7 ᠰᠠᠷ᠎ᠠ ᠶᠢᠨ 13 ᠤ ᠡᠳᠦᠷ᠂ ᠪᠡᠭᠡᠵᠢᠩ ᠤᠨ ᠢ ᠴᠧᠩ ᠬᠤᠷᠰᠢᠨ ᠭᠦᠭᠵᠢᠭᠦᠯᠬᠦ ᠰᠠᠭᠤᠷᠢ ᠮᠦᠩᠭᠦᠨ ᠤ | ᠨᠡᠶᠢᠭᠡᠮᠯᠢᠭ ᠪᠤᠯᠤᠨ ᠪᠡᠭᠡᠵᠢᠩ ᠤᠨ ᠲᠠᠷᠢᠶᠠᠯᠠᠩ ᠬᠤᠳᠠᠯᠳᠤᠭᠠᠨ ᠤ ᠪᠠᠩᠬᠢ ᠶᠢᠨ ᠠᠵᠤ ᠠᠬᠤᠶ ᠮᠡᠷᠭᠡᠵᠢᠯ ᠤᠨ | ᠨᠡᠭᠡᠭᠡᠯᠲᠡ ᠶᠢᠨ ᠲᠣᠭᠤᠷᠢᠭ ᠤᠨ ᠰᠠᠯᠪᠤᠷᠢ ᠪᠠᠩᠬᠢ ᠠᠴᠠ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ | ᠨᠣᠮ ᠤᠨ ᠰᠠᠩ ᠳᠤ 10 ᠲᠦᠮᠡᠨ ᠭᠠᠳᠠᠭᠠᠳᠤ ᠶᠢᠨ ᠨᠣᠮ ᠪᠢᠴᠢᠭ ᠬᠠᠨᠳᠢᠪᠯᠠᠵᠤ᠂ ᠬᠠᠨᠳᠢᠪᠯᠠᠭᠰᠠᠨ ᠨᠣᠮ ᠪᠢᠴᠢᠭ ᠨᠢ | ᠤᠳᠬ᠎ᠠ ᠵᠣᠬᠢᠶᠠᠯ᠂ ᠲᠡᠦᠬᠡ᠂ ᠭᠦᠨ ᠤᠬᠠᠭᠠᠨ᠂ ᠠᠵᠤ ᠠᠬᠤᠶ᠂ ᠦᠭᠡ ᠬᠡᠯᠡ ᠦᠰᠦᠭ ᠪᠢᠴᠢᠭ᠂ ᠡᠮ ᠡᠮᠨᠡᠯᠭᠡ | ᠡᠷᠡᠭᠦᠯ ᠬᠠᠮᠠᠭᠠᠯᠠᠯ᠂ ᠤᠷᠠᠯᠢᠭ᠂ ᠣᠷᠴᠢᠨ ᠠᠬᠤᠶ ᠶᠢᠨ ᠰᠢᠨᠵᠢᠯᠡᠬᠦ ᠤᠬᠠᠭᠠᠨ᠂ ᠶᠡᠷᠦᠩᠬᠡᠶᠢᠯᠡᠭᠰᠡᠨ ᠴᠢᠨᠠᠷ ᠵᠡᠷᠭᠡ | ᠣᠯᠠᠨ ᠲᠠᠯ᠎ᠠ ᠳᠤ ᠬᠤᠯᠪᠣᠭᠳᠠᠵᠤ᠂ ᠨᠡᠶᠢᠲᠡ 2500 ᠭᠠᠷᠤᠶ ᠳᠡᠪᠲᠡᠷ ᠪᠣᠶ᠃ | | | | | ᠪᠡᠭᠡᠵᠢᠩ ᠤᠨ ᠲᠠᠷᠢᠶᠠᠯᠠᠩ ᠬᠤᠳᠠᠯᠳᠤᠭᠠᠨ ᠤ ᠪᠠᠩᠬᠢ ᠶᠢᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ | ᠲᠣᠭᠤᠷᠢᠭ ᠤᠨ ᠬᠠᠷᠢᠶ᠎ᠠ ᠰᠠᠯᠪᠤᠷᠢ ᠪᠠᠩᠬᠢ ᠶᠢᠨ ᠨᠠᠮ ᠤᠨ ᠬᠤᠷᠢᠶ᠎ᠠ ᠶᠢᠨ ᠱᠦᠵᠢ᠂ ᠪᠠᠩᠬᠢ ᠶᠢᠨ ᠳᠠᠷᠤᠭ᠎ᠠ ᠯᠢ ᠪᠢᠨ | ᠠᠵᠢᠯᠯᠠᠭ᠎ᠠ ᠳᠤ ᠣᠷᠣᠯᠴᠠᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ | ᠣᠷᠳᠣᠨ ᠤ ᠳᠡᠳ᠋ ᠬᠤᠰᠢᠭᠤᠨ ᠳᠠᠷᠤᠭ᠎ᠠ ᠬᠤ᠋ ᠢᠦᠶ ᠠᠵᠢᠯᠯᠠᠭ᠎ᠠ ᠳᠤ ᠣᠷᠣᠯᠴᠠᠭᠰᠠᠨ ᠪᠥᠭᠡᠳ ᠲᠠᠯᠠᠷᠬᠠᠯ ᠤᠨ ᠦᠭᠡ | ᠬᠡᠯᠡᠵᠦ᠂ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠶᠢᠨ ᠳᠡᠳ᠋ ᠲᠤᠪᠴᠢᠶᠠᠨ ᠳᠠᠷᠤᠭ᠎ᠠ ᠯᠢᠦ ᠶᠦᠩ | ᠪᠢᠨ᠂ ᠽᠦᠩ ᠵᠧ᠂ ᠨᠣᠮ ᠤᠨ ᠰᠠᠩ᠂ ᠰᠣᠶᠣᠯ ᠤᠨ ᠣᠷᠳᠣᠨ᠂ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠪᠥᠬᠦ ᠺᠠᠳ᠋ᠷ ᠠᠵᠢᠯᠲᠠᠨ ᠠᠵᠢᠯᠴᠢᠨ | ᠠᠵᠢᠯᠯᠠᠭ᠎ᠠ ᠳᠤ ᠣᠷᠣᠯᠴᠠᠵᠤ᠂ ᠠᠵᠢᠯᠯᠠᠭ᠎ᠠ ᠶᠢ ᠰᠣᠶᠣᠯ ᠵᠢᠭᠤᠯᠴᠢᠯᠠᠯ ᠤᠨ ᠲᠣᠪᠴᠢᠶ᠎ᠠ ᠶᠢᠨ ᠲᠤᠪᠴᠢᠶᠠᠨ ᠳᠠᠷᠤᠭ᠎ᠠ | ᠯᠢᠦ ᠹᠧᠩ ᠡᠷᠭᠢᠯᠡᠪᠡ᠃ | | | | | ᠬᠤ᠋ ᠢᠦᠶ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠮᠦᠨ᠎ᠡ ᠠᠴᠠ ᠲᠣᠰ ᠤᠳᠠᠭᠠᠨ ᠤ ᠨᠣᠮ | ᠪᠢᠴᠢᠭ ᠬᠠᠨᠳᠢᠪᠯᠠᠭᠰᠠᠨ ᠪᠡᠭᠡᠵᠢᠩ ᠤᠨ ᠪᠠᠰᠠ ᠬᠤᠲᠠ ᠶᠢᠨ ᠬᠠᠮᠲᠤᠷᠠᠯᠴᠠᠭ᠎ᠠ ᠬᠥᠭᠵᠢᠯᠲᠡ ᠶᠢᠨ ᠰᠠᠭᠤᠷᠢ | ᠮᠥᠩᠭᠦᠨ ᠤ ᠨᠡᠶᠢᠭᠡᠮᠯᠢᠭ᠂ ᠪᠡᠭᠡᠵᠢᠩ ᠤᠨ ᠲᠠᠷᠢᠶᠠᠯᠠᠩ ᠬᠤᠳᠠᠯᠳᠤᠭᠠᠨ ᠤ ᠪᠠᠩᠬᠢ ᠶᠢᠨ ᠠᠵᠤ ᠠᠬᠤᠶ ᠮᠡᠷᠭᠡᠵᠢᠯ ᠤᠨ | ᠨᠡᠭᠡᠭᠡᠯᠲᠡ ᠶᠢᠨ ᠲᠣᠭᠤᠷᠢᠭ ᠤᠨ ᠰᠠᠯᠪᠤᠷᠢ ᠪᠠᠩᠬᠢ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ᠂ | ᠲᠡᠳᠡᠨ ᠤ ᠰᠠᠶᠢᠨ ᠦᠢᠯᠡ ᠠᠵᠢᠯᠯᠠᠭ᠎ᠠ ᠵᠢᠴᠢ ᠮᠠᠨ ᠤ ᠬᠤᠰᠢᠭᠤᠨ ᠤ ᠰᠣᠶᠣᠯ ᠤᠨ ᠦᠢᠯᠡᠰ ᠢ ᠬᠠᠯᠠᠮᠵᠢᠯᠠᠨ | ᠳᠡᠮᠵᠢᠭᠰᠡᠨ ᠳᠤ ᠲᠠᠯᠠᠷᠬᠠᠪᠠ᠃ ᠲᠣᠰ ᠤᠳᠠᠭᠠᠨ ᠤ ᠬᠠᠨᠳᠢᠪᠯᠠᠨ ᠬᠦᠷᠭᠡᠬᠦ ᠠᠵᠢᠯᠯᠠᠭ᠎ᠠ ᠨᠢ ᠮᠠᠨ ᠤ ᠬᠤᠰᠢᠭᠤᠨ ᠤ | ᠨᠣᠮ ᠤᠨ ᠰᠠᠩ ᠤᠨ ᠬᠠᠳᠠᠭᠠᠯᠠᠵᠤ ᠪᠠᠶᠢᠭ᠎ᠠ ᠨᠣᠮ ᠤᠨ ᠲᠥᠷᠥᠯ ᠵᠦᠢᠯ ᠪᠠ ᠨᠥᠭᠡᠴᠡ ᠶᠢ ᠤᠯᠠᠮ ᠨᠢᠭᠡ ᠠᠯᠬᠤᠮ | ᠪᠠᠶᠠᠯᠢᠭᠵᠢᠭᠤᠯᠤᠭᠰᠠᠨ ᠢᠶᠠᠷ ᠪᠠᠷᠠᠬᠤ ᠥᠬᠡᠶ᠂ ᠪᠠᠰᠠ ᠮᠠᠨ ᠤ ᠬᠤᠰᠢᠭᠤᠨ ᠤ ᠥᠷᠭᠡᠨ ᠣᠯᠠᠨ ᠤᠩᠰᠢᠭᠴᠢᠳ ᠲᠤ | ᠰᠢᠨ᠎ᠡ ᠣᠶᠤᠨ ᠰᠠᠨᠠᠭᠠᠨ ᠤ ᠥᠪ ᠬᠥᠷᠥᠩᠭᠡ ᠨᠡᠮᠡᠷᠢᠯᠡᠭᠰᠡᠨ ᠪᠠᠶᠢᠨ᠎ᠠ᠃ | | | | | ︽ᠨᠣᠮ ᠪᠢᠴᠢᠭ ᠪᠣᠯ ᠬᠥᠮᠥᠨ ᠲᠥᠷᠥᠯᠬᠢᠲᠡᠨ ᠤ ᠳᠠᠪᠰᠢᠯᠲᠠ ᠶᠢᠨ ᠱᠠᠲᠤ ᠮᠥᠨ︾᠂ ᠰᠣᠶᠣᠯ | ᠵᠢᠭᠤᠯᠴᠢᠯᠠᠯ ᠤᠨ ᠲᠣᠪᠴᠢᠶ᠎ᠠ ᠪᠠ ᠨᠣᠮ ᠤᠨ ᠰᠠᠩ ᠢᠯᠡᠷᠬᠡᠶᠢᠯᠡᠬᠦ ᠳᠡᠭᠡᠨ᠂ ᠲᠠᠷᠠᠭᠠᠴᠢ ᠶᠢᠨ ᠠᠯᠬᠤᠮ ᠳᠤ ᠨᠣᠮ | ᠤᠩᠰᠢᠬᠤ ᠶᠢ ᠵᠦᠶ ᠵᠣᠬᠢᠰᠲᠠᠶ ᠲᠣᠬᠢᠷᠠᠭᠤᠯᠵᠤ᠂ ᠨᠣᠮ ᠪᠢᠴᠢᠭ ᠢ ᠨᠠᠷᠢᠨ ᠨᠢᠮᠪᠠᠶ ᠠᠰᠢᠭᠯᠠᠨ᠂ ᠨᠠᠩ ᠣᠯᠠᠨ ᠣᠯᠠᠨ | ᠲᠦᠮᠡᠨ ᠢ ᠨᠣᠮ ᠤᠩᠰᠢᠬᠤ ᠠᠵᠢᠯᠯᠠᠭ᠎ᠠ ᠳᠤ ᠣᠷᠣᠯᠴᠠᠭᠤᠯᠵᠤ᠂ ᠮᠡᠳᠡᠯᠭᠡ ᠪᠠᠨ ᠨᠡᠮᠡᠭᠳᠡᠭᠦᠯᠦᠨ᠂ ᠬᠠᠷᠠᠭ᠎ᠠ ᠪᠠᠨ | ᠥᠷᠭᠡᠳᠬᠡᠵᠦ᠂ ᠮᠡᠳᠡᠯᠭᠡ ᠪᠠᠨ ᠨᠡᠮᠡᠭᠳᠡᠭᠦᠯᠦᠨ᠂ ᠰᠢᠮ᠎ᠡ ᠲᠡᠵᠢᠭᠡᠯ ᠭᠥᠷᠳᠡᠵᠦ᠂ ᠨᠣᠮ ᠤᠩᠰᠢᠬᠤ ᠭᠦᠨ ᠵᠤᠵᠠᠭᠠᠨ | ᠣᠷᠴᠢᠨ ᠲᠣᠭᠤᠷᠢᠨ ᠢ ᠪᠣᠶ ᠪᠣᠯᠭᠠᠵᠤ᠂ ᠮᠠᠨ ᠤ ᠬᠤᠰᠢᠭᠤᠨ ᠤ ᠰᠣᠶᠣᠯ ᠤᠨ ᠦᠢᠯᠡᠰ ᠢ ᠴᠡᠴᠡᠭᠯᠡᠭᠦᠯᠦᠨ | ᠬᠥᠭᠵᠢᠭᠦᠯᠵᠦ᠂ ᠪᠦᠬᠦᠯᠢ ᠴᠣᠭᠴᠠ ᠶᠢᠨ ᠰᠣᠶᠣᠯ ᠤᠨ ᠵᠥᠭᠡᠯᠡᠨ ᠪᠣᠳᠠᠲᠤ ᠬᠦᠴᠦᠨ ᠢ ᠳᠡᠭᠡᠭᠰᠢᠯᠡᠭᠦᠯᠵᠦ᠂ ︽ | ᠰᠣᠶᠣᠯ ᠢᠶᠠᠷ ᠤᠯᠤᠰ ᠢᠶᠠᠨ ᠬᠦᠴᠦᠷᠬᠡᠭᠵᠢᠭᠦᠯᠬᠦ ᠬᠦᠰᠡᠯ︾ ᠢ ᠪᠡᠶᠡᠯᠡᠭᠦᠯᠦᠨ᠎ᠡ ᠭᠡᠵᠡᠶ᠃ | | | | | ᠵᠣᠬᠢᠶᠠᠭᠴᠢ᠄ ᠴᠧᠨ ᠵᠢᠩ | ᠣᠷᠴᠢᠭᠤᠯᠣᠨᠨᠴᠢ᠄ ᠭᠧ ᠲᠣᠸᠠᠨ ᠯᠢᠶᠡᠨ |