ᠤᠳᠤᠬᠠᠨ ᠳᠤ᠂ ᠪᠦᠭᠴᠢᠮ᠎ᠡ ᠬᠠᠯᠠᠭᠤᠨ ᠵᠤᠨ ᠤ ᠤᠯᠠᠷᠢᠯ ᠳᠤ ᠤᠷᠤᠵᠦ᠂ ᠬᠦᠢᠳᠡᠨᠰᠢᠯᠢ ᠶᠢᠨ ᠲᠠᠯ᠎ᠠ | ᠨᠤᠲᠤᠭ ᠤᠨ ᠬᠤᠩᠬᠤᠷ ᠤᠨ ᠦᠵᠡᠮᠵᠢ ᠶᠢᠨ ᠣᠷᠣᠨ ᠨᠢ ᠰᠡᠷᠢᠭᠦᠨ ᠰᠠᠶᠢᠬᠠᠨ ᠠᠭᠤᠷ ᠠᠮᠢᠰᠬᠤᠯ ᠪᠣᠯᠤᠨ | ᠦᠵᠡᠰᠬᠦᠯᠡᠩᠲᠦ ᠰᠠᠶᠢᠬᠠᠨ ᠦᠵᠡᠮᠵᠢ ᠪᠠᠷ ᠢᠶᠠᠨ ᠵᠤᠰᠠᠯᠠᠩ ᠤᠨ ᠵᠢᠭᠤᠯᠴᠢᠯᠠᠯ ᠤᠨ ᠬᠦᠭᠵᠢᠶᠡᠨᠳᠦ ᠤᠯᠠᠷᠢᠯ ᠢ | ᠤᠭᠲᠤᠨ ᠠᠪᠴᠢᠷᠠᠵᠤ᠂ ᠳᠥᠷᠪᠡᠨ ᠵᠦᠭ ᠨᠠᠢᠮᠠᠨ ᠵᠣᠪᠬᠢᠰ ᠤᠨ ᠵᠤᠭᠠᠴᠠᠭᠰᠠᠳ ᠤᠨ ᠠᠩᠬᠠᠷᠤᠯ ᠢ ᠶᠡᠭᠡᠳᠡ ᠲᠠᠲᠠᠪᠠ | ᠃ | | | | | ᠲᠤᠯᠤᠭᠠᠨ ᠰᠠᠷ᠎ᠠ ᠶᠢᠨ ᠭᠦᠢᠳᠡᠨᠰᠢᠯᠢ ᠶᠢᠨ ᠲᠠᠯ᠎ᠠ ᠨᠤᠲᠤᠭ ᠨᠢ ᠭᠠᠵᠠᠷ ᠵᠦᠢ ᠶᠢᠨ ᠳᠠᠪᠠᠭᠤᠯᠢᠭ ᠪᠠ ᠠᠭᠤᠷ | ᠠᠮᠢᠰᠭᠤᠯ ᠤᠨ ᠡᠬᠢ ᠪᠠᠶᠠᠯᠢᠭ ᠤᠨ ᠳᠠᠪᠠᠭᠤᠯᠢᠭ᠂ ᠠᠮᠢ ᠠᠬᠤᠢ ᠶᠢᠨ ᠡᠬᠢ ᠪᠠᠶᠠᠯᠢᠭ᠂ ᠠᠷᠢᠭᠤᠨ ᠴᠡᠪᠡᠷ ᠰᠢᠨ᠎ᠡ | ᠰᠣᠷᠭᠤᠭ ᠠᠭᠤᠷ ᠠᠮᠢᠰᠬᠤᠯ ᠤᠨ ᠨᠦᠭᠦᠴᠡᠯ ᠲᠠᠢ ᠪᠠᠶᠢᠵᠦ ᠂ ᠪᠤᠲᠠ ᠮᠣᠳᠣᠨ ᠤ ᠪᠠᠶᠢᠭᠠᠯᠢ ᠶᠢᠨ ᠠᠩᠬᠢᠯᠤᠮ᠎ᠠ | ᠦᠨᠦᠷ ᠬᠠᠩᠬᠤᠯᠵᠦ᠂ ᠵᠤᠨ ᠤ ᠤᠯᠠᠷᠢᠯ ᠤᠨ ᠰᠡᠷᠢᠭᠦᠨ ᠰᠠᠶᠢᠬᠠᠨ ᠢ ᠡᠳ᠋ᠯᠡᠵᠦ᠂ ᠵᠤᠨ ᠤ ᠠᠭᠠᠭᠢᠮ᠎ᠠ ᠬᠠᠯᠠᠭᠤᠨ ᠪᠠ | ᠪᠤᠭᠢᠨᠢᠳᠤᠯ ᠢ ᠠᠷᠢᠯᠭᠠᠵᠤ᠂ ᠬᠥᠮᠦᠰ ᠤᠨ ᠰᠡᠳᠭᠢᠯ ᠰᠠᠨᠠᠭ᠎ᠠ ᠶᠢ ᠠᠭᠤᠵᠢᠷᠠᠭᠤᠯᠤᠨ᠎ᠠ᠃ | | | | | ᠱᠠᠨ ᠰᠢ ᠶᠢᠨ ᠵᠤᠭᠠᠴᠠᠭᠴᠢ ᠷᠧᠨ ᠶᠦᠨ ᠴᠢ᠄ ︽ᠪᠢ ᠱᠠᠨ ᠰᠢ ᠠᠴᠠ ᠢᠷᠡᠵᠡᠢ᠂ ᠳᠤᠮᠳᠠᠳᠤ | ᠰᠤᠷᠭᠠᠭᠤᠯᠢ ᠪᠠᠨ ᠲᠡᠭᠦᠰᠬᠦ ᠰᠢᠯᠭᠠᠯᠳᠠ ᠢᠶᠠᠨ ᠪᠠᠷᠠᠭᠠᠳ ᠠᠳᠡ ᠨᠠᠭᠠᠳᠬᠤ ᠪᠠᠷ ᠢᠷᠡᠭᠰᠡᠨ᠂ ᠠᠪᠤ ᠡᠵᠢ ᠲᠠᠢ ᠪᠠᠨ | ᠬᠠᠮᠲᠤ᠂ ᠪᠢᠳᠡ ᠮᠣᠷᠢᠨ ᠲᠡᠷᠭᠡ ᠪᠣᠯᠤᠨ ᠳᠡᠭᠦᠵᠢᠩ ᠲᠡᠷᠭᠡᠨ ᠳᠡᠭᠡᠷ᠎ᠡ ᠰᠠᠭᠤᠵᠤ᠂ ᠪᠠᠰᠠ ᠮᠠᠰᠢ ᠤᠯᠠᠨ ᠰᠠᠶᠢᠬᠠᠨ | ᠭᠡᠷᠡᠯ ᠵᠢᠷᠤᠭ ᠲᠠᠲᠠᠵᠠᠢ︾ ᠭᠡᠵᠦ ᠪᠠᠶᠠᠷᠳᠠᠶᠢᠬᠠᠨ ᠶᠠᠷᠢᠪᠠ᠃ | | | | | ᠭᠦᠢᠳᠡᠨᠰᠢᠯᠢ ᠶᠢᠨ ᠲᠠᠯ᠎ᠠ ᠨᠤᠲᠤᠭ ᠤᠨ ᠬᠤᠩᠬᠤᠷ ᠤᠨ ᠵᠢᠭᠤᠯᠴᠢᠯᠠᠯ ᠤᠨ ᠣᠷᠣᠨ ᠨᠢ ᠥᠪᠥᠷ ᠮᠣᠩᠭᠤᠯ ᠤᠨ | ᠤᠯᠠᠭᠠᠨᠴᠠᠪ ᠬᠤᠲᠠ ᠶᠢᠨ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠬᠠᠷᠢᠶᠠᠯᠠᠭᠳᠠᠵᠤ᠂ ᠮᠤᠨᠢ | ᠠᠭᠤᠯᠠ ᠶᠢᠨ ᠠᠷᠤ ᠨᠢᠷᠤᠭᠤ᠂ ᠳᠠᠯᠠᠨ ᠬᠠᠷ᠎ᠠ ᠠᠭᠤᠯᠠ ᠶᠢᠨ ᠵᠡᠭᠦᠨ ᠬᠡᠰᠡᠭ ᠲᠤ ᠪᠠᠶᠢᠷᠢᠯᠠᠵᠤ᠂ ᠳᠤᠮᠳᠠᠴᠢ ᠪᠠᠷ | ᠲᠡᠯᠡᠶ ᠶᠢᠨ ᠲᠦᠪᠰᠢᠨ ᠠᠴᠠ 2100 ᠮᠧᠲᠷ ᠡᠷᠭᠦᠭᠳᠡᠵᠦ᠂ ᠦᠵᠡᠮᠵᠢ ᠶᠢᠨ ᠤᠷᠤᠨ ᠤ ᠲᠠᠯᠠᠪᠠᠢ ᠨᠢ 600 | ᠲᠡᠭᠰᠢ ᠲᠦᠷᠪᠡᠯᠵᠢᠨ ᠺᠢᠯᠣᠮᠧᠲᠷ ᠭᠠᠵᠠᠷ ᠪᠠᠶᠢᠵᠦ᠂ ᠳᠡᠯᠡᠬᠡᠶ ᠶᠢᠨ ᠭᠤᠷᠪᠠᠨ ᠶᠡᠭᠡ ᠥᠨᠳᠥᠷ ᠠᠭᠤᠯᠠ ᠶᠢᠨ | ᠨᠤᠭᠤ ᠶᠢᠨ ᠲᠠᠯ᠎ᠠ ᠨᠤᠲᠤᠭ ᠤᠨ ᠨᠢᠭᠡ ᠪᠤᠯᠬᠤ ᠭᠦᠢᠳᠡᠨᠰᠢᠯᠢ ᠶᠢᠨ ᠲᠠᠯ᠎ᠠ ᠨᠤᠲᠤᠭ ᠨᠢ ᠰᠦᠷ ᠳᠠᠯᠠᠶᠢᠴᠠᠲᠠᠶ᠂ | ᠠᠭᠤᠯᠠ ᠬᠠᠶᠢᠷᠬᠠᠨ ᠰᠦᠨᠳᠡᠷᠯᠡᠵᠦ᠂ ᠰᠣᠷᠭᠤᠭ ᠴᠡᠴᠡᠭ ᠲᠠᠯ᠎ᠠ ᠲᠦᠭᠦᠷᠡᠩ ᠮᠢᠷᠠᠯᠵᠠᠨ ᠲᠡᠯᠭᠡᠷᠡᠵᠦ᠂ ᠳᠤᠮᠳᠠᠳᠤ | ᠤᠯᠤᠰ ᠤᠨ ᠲᠠᠯ᠎ᠠ ᠨᠤᠲᠤᠭ ᠤᠨ ᠵᠤᠰᠠᠯᠠᠩ ᠤᠨ ᠲᠥᠪ ᠤᠨ ᠭᠤᠤᠯ ᠪᠡᠶᠡᠴᠢᠯᠡᠨ ᠤᠶᠢᠯᠭᠠᠬᠤ ᠣᠷᠣᠨ ᠪᠣᠯᠤᠨ᠎ᠠ᠃ | ᠦᠵᠡᠮᠵᠢ ᠶᠢᠨ ᠣᠷᠣᠨ ᠨᠢ ᠵᠢᠭᠤᠯᠴᠢᠯᠠᠯ ᠤᠨ ᠣᠷᠭᠢᠯ ᠤᠨ ᠡᠮᠦᠨ᠎ᠡ᠂ ᠠᠷᠭᠠᠴᠠᠬᠤ ᠠᠷᠭ᠎ᠠ ᠬᠡᠮᠵᠢᠶ᠎ᠡ ᠠᠪᠴᠤ᠂ | ᠵᠢᠭᠤᠯᠴᠢᠯᠠᠯ ᠤᠨ ᠬᠥᠭᠵᠢᠶᠡᠨᠲᠡᠶ ᠤᠯᠠᠷᠢᠯ ᠤᠨ ᠵᠢᠭᠤᠯᠴᠢᠯᠠᠭᠴᠢᠳ ᠢ ᠬᠦᠯᠢᠶᠡᠨ ᠠᠪᠬᠤ ᠪᠠ ᠠᠮᠤᠷ ᠲᠦᠪᠰᠢᠨ ᠤ | ᠬᠠᠮᠢᠶᠠᠷᠤᠯᠲᠠ ᠵᠡᠷᠭᠡ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠪᠡ᠃ | | | | | ᠥᠪᠥᠷ ᠮᠣᠩᠭᠤᠯ ᠤᠨ ᠬᠦᠢᠲᠡᠨᠰᠢᠯᠢ ᠵᠢᠭᠤᠯᠴᠢᠯᠠᠯ ᠰᠣᠶᠣᠯ ᠤᠨ ᠬᠤᠪᠢ ᠣᠷᠣᠭᠤᠯᠤᠭᠰᠠᠨ ᠬᠢᠵᠠᠭᠠᠷᠲᠤ | ᠺᠣᠮᠫᠠᠨᠢ ᠶᠢᠨ ᠶᠡᠷᠦᠩᠬᠡᠶ ᠳᠠᠭᠠᠭᠠᠮᠠᠯ ᠤᠨ ᠲᠤᠰᠠᠯᠠᠭᠴᠢ ᠯᠢ ᠰᠢᠤᠸᠠᠢ ᠴᠢᠶᠠᠩ ᠲᠠᠨᠢᠯᠴᠠᠭᠤᠯᠬᠤ ᠳᠠᠭᠠᠨ᠄ ︽2023 | ᠣᠨ ᠳᠤ ᠵᠢᠭᠤᠯᠴᠢᠯᠠᠯ ᠤᠨ ᠵᠠᠬ᠎ᠠ ᠳᠡᠯᠭᠡᠭᠦᠷ ᠰᠡᠷᠭᠦᠵᠦ᠂ ᠮᠠᠨ ᠤ ᠴᠠᠬᠠᠷ ᠪᠠᠷᠠᠭᠤᠨ ᠭᠠᠷᠤᠨ ᠳᠤᠮᠳᠠᠳᠤ | ᠬᠤᠰᠢᠭᠤᠨ ᠤ ᠬᠦᠢᠲᠡᠨᠰᠢᠯᠢ ᠲᠠᠯ᠎ᠠ ᠨᠤᠲᠤᠭ ᠤᠨ ᠲᠤᠰᠤᠭᠰᠠᠨ ᠲᠤᠭ᠎ᠠ ᠪᠠᠷᠢᠮᠲᠠ ᠨᠢ ᠥᠩᠭᠡᠷᠡᠭᠰᠡᠨ ᠵᠢᠯ ᠤᠨ ᠠᠯᠢ | ᠴᠤ ᠦᠶ᠎ᠡ ᠠᠴᠠ ᠰᠠᠶᠢᠨ ᠪᠠᠶᠢᠵᠤ᠂ ᠲᠡᠦᠬᠡᠨ ᠳᠡᠭᠡᠷᠡᠬᠢ ᠬᠠᠮᠤᠭ ᠤᠨ ᠥᠨᠳᠥᠷ 2019 ᠣᠨ ᠳᠤ᠂ ᠣᠳᠣ ᠶᠢᠨ | ᠡᠵᠡᠩᠨᠡᠯᠲᠡ ᠶᠢᠨ ᠲᠤᠭ᠎ᠠ ᠪᠠᠷᠢᠮᠲᠠ ᠨᠢ ᠶᠡᠭᠡ ᠲᠥᠯᠥᠪ 15% ᠣᠷᠴᠢᠮ ᠨᠡᠮᠡᠭᠳᠡᠵᠦ᠂ ᠵᠠᠬ᠎ᠠ ᠳᠡᠯᠭᠡᠭᠦᠷ ᠤᠨ | ᠰᠡᠷᠭᠦᠯᠲᠡ᠂ ᠵᠤᠭᠠᠴᠠᠭᠰᠠᠳ ᠤᠨ ᠬᠦᠷᠴᠦ ᠢᠷᠡᠭᠰᠡᠨ ᠨᠢ ᠪᠢᠳᠡᠨ ᠤ ᠨᠢᠭᠡᠨ ᠢᠷᠠᠭᠤ ᠠᠯᠳᠠᠷᠲᠤ ᠡᠭᠦᠷᠭᠡ ᠮᠥᠨ᠂ | ᠡᠨᠡ ᠨᠢ ᠳᠠᠷᠤᠶ ᠵᠢᠭᠤᠯᠴᠢᠯᠠᠭᠴᠢᠳ ᠲᠤ ᠰᠠᠶᠢᠲᠤᠷ ᠦᠢᠯᠡᠴᠢᠯᠡᠵᠦ᠂ ᠲᠡᠳᠡᠨ ᠤ ᠠᠮᠤᠷ ᠲᠦᠪᠰᠢᠨ ᠢ ᠰᠠᠶᠢᠲᠤᠷ | ᠪᠠᠲᠤᠯᠠᠵᠤ᠂ ᠲᠡᠳᠡᠨ ᠢ ᠪᠠᠶᠠᠷ ᠪᠠᠶᠠᠰᠬᠤᠯᠠᠩ ᠲᠠᠢ ᠶᠠᠪᠤᠭᠤᠯᠤᠨ᠎ᠠ︾ ᠭᠡᠵᠡᠶ᠃ | ᠤᠶᠢᠷ᠎ᠠ ᠶᠢᠨ ᠵᠢᠯ ᠠᠴᠠ ᠨᠠᠰᠢ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ ᠠᠷᠠᠳ ᠲᠦᠮᠡᠨ ᠤ ᠡᠳᠦᠷ | ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ ᠲᠡᠮᠡᠴᠡᠬᠦ | ᠬᠠᠷᠠᠯᠲᠠ ᠪᠠᠨ ᠪᠣᠯᠭᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ ᠶᠢᠨ ᠦᠷ᠎ᠡ ᠪᠦᠲᠦᠭᠡᠯ ᠢ | ᠪᠠᠭᠢᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠪᠠᠷ ᠭᠤᠣᠯ | ᠰᠢᠵᠢᠮ ᠪᠣᠯᠭᠠᠵᠤ᠂ ᠵᠢᠭᠤᠯᠴᠢᠯᠠᠯ ᠤᠨ ᠰᠠᠭᠤᠷᠢ ᠲᠥᠬᠦᠭᠡᠷᠦᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ | ᠵᠢᠭᠤᠯᠴᠢᠯᠠᠯ ᠤᠨ ᠦᠢᠯᠡᠰ ᠤᠨ ᠬᠡᠯᠪᠡᠷᠢ ᠶᠢ ᠪᠠᠶᠠᠯᠢᠭᠵᠢᠭᠤᠯᠵᠤ᠂ ᠠᠷᠠᠳ ᠤᠨ ᠵᠠᠩ ᠦᠢᠯᠡ ᠶᠢᠨ ᠰᠣᠶᠣᠯ ᠢ | ᠭᠦᠨᠵᠡᠭᠡᠢ ᠠᠭᠤᠳᠠᠯᠵᠤ᠂ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠢ ᠡᠭᠦᠳᠴᠦ᠂ ᠵᠢᠭᠤᠯᠴᠢᠯᠠᠯ ᠤᠨ | ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠵᠢᠭᠤᠯᠴᠢᠯᠠᠯ ᠤᠨ ᠦᠢᠯᠡᠴᠢᠯᠡᠭᠡᠨ ᠤ ᠬᠠᠮᠢᠶᠠᠷᠤᠯᠲᠠ ᠶᠢᠨ | ᠤᠶᠤᠨᠴᠢᠯᠠᠭᠰᠠᠨ ᠬᠥᠭᠵᠢᠯᠲᠡ ᠶᠢ ᠠᠭᠢᠭᠤᠯᠵᠦ ᠪᠤᠢ᠃ ᠡᠷᠡᠭᠦᠯᠵᠢᠯ ᠰᠤᠪᠢᠯᠠᠯᠲᠠ ᠶᠢᠨ ᠵᠢᠭᠤᠯᠴᠢᠯᠠᠯ ᠢ ︽ | ᠪᠦᠳᠦᠭᠦᠯᠢᠭ ᠬᠡᠯᠪᠡᠷᠢ︾ ᠠᠴᠠ ︽ᠨᠠᠷᠢᠯᠢᠭ ᠤᠨᠤᠴᠢᠳᠢ︾ ᠲᠡᠰᠢ ᠬᠤᠪᠢᠷᠠᠭᠤᠯᠬᠤ ᠶᠢ ᠠᠯᠬᠤᠮ ᠠᠯᠬᠤᠮ ᠢᠶᠠᠷ | ᠪᠡᠶᠡᠯᠡᠭᠦᠯᠵᠦ᠂ ᠰᠡᠯᠡᠭᠦᠴᠡᠨ ᠠᠮᠠᠷᠠᠬᠤ᠂ ᠡᠷᠡᠭᠦᠯᠵᠢᠯ ᠰᠤᠪᠢᠯᠠᠯᠳᠠ ᠶᠢᠨ ᠵᠢᠭᠤᠯᠴᠢᠯᠠᠯ ᠢᠶᠠᠷ | ᠲᠤᠯᠭᠠᠭᠤᠷᠢᠯᠠᠭᠤᠯᠤᠭᠰᠠᠨ ᠡᠷᠡᠭᠦᠯᠵᠢᠯ ᠰᠤᠪᠢᠯᠠᠯᠲᠠ ᠶᠢᠨ ᠵᠤᠰᠠᠯᠠᠩ ᠤᠨ ᠦᠵᠡᠮᠵᠢᠲᠦ ᠣᠷᠣᠨ ᠢ ᠴᠤᠭᠴᠠᠯᠠᠨ | ᠪᠠᠶᠢᠭᠤᠯᠤᠨ᠎ᠠ᠃ | | ᠰᠣᠷᠪᠣᠯᠵᠢᠯᠬᠠᠴᠢ᠄ ᠭᠤᠤ ᠸᠧᠢ ᠯᠢᠶᠠᠩ ᠵᠢᠶᠠ ᠰᠢᠣᠸᠠᠨ | ᠣᠷᠴᠢᠭᠤᠯᠣᠨᠨᠴᠢ᠄ ᠬᠠᠶᠢᠷᠬᠠᠨ ᠭᠧ ᠲᠣᠸᠠᠨ ᠯᠢᠶᠡᠨ | |