| 7 ᠰᠠᠷ᠎ᠠ ᠶᠢᠨ 25 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠴᠠᠬᠠᠷ ᠪᠠᠷᠠᠭᠤᠨ ᠭᠠᠷᠤᠨ | ᠳᠤᠮᠳᠠᠳᠤ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠲᠠᠪᠤᠳᠤᠭᠠᠷ ᠪᠥᠬᠦᠳᠡ ᠬᠤᠷᠠᠯ | ᠬᠥᠬᠡᠪᠦᠷ ᠪᠠᠯᠭᠠᠰᠤᠨ ᠳᠤ ᠬᠤᠷᠠᠯᠳᠤᠪᠠ᠃ | ᠪᠦᠬᠦᠳᠡ ᠬᠤᠷᠠᠯ ᠨᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ | ᠨᠢᠭᠡᠳᠦᠭᠡᠷ ᠬᠤᠭᠤᠴᠠᠭᠠᠨ ᠤ ᠵᠢᠷᠭᠤᠳᠤᠭᠠᠷ ᠪᠦᠬᠦᠳᠡ ᠬᠤᠷᠠᠯ᠂ ᠬᠤᠳᠠ ᠶᠢᠨ ᠨᠠᠮ ᠤᠨ ᠬᠤᠷᠢᠶ᠎ᠠ ᠶᠢᠨ ᠲᠠᠪᠤᠳᠤᠭᠠᠷ | ᠬᠤᠭᠤᠴᠠᠭᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ | ᠦᠶ᠎ᠡ ᠶᠢᠨ ᠴᠢᠬᠤᠯᠠ ᠵᠢᠭᠠᠪᠤᠷᠢ ᠪᠣᠯᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ | ᠲᠤᠬᠠᠢ ᠪᠦᠬᠦ ᠲᠠᠯ᠎ᠠ ᠪᠠᠷ ᠲᠤᠬᠢᠷᠠᠭᠤᠯᠤᠨ ᠪᠠᠶᠢᠷᠢᠯᠠᠭᠤᠯᠪᠠ᠃ ︽ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ | ᠲᠠᠯ᠎ᠠ ᠪᠠᠷ ᠪᠥᠲᠥᠭᠡᠨ ᠪᠠᠶᠢᠭᠤᠯᠬᠤ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠲᠤᠬᠠᠶ ᠳᠤᠮᠳᠠᠳᠤ | ᠤᠯᠤᠰ ᠤᠨ ᠡᠪ ᠬᠠᠮᠲᠤ ᠨᠠᠮ ᠤᠨ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠤᠨ ᠬᠤᠷᠢᠶᠠᠨ ᠤ | ᠬᠡᠷᠡᠭᠵᠢᠭᠦᠯᠬᠦ ᠰᠠᠨᠠᠯ︾ ᠢ ᠬᠢᠨᠠᠨ ᠵᠥᠪᠯᠡᠵᠦ ᠪᠠᠲᠤᠯᠠᠪᠠ᠃ | | | | | ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ ᠤᠨ ᠡᠷᠬᠢᠯᠡᠭᠴᠢ | ᠹᠠᠨ ᠰᠢᠨ ᠬᠡᠯᠡᠭᠰᠡᠨ ᠨᠢ᠄ ︽ᠲᠣᠰ ᠤᠳᠠᠭᠠᠨ ᠤ ᠪᠥᠬᠦᠳᠡ ᠬᠤᠷᠠᠯ ᠪᠣᠯ ᠪᠥᠬᠦ ᠬᠤᠰᠢᠭᠤᠨ ᠤ ᠳᠡᠭᠡᠳᠦ ᠳᠣᠤᠷᠠᠳᠤ | ᠱᠠᠲᠤᠨ ᠤ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ | ᠴᠢᠬᠤᠯᠠ ᠵᠢᠭᠠᠪᠤᠷᠢ᠂ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠣᠭᠤᠰᠢᠯᠠᠭᠤᠯᠬᠤ | ᠲᠡᠤᠬᠡᠨ ᠴᠠᠭ ᠦᠶ᠎ᠡ ᠳᠤ ᠬᠤᠷᠠᠯᠳᠤᠭᠤᠯᠤᠭᠰᠠᠨ ᠨᠢᠭᠡ ᠤᠳᠠᠭᠠᠨ ᠤ ᠬᠤᠷᠠᠯ ᠪᠣᠯᠤᠨ᠎ᠠ᠃ ᠭᠤᠤ ᠱᠦᠵᠢ ᠶᠢᠨ | ᠬᠢᠭᠰᠡᠨ ᠢᠯᠡᠳᠬᠡᠯ ᠨᠢ ᠭᠤᠣᠯ ᠰᠡᠳᠦᠪ ᠢᠯᠡ ᠲᠣᠳᠣ᠂ ᠦᠨᠡᠨ ᠠᠴᠠ ᠵᠥᠪ ᠢ ᠡᠷᠢᠵᠦ᠂ ᠳᠡᠭᠡᠷ᠎ᠡ ᠬᠠᠭᠠᠰ ᠵᠢᠯ ᠳᠤ | ᠣᠯᠤᠭᠰᠠᠨ ᠠᠮᠵᠢᠯᠲᠠ ᠶᠢ ᠪᠤᠰᠤᠳᠴᠢ ᠪᠠᠷ ᠳ᠋ᠦᠩᠨᠡᠵᠦ᠂ ᠳᠠᠷᠠᠭᠠᠴᠢ ᠶᠢᠨ ᠱᠠᠲᠤᠨ ᠤ ᠬᠠᠷᠠᠯᠲᠠ ᠡᠭᠦᠷᠭᠡ ᠶᠢ | ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠬᠤᠶᠢᠰᠢᠳᠠ ᠶᠢᠨ ᠨᠢᠭᠡ ᠬᠤᠭᠤᠴᠠᠭᠠᠨ ᠤ ᠠᠵᠢᠯ ᠤᠨ ᠴᠢᠭᠯᠡᠯ ᠢ | ᠲᠣᠳᠣᠷᠬᠠᠢ ᠵᠢᠭᠠᠵᠤ᠂ ᠵᠢᠷᠤᠮᠯᠠᠯ ᠬᠠᠩᠭᠠᠵᠠᠢ᠃ ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠵᠠᠰᠠᠭ ᠤᠨ | ᠣᠷᠳᠣᠨ ᠤ ᠠᠯᠪᠠᠨ ᠬᠡᠷ ᠮᠡᠳᠡᠭᠦᠯᠦᠯᠲᠡ ᠶᠢᠨ ᠵᠣᠷᠢᠭ ᠰᠠᠨᠠᠭ᠎ᠠ ᠶᠢ ᠪᠠᠲᠤ ᠡᠵᠡᠮᠳᠡᠵᠦ᠂ ᠲᠣᠰ ᠪᠡᠶ᠎ᠡ ᠶᠢᠨ ᠪᠠᠶᠢᠷᠢ | ᠲᠣᠭᠲᠠᠭᠠᠯᠲᠠ ᠪᠠᠨ ᠰᠠᠭᠤᠷᠢᠯᠠᠨ᠂ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠪᠠᠨ ᠪᠠᠳᠠᠷᠠᠭᠤᠯᠵᠤ᠂ ︽ᠲᠠᠪᠤᠨ | ᠶᠡᠭᠡ ᠡᠭᠦᠷᠭᠡ︾ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ︾ | ᠬᠤᠶᠠᠷ ᠶᠡᠭᠡ ᠶᠠᠪᠤᠳᠠᠯ ᠵᠢᠴᠢ ᠪᠥᠬᠦ ᠬᠤᠰᠢᠭᠤᠨ ᠤ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ | ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ ᠪᠠ ᠵᠥᠪᠯᠡᠭᠴᠢ ᠬᠠᠪᠰᠤᠷᠤᠭᠴᠢ ᠶᠢᠨ ᠦᠢᠯᠡᠳᠣᠯ ᠢᠶᠠᠨ ᠰᠠᠶᠢᠲᠤᠷ | ᠪᠠᠳᠠᠷᠠᠭᠤᠯᠤᠨ᠎ᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠭᠡᠰᠢᠭᠦᠨ | ᠤᠳᠤᠷᠢᠳᠬᠤ ᠺᠠᠳ᠋ᠷᠴᠤᠳ ᠬᠥᠭᠵᠢᠯᠲᠡ ᠶᠢᠨ ᠦᠵᠡᠯᠲᠡ᠂ ᠠᠵᠢᠯ ᠤᠨ ᠪᠦᠲᠦᠮᠵᠢ ᠶᠢᠨ ᠦᠵᠡᠯᠲᠡ ᠪᠠᠨ ᠤᠯᠠᠮ ᠨᠢᠭᠡ | ᠠᠯᠬᠤᠮ ᠲᠥᠪ ᠪᠣᠯᠭᠠᠵᠤ᠂ ᠡᠭᠦᠷᠭᠡ ᠲᠤᠰᠢᠶᠠᠯ ᠢᠶᠠᠨ ᠬᠢᠴᠢᠶᠡᠩᠭᠦ᠋ᠢᠯᠡᠨ ᠭᠦᠢᠴᠡᠳᠬᠡᠬᠦ᠂ ᠬᠠᠷᠢᠭᠤᠴᠠᠯᠭ᠎ᠠ ᠡᠭᠦᠷᠭᠡᠯᠡᠨ | ᠵᠢᠳᠬᠦᠯ ᠴᠢᠷᠮᠠᠶᠢᠯᠭ᠎ᠠ ᠭᠠᠷᠭᠠᠬᠤ᠂ ᠵᠣᠷᠢᠭᠲᠠᠶ ᠪᠠᠷ ᠲᠡᠮᠡᠴᠡᠬᠦ ᠪᠠᠶᠢᠳᠠᠯ ᠪᠠ ᠰᠤᠷᠲᠠᠯ ᠢᠶᠠᠷ ᠠᠵᠢᠯ ᠦᠢᠯᠡᠰ ᠤᠨ | ᠬᠥᠭᠵᠢᠯᠲᠡ ᠶᠢ ᠠᠬᠢᠭᠤᠯᠬᠤ ᠪᠣᠳᠠᠲᠠᠶ ᠠᠵᠢᠯᠯᠠᠭᠴᠢ ᠪᠣᠯᠬᠤ ᠬᠡᠷᠡᠭᠲᠡᠶ᠃ | | | | | ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠠᠯᠠ ᠣᠷᠣᠭᠤᠯᠤᠯᠲᠠ ᠶᠢ ᠠᠬᠢᠭᠤᠯᠬᠤ ᠲᠥᠪ ᠤᠨ | ᠡᠷᠬᠢᠯᠡᠭᠴᠢ ᠴᠠᠢ ᠬᠠᠶ ᠫᠢᠩ ᠲᠠᠷᠠᠭᠠᠴᠢ ᠶᠢᠨ ᠠᠯᠬᠤᠮ ᠤᠨ ᠠᠵᠢᠯ ᠳᠤ ᠲᠣᠳᠣᠷᠬᠠᠶ ᠰᠡᠳᠬᠢᠴᠡ ᠪᠠ ᠲᠣᠳᠣᠷᠬᠠᠶ | ᠬᠠᠷᠠᠯᠲᠠ ᠲᠠᠢ ᠪᠣᠯᠵᠠᠢ᠄ ︽ᠡᠨᠡ ᠤᠳᠠᠭᠠᠨ ᠤ ᠪᠥᠬᠦᠳᠡ ᠬᠤᠷᠠᠯ᠂ ᠬᠤᠰᠢᠭᠤ ᠨᠠᠮ ᠤᠨ ᠬᠤᠷᠢᠶᠠᠨ ᠤ ᠭᠤᠤ | ᠱᠦᠵᠢ ᠶᠢᠨ ᠬᠢᠭᠰᠡᠨ ᠢᠯᠡᠳᠬᠡᠯ ᠨᠢ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠠᠵᠢᠯ ᠳᠤ ᠳᠠᠬᠢᠨᠲᠠ | ᠳᠠᠭᠠᠷᠢᠯᠲᠠ ᠶᠢᠨ ᠪᠦᠷᠢᠶ᠎ᠡ ᠶᠢ ᠬᠠᠩᠭᠢᠨᠠᠭᠤᠯᠤᠭᠰᠠᠨ ᠪᠥᠭᠡᠳ ᠪᠠᠰᠠ ᠪᠥᠬᠦ ᠬᠤᠰᠢᠭᠤᠨ ᠤ ᠥᠷᠭᠡᠨ ᠣᠯᠠᠨ | ᠺᠠᠳ᠋ᠷᠴᠤᠳ ᠤᠨ ᠠᠷᠠᠯᠵᠢᠶᠠᠴᠢᠨ ᠤᠷᠢᠬᠤ ᠶᠢ ᠶᠡᠬᠡᠪᠡᠷ ᠠᠳᠬᠤᠬᠤ ᠢᠲᠡᠭᠡᠯ ᠵᠣᠷᠢᠭ ᠢ ᠵᠣᠷᠢᠭᠵᠢᠭᠤᠯᠤᠨ ᠬᠥᠭᠵᠢᠭᠡᠵᠦ | ᠂ ᠢᠯᠡᠳᠬᠡᠯ ᠳᠤ ᠬᠤᠶᠢᠰᠢᠳᠠ ᠶᠢᠨ ᠨᠢᠭᠡ ᠬᠤᠭᠤᠴᠠᠭᠠᠨ ᠤ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ | ᠠᠵᠤ ᠠᠬᠤᠶ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠬᠠᠷᠠᠯᠲᠠ ᠶᠢ ᠲᠣᠳᠣᠷᠬᠠᠶ | ᠲᠣᠭᠲᠠᠭᠠᠪᠠ᠃ ᠪᠢᠳᠡ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠶ ᠰᠤᠷᠤᠯᠴᠠᠨ | ᠣᠶᠢᠯᠠᠭᠠᠵᠤ᠂ ᠪᠥᠬᠦ ᠬᠤᠰᠢᠭᠤᠨ ᠤ ᠲᠠᠷᠢᠶᠠᠯᠠᠩ ᠮᠠᠯ ᠠᠵᠤ ᠠᠬᠤᠶ᠂ ᠴᠡᠪᠡᠷ ᠡᠨᠧᠷᠭᠢ᠂ ᠰᠣᠶᠣᠯ ᠵᠢᠭᠤᠯᠴᠢᠯᠠᠯ | ᠡᠷᠡᠭᠦᠯᠵᠢᠯ ᠰᠤᠪᠢᠯᠠᠯᠲᠠ ᠵᠡᠷᠭᠡ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂ ᠪᠡᠭᠡᠵᠢᠩ ᠲᠢᠶᠠᠨᠵᠢᠨ ᠾᠧᠪᠧᠶ᠂ | ᠬᠥᠬᠡᠮᠥ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ ᠵᠡᠷᠭᠡ ᠭᠤᠤᠯᠳᠠᠯᠭ᠎ᠠ ᠲᠠᠢ | ᠬᠤᠳᠠᠯᠳᠤᠭᠠᠴᠢᠨ ᠤᠷᠢᠬᠤ ᠣᠷᠣᠨ ᠪᠦᠰᠡ ᠳᠤ ᠠᠩᠬᠠᠷᠤᠯ ᠢᠶᠠᠨ ᠲᠥᠪᠯᠡᠷᠡᠭᠦᠯᠵᠦ᠂ ︽ᠠᠵᠤ ᠠᠬᠤᠶ ᠶᠢ ᠠᠳᠬᠤᠬᠤ | ᠂ ᠬᠤᠳᠠᠯᠳᠤᠭᠠᠴᠢᠨ ᠤᠷᠢᠬᠤ ᠶᠢ ᠠᠳᠬᠤᠬᠤ᠂ ᠬᠥᠭᠵᠢᠯᠲᠡ ᠶᠢ ᠠᠬᠢᠭᠤᠯᠬᠤ︾ ᠬᠠᠯᠠᠭᠤᠨ ᠥᠷᠨᠢᠯᠲᠡ ᠶᠢ ᠪᠣᠶ | ᠪᠣᠯᠭᠠᠵᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠢ ᠡᠷᠡᠰ ᠭᠤᠶᠢᠪᠢᠰᠢ ᠥᠬᠡᠶ ᠴᠢᠩᠭᠠᠳᠬᠠᠵᠤ᠂ | ᠪᠥᠬᠦ ᠬᠦᠴᠦᠨ ᠢᠶᠠᠷ ᠢᠶᠠᠨ ᠴᠢᠷᠮᠠᠶᠢᠵᠤ᠂ ᠴᠠᠭ ᠮᠥᠴᠡ ᠶᠢ ᠵᠠᠪᠳᠤᠵᠤ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ | ᠰᠤᠷᠤᠯᠴᠠᠭᠰᠠᠨ ᠦᠷ᠎ᠡ ᠪᠦᠲᠦᠭᠡᠯ ᠢ ᠦᠨᠡᠨ ᠬᠦ ᠪᠥᠬᠦ ᠬᠤᠰᠢᠭᠤᠨ ᠤ ᠠᠵᠤ ᠠᠬᠤᠶ ᠶᠢᠨ ᠴᠢᠨᠠᠷ ᠰᠠᠶᠢᠲᠠᠶ | ᠬᠥᠭᠵᠢᠯᠲᠡ ᠶᠢᠨ ᠦᠷ᠎ᠡ ᠪᠦᠲᠦᠮᠵᠢ ᠪᠣᠯᠭᠠᠨ ᠬᠤᠪᠢᠷᠠᠭᠤᠯᠤᠨ᠎ᠠ᠃ | | | | | ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠦᠷᠢᠶ᠎ᠡ ᠰᠤᠮᠤ ᠶᠢᠨ ᠵᠠᠰᠠᠭ ᠤᠨ ᠣᠷᠳᠣᠨ ᠤ ᠳᠠᠷᠤᠭ᠎ᠠ | ᠬᠤ᠋ ᡁᠢ ᠶᠦᠩ ᠬᠡᠯᠡᠬᠦ ᠳᠡᠭᠡᠨ᠄ ︽ᠭᠤᠤ ᠱᠦᠵᠢ ᠶᠡᠭᠡ ᠬᠤᠷᠠᠯ ᠳᠡᠭᠡᠷ᠎ᠡ ᠬᠢᠭᠰᠡᠨ ᠢᠯᠡᠳᠬᠡᠯ ᠨᠢ ᠪᠦᠬᠦ ᠲᠠᠯ᠎ᠠ ᠶᠢ | ᠶᠡᠷᠦᠩᠬᠡᠶᠢᠯᠡᠨ ᠡᠵᠡᠮᠳᠡᠵᠦ᠂ ᠠᠯᠤᠰ ᠬᠡᠳᠦ ᠶᠢᠨ ᠵᠣᠷᠢᠯᠲᠠ ᠲᠠᠢ᠂ ᠦᠨᠡᠨ ᠠᠴᠠ ᠵᠥᠪ ᠢ ᠡᠷᠢᠵᠦ᠂ ᠮᠠᠯᠵᠢᠬᠤ | ᠣᠷᠣᠨ ᠤ ᠦᠨᠳᠦᠰᠦᠨ ᠱᠠᠲᠤᠨ ᠤ ᠠᠵᠢᠯᠲᠠᠨ ᠪᠣᠯᠤᠭᠰᠠᠨ ᠤ ᠬᠤᠪᠢ ᠳᠤ᠂ ᠪᠢ ᠲᠣᠰ ᠤᠳᠠᠭᠠᠨ ᠤ ᠪᠥᠬᠦᠳᠡ | ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠬᠤ ᠶᠢ ᠲᠡᠷᠢᠭᠦᠨ ᠴᠢᠬᠤᠯᠠ ᠡᠭᠦᠷᠭᠡ ᠪᠣᠯᠭᠠᠵᠤ᠂ ᠠᠮᠢ | ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ ᠬᠥᠭᠵᠢᠯᠲᠡ ᠶᠢᠨ ᠵᠠᠮ ᠢ ᠢᠮᠠᠭᠲᠠ | ᠪᠠᠷᠢᠮᠲᠠᠯᠠᠵᠤ᠂ ︽ᠨᠣᠭᠤᠭᠠᠷᠠᠭᠤᠯᠤᠯᠲᠠ ᠶᠢ ᠬᠠᠮᠠᠭᠠᠯᠠᠬᠤ︾ ᠲᠠᠯ᠎ᠠ ᠪᠠᠷ ᠨᠠᠷᠢᠯᠢᠭ ᠣᠨᠣᠴᠠᠲᠠᠶ ᠪᠠᠷ ᠠᠷᠭ᠎ᠠ ᠪᠣᠳᠣᠯᠭ᠎ᠠ | ᠬᠡᠷᠡᠭᠵᠢᠭᠦᠯᠦᠨ᠎ᠡ᠂ ︽ᠨᠣᠭᠤᠭᠠᠷᠠᠭᠤᠯᠤᠯᠲᠠ ᠶᠢ ᠨᠡᠮᠡᠭᠳᠡᠭᠦᠯᠬᠦ︾ ᠲᠠᠯ᠎ᠠ ᠪᠠᠷ ᠣᠷᠳᠣ ᠬᠤᠭᠤᠴᠠᠭ᠎ᠠ ᠪᠠᠷ ᠴᠢᠷᠮᠠᠶᠢᠨ᠎ᠠ︔ | ︽ᠨᠠᠮ ᠤᠨ ᠠᠴᠢ ᠳᠤ ᠲᠠᠯᠠᠷᠬᠠᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨ ᠤ | ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠦᠨᠳᠦᠰᠦᠲᠡᠨ ᠤ ᠬᠡᠷᠡᠭ | ᠶᠠᠪᠤᠳᠠᠯ ᠢ ᠬᠠᠤᠯᠢ ᠶᠣᠰᠣᠭᠠᠷ ᠬᠠᠮᠢᠶᠠᠷᠴᠤ᠂ ᠡᠭᠦᠳᠦᠨ ᠪᠠᠶᠢᠭᠤᠯᠬᠤ ᠠᠯᠬᠤᠴᠠ ᠶᠢ ᠯᠠᠪᠳᠠᠭᠤᠨ ᠢᠶᠠᠷ ᠠᠬᠢᠭᠤᠯᠵᠤ᠂ | ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ | ᠲᠠᠯ᠎ᠠ ᠪᠠᠷ ᠪᠥᠲᠥᠭᠡᠨ ᠪᠠᠶᠢᠭᠤᠯᠬᠤ ᠬᠦᠴᠦᠷᠬᠡᠭ ᠶᠡᠭᠡ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ | ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠰᠢᠨ᠎ᠡ ᠵᠣᠷᠢᠭ ᠰᠠᠨᠠᠭ᠎ᠠ ᠶᠢ ᠡᠵᠡᠮᠳᠡᠵᠦ᠂ ᠰᠢᠨ᠎ᠡ | ᠬᠥᠭᠵᠢᠯᠲᠡ ᠶᠢ ᠬᠠᠮᠲᠤᠪᠠᠷ ᠡᠷᠢᠯᠬᠢᠯᠡᠵᠦ᠂ ᠬᠤᠷᠠᠯ ᠳᠤ ᠣᠷᠣᠯᠴᠠᠭᠰᠠᠳ᠂ ᠰᠢ ᠶᠢᠨ ᠫᠢᠩ ᠨᠥᠬᠦᠷ ᠢᠶᠠᠷ ᠭᠤᠣᠯ | ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ | ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠬᠦᠰᠡᠯ | ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠡᠨᠡᠷᠢᠯ ᠳᠤ ᠲᠠᠯᠠᠷᠬᠠᠵᠤ᠂ ᠡᠷᠡᠯᠬᠡᠭᠯᠡᠨ ᠤᠷᠤᠭᠰᠢᠯᠠᠵᠤ᠂ ᠬᠦᠴᠦᠯᠡᠨ | ᠴᠢᠷᠮᠠᠶᠢᠵᠤ ᠦᠢᠯᠡᠰ ᠪᠦᠲᠦᠭᠡᠵᠦ᠂ ᠡᠷᠡᠰ ᠰᠢᠭᠤᠷᠬᠠᠢ ᠪᠠᠷ ᠤᠷᠤᠭᠰᠢᠯᠠᠨ ᠳᠠᠪᠰᠢᠵᠤ᠂ ᠬᠤᠶᠠᠷ ᠶᠡᠭᠡ ᠶᠠᠪᠤᠳᠠᠯ ᠢ | ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠴᠠᠬᠠᠷ | ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ ᠭᠡᠵᠦ ᠢᠯᠡᠳᠬᠡᠵᠡᠭᠡᠪᠡ᠃ | | | ᠰᠤᠷᠪᠤᠯᠵᠢᠯᠠᠭᠴᠢ᠄ ᠶᠠᠩ ᠴᠢᠤᠸᠠᠨ ᠵᠠᠩ ᠹᠧᠢ ᠢᠦᠢ | ᠨᠠᠶᠢᠷᠠᠭᠤᠯᠣᠨᠨᠴᠢ ᠄ ᠵᠠᠩ ᠹᠧᠢ ᠢᠦᠢ | ᠣᠷᠴᠢᠭᠤᠯᠣᠨᠨᠴᠢ᠄ ᠭᠧ ᠲᠣᠸᠠᠨ ᠯᠢᠶᠡᠨ | |