ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠦᠢᠳᠡᠨᠰᠢᠯᠢ ᠶᠢᠨ ᠲᠠᠯ᠎ᠠ ᠨᠤᠲᠤᠭ ᠵᠣᠰᠠᠯᠠᠩ ᠤᠨ ᠵᠢᠭᠤᠯᠴᠢᠯᠠᠯ ᠤᠨ ᠬᠦᠭᠵᠢᠶᠡᠨᠲᠦ ᠣᠯᠠᠷᠢᠯ ᠢ ᠣᠨᠨᠳᠣᠨ ᠠᠪᠴᠢᠷᠠᠯ᠎ᠠ 
ᠨᠡᠶᠢᠲᠡᠯᠡᠭᠰᠡᠨ ᠴᠠᠭ᠄
2023/7/21
           ᠳᠣᠯᠣᠳᠤᠭᠠᠷ ᠰᠠᠷ᠎ᠠ ᠶᠢᠨ ᠬᠦᠢᠳᠡᠨᠰᠢᠯᠢ ᠶᠢᠨ ᠲᠠᠯ᠎ᠠ ᠨᠤᠲᠤᠭ ᠨᠢ ᠭᠠᠵᠡᠷ ᠵᠦᠢ ᠶᠢᠨ ᠳᠠᠪᠠᠭᠤᠯᠢᠭ᠂ ᠣᠨᠴᠠᠭᠠᠢ ᠠᠭᠤᠷ ᠠᠮᠢᠰᠭᠤᠯ ᠤᠨ ᠡᠬᠢ ᠪᠠᠶᠠᠯᠢᠭ ᠤᠨ ᠳᠠᠪᠠᠭᠤᠯᠢᠭ᠂ ᠡᠯᠪᠡᠭ ᠠᠮᠢ ᠠᠬᠤᠢ ᠶᠢᠨ ᠡᠬᠢ ᠪᠠᠶᠠᠯᠢᠭ᠂ ᠵᠤᠨ ᠤ ᠤᠯᠠᠷᠢᠯ ᠳᠤ ᠪᠡᠶ᠎ᠡ ᠰᠤᠪᠢᠯᠠᠯᠲᠠ ᠬᠢᠬᠦ ᠰᠠᠶᠢᠬᠠᠨ ᠨᠦᠬᠦᠴᠡᠯ ᠲᠠᠢ ᠪᠠᠶᠢᠵᠦ᠂ ᠰᠡᠷᠢᠭᠦᠨ ᠲᠠᠭᠠᠯᠠᠮᠵᠢᠲᠠᠢ ᠠᠭᠤᠷ ᠠᠮᠢᠰᠭᠤᠯ ᠪᠣᠯᠤᠨ ᠭᠤᠶᠣ ᠰᠠᠢᠬᠠᠨ ᠦᠵᠡᠮᠵᠢ ᠪᠠᠷ ᠢᠶᠠᠨ ᠵᠢᠭᠤᠯᠴᠢᠯᠠᠯ ᠤᠨ ᠬᠦᠭᠵᠢᠶᠡᠨᠲᠦ ᠤᠯᠠᠷᠢᠯ ᠢ ᠤᠭᠲᠤᠨ ᠠᠪᠴᠢᠷᠠᠵᠤ᠂ ᠳᠥᠷᠪᠡᠨ ᠵᠦᠭ ᠨᠠᠢᠮᠠᠨ ᠵᠣᠪᠬᠢᠰ ᠤᠨ ᠵᠢᠭᠤᠯᠴᠢᠯᠬᠠᠰᠠᠳ ᠤᠨ ᠰᠣᠨᠢᠷᠬᠠᠯ ᠢ ᠲᠠᠲᠠᠪᠠ᠃

      ᠬᠦᠢᠲᠡᠨᠰᠢᠯᠢ ᠶᠢᠨ ᠲᠠᠯ᠎ᠠ ᠨᠤᠲᠤᠭ ᠤᠨ ᠬᠤᠩᠬᠤᠷ ᠤᠨ ᠵᠢᠭᠤᠯᠴᠢᠯᠠᠯ ᠤᠨ ᠣᠷᠣᠨ ᠨᠢ ᠥᠪᠥᠷ ᠮᠣᠩᠭᠤᠯ ᠤᠨ

ᠤᠯᠠᠭᠠᠨᠴᠠᠪ ᠬᠤᠲᠠ ᠶᠢᠨ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠳᠤ  ᠬᠠᠷᠢᠶᠠᠯᠬᠠᠳᠠᠵᠦ᠂ ᠮᠤᠨᠢ

ᠠᠭᠤᠯᠠ ᠶᠢᠨ ᠠᠷᠣ ᠨᠢᠷᠣᠭᠤ᠂ ᠳᠠᠯᠠᠨ ᠬᠠᠷ᠎ᠠ ᠠᠭᠤᠯᠠ ᠶᠢᠨ ᠵᠡᠭᠦᠨ ᠬᠡᠰᠡᠭ ᠲᠤ ᠪᠠᠶᠢᠷᠢᠯᠠᠵᠤ᠂ ᠳᠠᠯᠠᠢ ᠶᠢᠨ

ᠲᠦᠪᠰᠢᠨ ᠠᠴᠠ ᠳᠤᠮᠳᠠᠴᠢ ᠪᠠᠷ 2100 ᠮᠧᠲᠷ ᠡᠷᠭᠦᠭᠳᠡᠵᠦ᠂  ᠦᠵᠡᠮᠵᠢ ᠶᠢᠨ ᠣᠷᠣᠨ ᠤ ᠲᠠᠯᠠᠪᠠᠢ ᠨᠢ 600

ᠲᠡᠭᠰᠢ ᠲᠦᠷᠪᠡᠯᠵᠢᠨ ᠺᠢᠯᠣᠮᠧᠲᠷ ᠪᠠᠶᠢᠵᠦ᠂ ᠳᠡᠯᠡᠬᠡᠶ ᠶᠢᠨ ᠭᠤᠷᠪᠠᠨ ᠶᠡᠭᠡ ᠥᠨᠳᠥᠷ ᠠᠭᠤᠯᠠ ᠶᠢᠨ ᠨᠣᠭᠤ ᠶᠢᠨ

ᠲᠠᠯ᠎ᠠ ᠨᠤᠲᠤᠭ ᠤᠨ ᠨᠢᠭᠡ ᠪᠣᠯᠬᠤ ᠬᠦᠢᠳᠡᠨᠰᠢᠯᠢ ᠶᠢᠨ ᠲᠠᠯ᠎ᠠ ᠨᠤᠲᠤᠭ ᠨᠢ ᠰᠦᠷ ᠳᠠᠯᠠᠶᠢᠴᠠᠲᠠᠶ᠂ ᠠᠭᠤᠯᠠ ᠬᠠᠶᠢᠷᠬᠠᠨ

 ᠰᠦᠨᠳᠡᠷᠯᠡᠵᠦ᠂ ᠰᠣᠷᠭᠤᠭ ᠴᠡᠴᠡᠭ ᠲᠠᠯ᠎ᠠ ᠲᠦᠭᠦᠷᠡᠩ ᠮᠢᠷᠠᠯᠵᠠᠨ ᠲᠡᠯᠭᠡᠷᠡᠵᠦ᠂  ᠮᠦᠨ ᠴᠦ ᠳᠤᠮᠳᠠᠳᠤ

ᠤᠯᠤᠰ ᠤᠨ ᠲᠠᠯ᠎ᠠ ᠨᠤᠲᠤᠭ ᠤᠨ ᠵᠤᠰᠠᠯᠠᠩ ᠤᠨ ᠲᠥᠪ ᠤᠨ ᠭᠤᠣᠯ ᠪᠡᠶᠡᠴᠢᠯᠡᠨ ᠣᠶᠢᠯᠠᠭᠠᠬᠤ ᠣᠷᠣᠨ ᠪᠣᠯᠤᠨ᠎ᠠ᠃

ᠦᠵᠡᠮᠵᠢ ᠶᠢᠨ ᠣᠷᠣᠨ ᠨᠢ ᠵᠢᠭᠤᠯᠴᠢᠯᠠᠯ ᠤᠨ ᠣᠷᠭᠢᠯ ᠠᠴᠠ ᠡᠮᠦᠨ᠎ᠡ᠂ ᠠᠷᠭᠠᠴᠠᠬᠤ ᠠᠷᠭ᠎ᠠ ᠬᠡᠮᠵᠢᠶ᠎ᠡ ᠠᠪᠴᠤ᠂

ᠵᠢᠭᠤᠯᠴᠢᠯᠠᠯ ᠤᠨ ᠬᠥᠭᠵᠢᠶᠡᠨᠲᠡᠶ ᠤᠯᠠᠷᠢᠯ ᠤᠨ ᠵᠢᠭᠤᠯᠴᠢᠯᠠᠭᠴᠢᠳ ᠢ ᠬᠦᠯᠢᠶᠡᠨ ᠠᠪᠬᠤ ᠪᠠ ᠠᠮᠤᠷ ᠲᠦᠪᠰᠢᠨ ᠤ

ᠬᠠᠮᠢᠶᠠᠷᠤᠯᠲᠠ ᠵᠡᠷᠭᠡ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠪᠡ᠃

     ᠣᠶᠢᠷ᠎ᠡ ᠶᠢᠨ ᠵᠢᠯ ᠠᠴᠠ ᠨᠠᠰᠢ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ ᠠᠷᠠᠳ ᠲᠦᠮᠡᠨ ᠤ ᠡᠳᠦᠷ

ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ ᠲᠡᠮᠡᠴᠡᠬᠦ

ᠬᠠᠷᠠᠯᠲᠠ ᠪᠠᠨ ᠪᠣᠯᠭᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠳᠡ ᠰᠢᠪᠳᠣᠯᠣᠯᠳᠡ ᠶᠢᠨ ᠦᠷ᠎ᠡ ᠪᠦᠳᠦᠭᠡᠯ ᠢ

ᠪᠠᠬᠢᠵᠢᠬᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠪᠠᠷ ᠭᠤᠣᠯ ᠰᠢᠵᠢᠮ

ᠪᠣᠯᠭᠠᠵᠤ᠂ ᠵᠢᠭᠤᠯᠴᠢᠯᠠᠯ ᠤᠨ ᠰᠠᠭᠤᠷᠢ ᠲᠥᠬᠦᠭᠡᠷᠦᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂

ᠵᠢᠭᠤᠯᠴᠢᠯᠠᠯ ᠤᠨ ᠦᠢᠯᠡᠰ ᠤᠨ ᠬᠡᠯᠪᠡᠷᠢ ᠶᠢ ᠪᠠᠶᠠᠯᠢᠭᠵᠢᠭᠤᠯᠵᠤ᠂ ᠠᠷᠠᠳ ᠤᠨ ᠵᠠᠩ ᠦᠢᠯᠡ ᠶᠢᠨ ᠰᠣᠶᠣᠯ ᠢ

ᠭᠦᠨᠵᠡᠭᠡᠢ ᠠᠭᠤᠳᠠᠯᠵᠤ᠂ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠢ ᠡᠭᠦᠳᠴᠦ᠂ ᠵᠢᠭᠤᠯᠴᠢᠯᠠᠯ ᠤᠨ

ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠵᠢᠭᠤᠯᠴᠢᠯᠠᠯ ᠤᠨ ᠦᠢᠯᠡᠴᠢᠯᠡᠭᠡᠨ ᠤ ᠬᠠᠮᠢᠶᠠᠷᠤᠯᠲᠠ ᠶᠢᠨ

ᠤᠶᠤᠨᠴᠢᠯᠠᠭᠰᠠᠨ ᠬᠥᠭᠵᠢᠯᠲᠡ ᠶᠢ ᠠᠬᠢᠭᠤᠯᠵᠦ ᠪᠤᠢ᠃ ᠡᠷᠡᠭᠦᠯᠵᠢᠯ ᠰᠤᠪᠢᠯᠠᠯᠲᠠ ᠶᠢᠨ ᠵᠢᠭᠤᠯᠴᠢᠯᠠᠯ ᠢ ︽

ᠪᠦᠳᠦᠭᠦᠯᠢᠭ ᠬᠡᠯᠪᠡᠷᠢ︾ ᠠᠴᠠ ︽ᠨᠠᠷᠢᠯᠢᠭ ᠣᠨᠣᠴᠠᠲᠠᠶ︾  ᠲᠡᠰᠢ ᠬᠤᠪᠢᠷᠠᠭᠤᠯᠬᠤ ᠶᠢ ᠠᠯᠬᠤᠮ ᠠᠯᠬᠤᠮ ᠢᠶᠠᠷ

ᠪᠡᠶᠡᠯᠡᠭᠦᠯᠵᠦ᠂ ᠰᠡᠯᠡᠭᠦᠴᠡᠨ ᠠᠮᠠᠷᠠᠬᠤ᠂ ᠡᠷᠡᠭᠦᠯᠵᠢᠯ ᠰᠤᠪᠢᠯᠠᠯᠲᠠ ᠶᠢᠨ ᠵᠢᠭᠤᠯᠴᠢᠯᠠᠯ ᠢᠶᠠᠷ ᠲᠣᠯᠭᠠᠭᠤᠷᠢᠭᠤᠯᠣᠨᠨᠰᠠᠨ

ᠡᠷᠡᠭᠦᠯᠵᠢᠯ ᠰᠤᠪᠢᠯᠠᠯᠲᠠ ᠶᠢᠨ ᠵᠤᠰᠠᠯᠠᠩ ᠤᠨ ᠦᠵᠡᠮᠵᠢᠲᠦ ᠣᠷᠣᠨ ᠢ ᠴᠣᠨᠨᠴᠠᠯᠠᠨ ᠪᠠᠶᠢᠭᠤᠯᠤᠨ᠎ᠠ᠃

   

 
ᠢᠷᠡᠯᠲᠡ᠄ ᠴᠠᠬᠠᠷ ᠪᠠᠷᠠᠭᠤᠨ ᠭᠠᠷᠣᠨ ᠲᠣᠮᠳᠡᠳᠣ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号