮᠠᠯ ᠢ ᠬᠥᠭᠵᠢᠭᠦᠯᠵᠦ᠂ ᠪᠦᠬᠦ ᠲᠣᠰᠬᠤᠨ ᠤ ᠬᠦᠯᠡᠮᠵᠢ ᠶᠢᠨ ᠠᠵᠤ ᠦᠢᠯᠡᠰ ᠢ ᠠᠯᠬᠤᠮ

ᠠᠯᠬᠤᠮ ᠢᠶᠠᠷ ᠰᠢᠨᠵᠢᠯᠡᠬᠦ ᠤᠬᠠᠭᠠᠨᠴᠢᠯᠠᠭᠰᠠᠨ ᠲᠠᠷᠢᠮᠠᠯ᠂ ᠬᠡᠪᠴᠢᠶᠡᠵᠢᠭᠰᠡᠨ ᠬᠥᠭᠵᠢᠯᠲᠡ᠂ ᠠᠵᠤ ᠦᠢᠯᠡᠰᠵᠢᠭᠰᠡᠨ

ᠡᠵᠡᠩᠨᠡᠯᠲᠡ ᠶᠢᠨ ᠵᠠᠭᠪᠤᠷ ᠲᠡᠰᠢ ᠬᠤᠪᠢᠷᠠᠭᠤᠯᠬᠤ ᠶᠢ ᠠᠬᠢᠭᠤᠯᠵᠤ᠂ ᠲᠣᠰᠬᠤᠨ ᠤ ᠠᠷᠠᠳ ᠢ ᠳᠠᠭᠠᠭᠤᠯᠤᠨ ᠠᠵᠤ

ᠦᠢᠯᠡᠰ ᠤᠨ ᠬᠥᠭᠵᠢᠯᠲᠡ ᠶᠢᠨ ᠪᠠᠶᠠᠵᠢᠯ ᠤᠨ ᠵᠠᠮ ᠢᠶᠠᠷ  ᠵᠠᠮᠨᠠᠭᠤᠯᠪᠠ  ᠃

     ᠬᠦᠯᠡᠮᠵᠢ ᠳᠤ ᠣᠷᠣᠬᠤ ᠳᠤ᠂ ᠥᠷᠭᠡᠰᠦᠲᠦ ᠬᠡᠮᠬᠡ᠂ ᠲᠥᠪᠡᠳ ᠬᠠᠰᠢ᠂ ᠦᠨᠦᠷᠲᠦ ᠨᠣᠭᠤᠭ᠎ᠠ᠂

ᠥᠷᠭᠡᠰᠦᠲᠦ ᠨᠣᠭᠤᠭ᠎ᠠ ᠵᠡᠷᠭᠡ ᠲᠠᠷᠢᠮᠠᠯ  ᠤᠳ ᠤᠷᠭᠤᠴᠠ ᠰᠠᠶᠢᠳᠠᠢ ᠪᠠᠶᠢᠵᠤ᠂ ᠲᠠᠷᠢᠶᠠᠴᠢᠳ  ᠲᠡᠭᠦᠵᠦ ᠬᠤᠷᠢᠶᠠᠬᠤ᠂

ᠢᠯᠭᠠᠵᠦ ᠬᠤᠪᠢᠶᠠᠬᠤ᠂ ᠬᠠᠶᠢᠷᠴᠠᠭ ᠲᠤ ᠰᠠᠪᠠᠯᠠᠬᠤ ᠪᠠᠷ ᠶᠠᠭᠠᠷᠠᠯᠳᠤᠵᠦ᠂ ᠡᠯᠪᠡᠭ ᠬᠤᠷᠢᠶᠠᠯᠲᠠ ᠶᠢᠨ ᠪᠠᠶᠢᠳᠠᠯ ᠢᠶᠠᠷ

ᠪᠢᠯᠬᠠᠵᠤ ᠪᠠᠶᠢᠯ᠎ᠠ᠃

     ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠥᠬᠡᠪᠦᠷ ᠪᠠᠯᠭᠠᠰᠤᠨ ᠤ ᠨᠢᠭᠡᠳᠤᠭᠡᠷ ᠲᠣᠰᠬᠤᠨ ᠤ

ᠲᠠᠷᠢᠮᠠᠯ ᠤᠨ ᠡᠷᠦᠬᠡ ᠡᠤ ᠰᠢᠶᠠᠨ ᡁᠢ ᠮᠠᠨ ᠳᠤ ᠬᠡᠯᠡᠬᠦ ᠳᠡᠭᠡᠨ᠄ ︽ᠪᠢᠳᠡᠨ ᠤ ᠲᠠᠷᠢᠭᠰᠠᠨ ᠲᠥᠪᠡᠳ ᠬᠠᠰᠢ᠂

ᠥᠷᠭᠡᠰᠦᠲᠦ ᠬᠡᠮᠬᠡ᠂  ᠯᠤᠤᠪᠠᠩ᠂ ᠦᠨᠦᠷᠲᠦ ᠨᠣᠭᠤᠭ᠎ᠠ  ᠵᠡᠷᠭᠡ ᠶᠢᠨ ᠣᠷᠣᠯᠭ᠎ᠠ ᠨᠢ ᠶᠡᠭᠡ ᠲᠥᠯᠥᠪ  ᠵᠢᠯ ᠳᠡᠭᠡᠨ

ᠬᠤᠶᠠᠷ ᠲᠦᠮᠡᠨ ᠲᠥᠭᠦᠷᠢᠭ ᠭᠦᠷᠴᠦ ᠪᠠᠶᠢᠨ᠎ᠠ  ︾  ᠭᠡᠪᠡ᠃

     ᠭᠦᠭᠡᠪᠤᠷ ᠨᠢᠭᠡᠳᠤᠭᠡᠷ ᠲᠣᠰᠬᠤᠨ ᠤ ᠬᠦᠯᠡᠮᠵᠢ ᠳᠣᠲᠣᠷᠠᠬᠢ ᠢᠳᠡᠰᠢᠨ ᠨᠣᠭᠤᠭ᠎ᠠ ᠨᠢ ᠰᠢᠨ᠎ᠡ ᠰᠣᠷᠭᠤᠭ᠂

ᠦᠨ᠎ᠡ ᠬᠠᠩᠰᠢ ᠨᠢ ᠭᠤᠣᠯᠴᠢ ᠵᠡᠷᠭᠡ ᠣᠨᠴᠠᠯᠢᠭ  ᠢᠶᠠᠷ ᠢᠶᠠᠨ ᠬᠤᠲᠠ ᠶᠢᠨ ᠠᠷᠠᠳ ᠤᠨ  ᠭᠦᠷᠢᠶᠡᠯᠡᠯ ᠢ ᠣᠯᠵᠤ᠂

ᠥᠷᠯᠥᠭᠡ ᠶᠢᠨ ᠵᠠᠬ᠎ᠠ ᠳᠡᠯᠭᠡᠭᠦᠷ ᠤᠨ ᠵᠢᠮᠢᠰ ᠢᠳᠡᠰᠢᠨ ᠨᠣᠭᠤᠭ᠎ᠠ ᠶᠢᠨ ᠬᠠᠭᠠᠰ ᠢ ᠡᠵᠡᠯᠡᠪᠡ᠃ ︽ ᠰᠢᠨ᠎ᠡ ᠰᠣᠷᠭᠤᠭ

ᠨᠤᠲᠤᠭ ᠤᠨ ᠨᠣᠭᠤᠭ᠎ᠠ︾ ᠬᠡᠬᠦ ᠨᠡᠨ ᠬᠦ ᠲᠡᠷᠢᠭᠦᠨ ᠴᠤᠯᠠ ᠨᠢ ᠬᠥᠮᠦᠰ ᠤᠨ ︽ᠰᠢᠨ᠎ᠡ ᠰᠣᠷᠭᠤᠭ︾  ᠨᠤᠭᠤᠭ᠎ᠠ

ᠬᠤᠳᠠᠯᠳᠤᠨ ᠠᠪᠬᠤ  ᠭᠦᠰᠡᠯ ᠢ ᠨᠢ ᠬᠠᠩᠭᠠᠳᠠᠭ ᠶᠤᠮ᠃ ᠬᠤᠳᠠᠯᠳᠤᠨ ᠠᠪᠬᠤ ᠪᠠ ᠬᠤᠳᠠᠯᠳᠤᠬᠤ ᠶᠢ ᠨᠢᠭᠡᠳᠬᠡᠭᠰᠡᠨ

ᠲᠠᠰᠤᠯᠭ᠎ᠠ ᠨᠢ ᠲᠠᠷᠢᠮᠠᠯ ᠤᠨ ᠡᠷᠦᠬᠡ ᠶᠢᠨ  ᠣᠷᠣᠯᠭ᠎ᠠ ᠶᠢ ᠨᠡᠮᠡᠭᠳᠡᠬᠦᠯᠦᠭᠰᠡᠨ ᠮᠥᠷᠲᠡᠭᠡᠨ ᠪᠠᠰᠠ ᠬᠤᠲᠠ ᠶᠢᠨ

ᠠᠷᠠᠳ ᠤᠨ ᠨᠣᠭᠤᠭ᠎ᠠ ᠶᠢᠨ  ᠬᠠᠩᠭᠠᠯᠭ᠎ᠠ ᠶᠢ  ᠴᠦ ᠭᠦᠢᠴᠡᠳ ᠬᠠᠩᠭᠠᠵᠦ ᠪᠠᠶᠢᠨ᠎ᠠ᠃

     ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠥᠬᠡᠪᠦᠷ ᠪᠠᠯᠭᠠᠰᠤᠨ ᠤ ᠨᠢᠭᠡᠳᠤᠭᠡᠷ ᠲᠣᠰᠬᠤᠨ ᠤ

ᠨᠠᠮ ᠤᠨ ᠬᠤᠷᠢᠶᠠᠨ ᠤ ᠱᠦᠵᠢ᠄ ᠶᠠᠨ ᠯᠢ ᠸᠧᠨ ᠰᠤᠷᠪᠤᠯᠵᠢᠯᠠᠭ᠎ᠠ ᠭᠦᠯᠢᠶᠡᠬᠦ ᠳᠡᠭᠡᠨ᠂  ᠭᠦᠬᠡᠪᠤᠷ ᠪᠠᠯᠭᠠᠰᠤᠨ ᠤ

ᠨᠢᠭᠡᠳᠤᠭᠡᠷ ᠲᠣᠰᠬᠤᠨ ᠳᠤ ᠤᠳᠤ 84 ᠬᠦᠯᠡᠮᠵᠢ ᠲᠠᠢ᠂ ᠬᠦᠯᠡᠮᠵᠢ ᠳᠤ ᠢᠳᠡᠰᠢᠨ ᠨᠣᠭᠤᠭ᠎ᠠ ᠲᠠᠷᠢᠬᠤ ᠨᠢ ᠡᠷᠬᠢᠨ

ᠲᠣᠭᠤᠷᠢᠨ ᠤ ᠤᠯᠠᠨ ᠲᠦᠮᠡᠨ ᠢ ᠲᠠᠶᠢᠴᠢᠯᠠᠨ 84 ᠭᠠᠷᠤᠢ ᠡᠷᠦᠬᠡ ᠳᠤ ᠠᠵᠢᠯ ᠣᠯᠭᠤᠵᠤ᠂ ᠲᠣᠰᠬᠤᠨ ᠤ

ᠬᠠᠮᠲᠤ ᠶᠢᠨ ᠠᠵᠤ ᠠᠬᠤᠢ ᠶᠢᠨ ᠵᠢᠯ ᠤᠨ ᠣᠷᠣᠯᠭ᠎ᠠ ᠶᠢ 170 ᠲᠦᠮᠡᠨ ᠲᠥᠭᠦᠷᠢᠭ ᠣᠷᠴᠢᠮ ᠨᠡᠮᠡᠭᠳᠡᠭᠦᠯᠵᠡᠢ︾

ᠭᠡᠪᠡ᠃

     ᠣᠶᠢᠯᠠᠭᠠᠭᠰᠠᠨ ᠢᠶᠠᠷ᠂ ᠡᠨᠡ ᠵᠢᠯ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ  ᠭᠦᠭᠡᠪᠤᠷ

ᠪᠠᠯᠭᠠᠰᠤᠨ ᠤ ᠨᠢᠭᠡᠳᠤᠭᠡᠷ ᠲᠣᠰᠬᠤᠨ ᠭᠠᠵᠠᠷ ᠣᠷᠣᠨ ᠤ ᠳᠠᠪᠠᠭᠤᠯᠢᠭ ᠪᠣᠯᠤᠨ ᠪᠠᠶᠢᠭᠠᠯᠢ ᠶᠢᠨ ᠡᠬᠢ ᠪᠠᠶᠠᠯᠢᠭ ᠤᠨ

ᠳᠠᠪᠠᠭᠤᠯᠢᠭ ᠢᠶᠠᠨ ᠭᠦᠢᠴᠡᠳ ᠠᠰᠢᠭᠯᠠᠵᠤ᠂ ᠤᠨᠴᠠᠯᠢᠬᠳᠤ ᠢᠳᠡᠰᠢᠨ ᠨᠣᠭᠤᠭ᠎ᠠ ᠶᠢᠨ ᠠᠵᠤ ᠦᠢᠯᠡᠰ ᠢ

ᠦᠷᠭᠦᠯᠵᠢᠯᠡᠨ ᠲᠦᠯᠦᠪᠵᠢᠭᠦᠯᠵᠦ᠂ ᠲᠦᠬᠦᠭᠡᠷᠦᠮᠵᠢᠲᠦ ᠲᠠᠷᠢᠶᠠᠯᠠᠩ᠂ ᠪᠣᠬᠢᠷᠲᠤᠯ ᠥᠬᠡᠶ ᠣᠷᠭᠠᠨᠢᠭ ᠲᠠᠯ᠎ᠠ ᠠᠴᠠ

ᠠᠷᠭ᠎ᠠ ᠰᠦᠪᠡᠭᠴᠢᠯᠡᠨ᠂ ᠬᠦᠯᠡᠮᠵᠢ ᠶᠢᠨ ᠵᠢᠮᠢᠰ ᠢᠳᠡᠰᠢᠨ ᠨᠣᠭᠤᠭ᠎ᠠ ᠶᠢᠨ ᠠᠵᠤ ᠦᠢᠯᠡᠰ ᠢ ᠠᠯᠬᠤᠮ ᠠᠯᠬᠤᠮ ᠢᠶᠠᠷ

ᠰᠢᠨᠵᠢᠯᠡᠬᠦ ᠤᠬᠠᠭᠠᠨᠴᠢᠯᠠᠭᠰᠠᠨ ᠳᠠᠷᠢᠮᠠᠯ᠂ ᠭᠡᠪᠴᠢᠶᠡᠵᠢᠭᠦᠯᠦᠭᠰᠡᠨ  ᠭᠦᠭᠵᠢᠯᠳᠡ ᠲᠡᠰᠢ  ᠭᠦᠭᠵᠢᠭᠦᠯᠵᠦ᠂ ᠢᠳᠡᠰᠢᠨ

ᠨᠣᠭᠤᠭ᠎ᠠ ᠶᠢᠨ ᠬᠦᠯᠡᠮᠵᠢ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠠᠯᠲᠠᠨ ᠲᠦᠯᠬᠢᠭᠦᠷ︾ ᠢ

ᠨᠡᠭᠡᠭᠡᠵᠦ᠂ ᠢᠳᠡᠰᠢᠨ ᠨᠣᠭᠤᠭ᠎ᠠ ᠶᠢᠨ ᠬᠦᠯᠡᠮᠵᠢ ᠨᠢ ᠲᠣᠰᠬᠤᠨ ᠤ ᠠᠷᠠᠳ ᠤᠨ ᠤᠷᠤᠯᠭ᠎ᠠ ᠶᠢ ᠨᠡᠮᠡᠭᠳᠡᠭᠦᠯᠵᠦ᠂

ᠠᠮᠢᠳᠤᠷᠠᠯ ᠢ ᠨᠠᠩ ᠬᠥᠭᠵᠢᠶᠡᠨ ᠲᠠᠢ ᠪᠣᠯᠭᠠᠵᠤ᠂ ᠤᠨᠴᠠᠯᠢᠬᠳᠤ ᠠᠵᠤ ᠦᠢᠯᠡᠰ ᠢᠶᠠᠷ ᠬᠥᠳᠡᠭᠡ ᠲᠣᠰᠬᠤᠨ ᠢ

ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠵᠠᠮ ᠢ ᠨᠡᠭᠡᠭᠡᠵᠡᠢ  ᠃

       ᠵᠣᠬᠢᠶ᠋ᠬᠠᠴᠢ᠄ ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ ᠬᠠᠮ ᠵᠠᠭᠤᠴᠢᠯᠠᠭᠤᠷ ᠤᠨ ᠲᠥᠪ

      ᠣᠷᠴᠢᠭᠤᠯᠣᠨᠨᠴᠢ᠄ ᠬᠠᠶᠢᠷᠬᠠᠨ

 

 
ᠢᠷᠡᠯᠲᠡ᠄ ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号