ᠳᠤᠮᠳᠠᠳᠤ ᠤᠯᠤᠰ ᠤᠨ ᠡᠪ ᠬᠠᠮᠲᠤ ᠨᠠᠮ ᠤᠨ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠠᠯᠪᠠᠨ ᠮᠡᠳᠡᠭᠡ
ᠨᠡᠶᠢᠲᠡᠯᠡᠭᠰᠡᠨ ᠴᠠᠭ᠄
2023/7/26
            ᠳᠤᠮᠳᠠᠳᠤ ᠤᠯᠤᠰ ᠤᠨ ᠡᠪ ᠬᠠᠮᠲᠤ ᠨᠠᠮ ᠤᠨ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠲᠠᠪᠤᠳᠤᠭᠠᠷ ᠪᠥᠬᠦᠳᠡ ᠬᠤᠷᠠᠯ 2023 ᠣᠨ ᠤ 7 ᠰᠠᠷ᠎ᠠ ᠶᠢᠨ 25 ᠤ ᠡᠳᠦᠷ ᠬᠥᠬᠡᠪᠦᠷ ᠪᠠᠯᠭᠠᠰᠤᠨ ᠳᠤ ᠬᠤᠷᠠᠯᠳᠤᠪᠠ᠃

      2023 ᠣᠨ ᠤ 7 ᠰᠠᠷ᠎ᠠ ᠶᠢᠨ 25 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠴᠠᠬᠠᠷ ᠪᠠᠷᠠᠭᠤᠨ

ᠭᠠᠷᠤᠨ ᠳᠤᠮᠳᠠᠳᠤ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠲᠠᠪᠤᠳᠤᠭᠠᠷ ᠪᠥᠬᠦᠳᠡ ᠬᠤᠷᠠᠯ

ᠬᠥᠬᠡᠪᠦᠷ ᠪᠠᠯᠭᠠᠰᠤᠨ ᠳᠤ ᠬᠤᠷᠠᠯᠳᠤᠪᠠ᠃ ᠰᠤᠷᠪᠤᠯᠵᠢᠯᠠᠭᠴᠢ᠄ ᠶᠠᠩ ᠴᠢᠤᠸᠠᠨ

      ᠡᠨᠡ ᠤᠳᠠᠭᠠᠨ ᠤ ᠪᠥᠬᠦᠳᠡ ᠬᠤᠷᠠᠯ ᠳᠤ ᠬᠤᠰᠢᠭᠤᠨ ᠤ ᠨᠠᠮ ᠤᠨ ᠬᠤᠷᠢᠶᠠᠨ ᠤ ᠭᠡᠰᠢᠭᠦᠨ 40 ᠬᠥᠮᠦᠨ᠂

ᠣᠷᠣᠯᠠᠭᠴᠢ ᠭᠡᠰᠢᠭᠦᠨ 8 ᠬᠥᠮᠦᠨ ᠣᠷᠣᠯᠴᠠᠪᠠ᠃ ᠬᠤᠰᠢᠭᠤᠨ ᠤ ᠬᠠᠮᠢᠶ᠎ᠠ ᠪᠦᠬᠦᠢ ᠤᠳᠤᠷᠢᠳᠬᠤ ᠨᠥᠬᠦᠳ᠂ ᠰᠠᠬᠢᠯᠭ᠎ᠠ

ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠭᠡᠰᠢᠭᠦᠨ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ ᠪᠣᠯᠤᠨ ᠬᠠᠮᠢᠶ᠎ᠠ

ᠪᠦᠬᠦᠢ ᠲᠠᠯ᠎ᠠ ᠶᠢᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃

      ᠳᠤᠮᠳᠠᠳᠤ ᠬᠤᠰᠢᠭᠤᠨ ᠤ ᠨᠠᠮ ᠤᠨ ᠬᠤᠷᠢᠶᠠᠨ ᠤ ᠱᠦᠵᠢ ᠭᠤᠤ ᠰᠧᠨ ᠶᠠᠷᠢᠶ᠎ᠠ ᠲᠠᠯᠪᠢᠪᠠ᠃ ᠰᠤᠷᠪᠤᠯᠵᠢᠯᠠᠭᠴᠢ᠄

ᠶᠠᠩ ᠴᠢᠤᠸᠠᠨ

      ᠪᠥᠬᠦᠳᠡ ᠬᠤᠷᠠᠯ ᠢ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠡᠷᠬᠢᠯᠡᠪᠡ᠃ ᠬᠤᠰᠢᠭᠤᠨ ᠤ

ᠨᠠᠮ ᠤᠨ ᠬᠤᠷᠢᠶᠠᠨ ᠤ ᠱᠦᠵᠢ ᠭᠤᠤ ᠰᠧᠨ ᠶᠠᠷᠢᠶ᠎ᠠ ᠲᠠᠯᠪᠢᠪᠠ᠃

       ᠪᠥᠬᠦᠳᠡ ᠬᠤᠷᠠᠯ ᠠᠴᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ

ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ

ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ᠂ ᠬᠤᠲᠠ ᠶᠢᠨ ᠨᠠᠮ ᠤᠨ ᠬᠤᠷᠢᠶ᠎ᠠ ᠶᠢᠨ ᠲᠠᠪᠤᠳᠤᠭᠠᠷ ᠬᠤᠭᠤᠴᠠᠭᠠᠨ ᠤ

ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂

ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠪᠠ

ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠣᠭᠤᠰᠢᠯᠠᠭᠤᠯᠬᠤ ᠲᠤᠬᠠᠶ ᠪᠥᠬᠦ ᠲᠠᠯ᠎ᠠ ᠶᠢᠨ ᠲᠣᠬᠢᠷᠠᠭᠤᠯᠤᠯᠲᠠ

ᠪᠠᠶᠢᠷᠢᠯᠠᠭᠤᠯᠤᠯᠲᠠ ᠬᠢᠵᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ

ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠴᠠᠬᠠᠷ ᠪᠠᠷᠠᠭᠤᠨ

ᠭᠠᠷᠤᠨ ᠳᠤᠮᠳᠠᠳᠤ ᠬᠤᠰᠢᠭᠤᠨ ᠤ ᠬᠤᠷᠢᠶ᠎ᠠ ᠶᠢᠨ ᠬᠡᠷᠡᠭᠵᠢᠭᠦᠯᠬᠦ ᠰᠠᠨᠠᠯ︾ ᠢ ᠬᠢᠨᠠᠨ ᠵᠥᠪᠯᠡᠵᠦ ᠪᠠᠲᠤᠯᠠᠭᠠᠳ᠂

ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠳᠡᠭᠡᠷ᠎ᠡ ᠬᠠᠭᠠᠰ ᠵᠢᠯ ᠤᠨ ᠠᠵᠢᠯ ᠤᠨ ᠮᠡᠳᠡᠭᠦᠯᠦᠯᠲᠡ

ᠪᠠ ᠡᠯ᠎ᠡ ᠰᠤᠮᠤ ᠰᠢᠶᠠᠩ ᠪᠠᠯᠭᠠᠰᠤ ︵ᠬᠦᠷᠢᠶᠡᠯᠡᠩ ᠲᠣᠭᠤᠷᠢᠭ︶᠂ ᠬᠤᠰᠢᠭᠤᠨ ᠤ ᠬᠤᠯᠪᠣᠭᠳᠠᠯ ᠪᠥᠬᠦᠶ ᠲᠠᠯ᠎ᠠ ᠶᠢᠨ

ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠭᠤᠤ ᠰᠧᠨ ︽ᠬᠡᠷᠡᠭᠵᠢᠭᠦᠯᠬᠦ ᠰᠠᠨᠠᠯ ︵ᠶᠠᠷᠢᠯᠴᠠᠬᠤ ᠨᠤᠤᠷᠠᠭ︶︾

 ᠤᠨ ᠲᠤᠬᠠᠶ ᠪᠥᠬᠦᠳᠡ ᠬᠤᠷᠠᠯ ᠳᠤ ᠲᠣᠳᠣᠷᠬᠠᠶᠢᠯᠠᠯᠲᠠ ᠬᠢᠪᠡ᠃

      ᠪᠥᠬᠦᠳᠡ ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠡᠨᠡ ᠤᠳᠠᠭ᠎ᠠ ᠶᠢᠨ ᠥᠪᠥᠷ ᠮᠣᠩᠭᠤᠯ ᠳᠤ

ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠪᠣᠯᠤᠨ ᠴᠢᠬᠤᠯᠠ ᠶᠠᠷᠢᠶ᠎ᠠ ᠨᠢ ᠡᠭᠦᠨ ᠠᠴᠠ ᠡᠮᠦᠨ᠎ᠡ ᠥᠪᠥᠷ

ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠲᠠᠢ ᠢᠮᠠᠭᠲᠠ ᠪᠠᠷᠢᠮᠲᠠᠯᠠᠭᠰᠠᠭᠠᠷ ᠢᠷᠡᠭᠰᠡᠨ ᠪᠥᠭᠡᠳ ᠪᠠᠰᠠ

ᠰᠢᠨ᠎ᠡ ᠥᠷᠭᠡᠵᠢᠯ ᠪᠠ ᠨᠠᠩ ᠥᠨᠳᠥᠷ ᠱᠠᠭᠠᠷᠳᠠᠯᠭ᠎ᠠ ᠲᠠᠢ ᠪᠠᠶᠢᠵᠤ᠂ ᠪᠢᠳᠡᠨ ᠤ ᠡᠯ᠎ᠡ ᠵᠦᠢᠯ ᠤᠨ ᠠᠵᠢᠯ ᠢᠶᠠᠨ ᠰᠠᠶᠢᠲᠤᠷ

ᠬᠢᠬᠦ ᠳᠤ ᠪᠥᠬᠦ ᠲᠠᠯ᠎ᠠ ᠶᠢᠨ ᠴᠢᠨᠠᠷᠲᠠᠶ᠂ ᠦᠨᠳᠦᠰᠦᠨ ᠴᠢᠨᠠᠷᠲᠠᠶ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠵᠢᠯᠣᠭᠤᠳᠬᠤ

ᠠᠴᠢ ᠬᠤᠯᠪᠣᠭᠳᠠᠯ ᠲᠠᠢ ᠶᠤᠮ᠃ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ

ᠥᠷᠭᠡᠨ ᠣᠯᠠᠨ ᠨᠠᠮ ᠤᠨ ᠭᠡᠰᠢᠭᠦᠨ ᠺᠠᠳ᠋ᠷ ᠤᠯᠤᠰ ᠲᠥᠷᠥ᠂ ᠪᠠᠶᠢᠯᠳᠤᠬᠤ ᠪᠣᠳᠣᠯᠭ᠎ᠠ᠂ ᠪᠥᠬᠦ ᠲᠠᠯ᠎ᠠ ᠶᠢᠨ

ᠦᠨᠳᠦᠷᠴᠡ ᠠᠴᠠ ᠶᠡᠷᠦᠩᠬᠡᠶ ᠱᠦᠵᠢ ᠰᠢ ᠶᠢᠨ ᠫᠢᠩ ᠤᠨ ᠡᠨᠡ ᠤᠳᠠᠭᠠᠨ ᠤ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ

ᠦᠶ᠎ᠡ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠶᠡᠷᠦᠩᠬᠡᠶ ᠱᠦᠵᠢ ᠰᠢ ᠶᠢᠨ ᠫᠢᠩ ᠤᠨ ᠠᠵᠤ

ᠦᠢᠯᠡᠰ ᠤᠨ ᠪᠦᠲᠦᠴᠡ ᠶᠢ ᠲᠦᠷᠭᠡᠳᠬᠡᠨ ᠰᠢᠯᠢᠳᠡᠭᠵᠢᠭᠦᠯᠬᠦ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ

ᠲᠡᠷᠢᠭᠦᠨ ᠳᠤ ᠲᠠᠯᠪᠢᠬᠤ᠂ ᠬᠠᠮᠲᠤ ᠪᠠᠷ ᠪᠠᠶᠠᠵᠢᠬᠤ ᠶᠢ ᠯᠠᠪᠳᠠᠭᠤᠨ ᠪᠠᠲᠤᠲᠠᠶ ᠠᠬᠢᠭᠤᠯᠬᠤ᠂ ᠳᠤᠮᠳᠠᠳᠤ ᠶᠢᠨ

ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ ᠭᠤᠤᠯ ᠰᠡᠳᠦᠪᠲᠦ ᠬᠥᠮᠦᠵᠢᠯ ᠢ

ᠰᠠᠶᠢᠲᠤᠷ ᠥᠷᠨᠢᠭᠦᠯᠬᠦ ᠵᠡᠷᠭᠡ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ ᠭᠦᠨᠵᠡᠭᠡᠶ ᠤᠶᠢᠯᠠᠭᠠᠨ᠂ ᠰᠢ ᠶᠢᠨ ᠫᠢᠩ ᠤᠨ

ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ

ᠰᠠᠨᠠᠭ᠎ᠠ ᠪᠠᠨ ᠨᠢᠭᠲᠠᠷᠠᠭᠤᠯᠤᠨ ᠰᠦᠭ ᠰᠦᠨᠡᠰᠦ ᠶᠢ ᠲᠥᠪᠯᠡᠷᠡᠭᠦᠯᠬᠦ ᠶᠢ ᠴᠥᠬᠦᠷᠡᠰᠢ ᠥᠬᠡᠶ ᠪᠠᠷᠢᠮᠲᠠᠯᠠᠵᠤ᠂

ᠤᠬᠠᠮᠰᠠᠷ ᠠᠴᠠ ᠪᠠᠨ ᠶᠡᠷᠦᠩᠬᠡᠶ ᠱᠦᠵᠢ ᠰᠢ ᠶᠢᠨ ᠫᠢᠩ ᠤᠨ ᠬᠠᠶᠢᠷ᠎ᠠ ᠬᠠᠯᠠᠮᠵᠢ ᠶᠢ ᠠᠵᠢᠯ ᠬᠢᠵᠦ ᠦᠢᠯᠡᠰ ᠪᠤᠰᠬᠠᠬᠤ

ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ︽ᠨᠠᠮ ᠤᠨ ᠠᠴᠢ ᠳᠤ ᠲᠠᠯᠠᠷᠬᠠᠵᠦ᠂ ᠨᠠᠮ ᠤᠨ

ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠣᠯᠬᠡ ᠶᠢᠨ ᠠᠵᠢᠯᠯᠠᠭ᠎ᠠ ᠶᠢ ᠭᠦᠨᠵᠡᠭᠡᠶ

ᠥᠷᠨᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ  ᠲᠣᠨᠨᠳᠠᠭᠠᠨᠨᠰᠠᠨ︾ ᠢ ᠬᠦᠷᠢᠶᠡᠯᠡᠵᠦ᠂ ︽ᠬᠤᠶᠠᠷ ᠢ

ᠬᠠᠮᠠᠭᠠᠯᠠᠬᠤ︾ ᠶᠢ ᠦᠢᠯᠡᠳᠣᠯᠭᠡᠵᠢᠬᠦᠯᠬᠦ ᠬᠡᠷᠡᠭᠲᠡᠶ᠃

     ᠪᠦᠬᠦᠳᠡ ᠬᠤᠷᠠᠯ ᠠᠴᠠ᠂ ︽ᠲᠠᠪᠤᠨ ᠶᠡᠭᠡ ᠡᠭᠦᠷᠭᠡ︾ ᠶᠢ ᠬᠦᠴᠦᠯᠡᠨ ᠠᠬᠢᠭᠤᠯᠬᠤ ᠪᠠ ᠵᠢᠱᠢᠶᠡᠴᠢ ᠥᠪᠡᠷᠲᠡᠭᠡᠨ

ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠵᠤ᠂ ᠬᠤᠯᠪᠣᠭᠳᠠᠯ ᠪᠦᠬᠦᠢ ᠡᠭᠦᠷᠭᠡ ᠶᠢ

ᠪᠣᠳᠠᠲᠠᠢ ᠬᠡᠷᠡᠭᠵᠢᠭᠦᠯᠬᠦ ᠰᠠᠨᠠᠯ ᠳᠤ ᠨᠠᠷᠢᠯᠢᠬᠵᠢᠭᠤᠯᠤᠨ ᠲᠡᠭᠦᠯᠳᠡᠷᠵᠢᠭᠦᠯᠵᠦ᠂ ᠨᠠᠶᠢᠳᠠᠪᠤᠷᠢᠵᠢᠭᠤᠯᠤᠯᠲᠠ ᠶᠢ ᠪᠠᠴᠢᠮ

ᠶᠠᠭᠠᠷᠠᠯᠲᠠᠢ ᠠᠬᠢᠭᠤᠯᠬᠤ ᠬᠡᠷᠡᠭᠲᠡᠢ᠃ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ

ᠬᠠᠯᠬᠠᠪᠴᠢ ᠶᠢ ᠪᠦᠲᠦᠭᠡᠨ ᠪᠠᠶᠢᠭᠤᠯᠬᠤ ᠲᠠᠯ᠎ᠠ ᠪᠠᠷ ᠰᠢᠨ᠎ᠡ ᠵᠠᠮ ᠭᠠᠷᠭᠠᠵᠤ᠂ ᠰᠢᠨ᠎ᠡ ᠬᠠᠷᠢᠭᠤᠯᠲᠠ ᠶᠢᠨ ᠬᠠᠭᠤᠳᠠᠰᠤ

ᠲᠤᠰᠢᠶᠠᠵᠤ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ

ᠶᠡᠷᠦᠩᠬᠡᠶᠢᠯᠡᠨ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠦᠢᠯᠡᠳᠪᠦᠷᠢᠯᠡᠯ ᠠᠮᠢᠳᠤᠷᠠᠯ ᠠᠮᠢ ᠠᠬᠤᠢ ᠶᠢᠨ

ᠠᠭᠤᠰᠤᠯᠴᠠᠨ ᠬᠥᠭᠵᠢᠬᠦ᠂ ᠠᠭᠤᠯᠠ ᠶᠢ ᠵᠠᠰᠠᠵᠤ ᠤᠰᠤ ᠶᠢ ᠵᠠᠰᠠᠬᠤ ᠶᠢ ᠨᠢᠭᠡ ᠴᠤᠭᠴᠠᠵᠢᠭᠤᠯᠤᠨ ᠠᠬᠢᠭᠤᠯᠬᠤ ᠶᠢ

ᠪᠠᠷᠢᠮᠲᠠᠯᠠᠵᠤ᠂ ᠬᠦᠬᠡ ᠣᠭᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠤ ᠦᠷ᠎ᠡ

ᠪᠦᠲᠦᠭᠡᠯ ᠢ ᠦᠷᠭᠦᠯᠵᠢᠯᠡᠨ ᠪᠠᠬᠢᠵᠢᠭᠦᠯᠦᠨ᠎ᠡ︔ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ

ᠬᠠᠯᠬᠠᠪᠴᠢ ᠶᠢ ᠪᠦᠲᠦᠭᠡᠨ ᠪᠠᠶᠢᠭᠤᠯᠬᠤ ᠲᠠᠯ᠎ᠠ ᠪᠠᠷ ᠰᠢᠨ᠎ᠡ ᠵᠠᠮ ᠢ ᠨᠡᠭᠡᠭᠡᠵᠦ᠂ ᠰᠢᠨ᠎ᠡ ᠬᠠᠷᠢᠭᠤᠯᠲᠠ ᠶᠢᠨ ᠬᠠᠭᠤᠳᠠᠰᠤ

ᠲᠤᠰᠢᠶᠠᠵᠤ᠂ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠪᠠᠷᠢᠮᠲᠠᠯᠠᠵᠤ᠂ ᠬᠥᠭᠵᠢᠯᠲᠡ ᠪᠠ ᠠᠮᠤᠷ

ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠨ᠎ᠠ᠃

     ᠨᠡᠶᠢᠭᠡᠮ ᠤᠨ ᠲᠣᠭᠲᠠᠭᠤᠨ ᠤ ᠶᠡᠭᠡ ᠲᠠᠯ᠎ᠠ ᠶᠢ ᠦᠨᠡᠨᠬᠦ ᠬᠠᠮᠠᠭᠠᠯᠠᠵᠤ᠂ ᠠᠶᠤᠯᠭᠦᠢ ᠦᠢᠯᠡᠳᠪᠦᠷᠢᠯᠡᠯ᠂ ᠵᠠᠬᠢᠳᠠᠯ

ᠰᠤᠷᠪᠤᠯᠵᠢᠯᠠᠭ᠎ᠠ ᠪᠠᠷ ᠲᠣᠭᠲᠠᠭᠤᠨ ᠢ ᠬᠠᠮᠠᠭᠠᠯᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠰᠢᠨ᠎ᠡ

ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠪᠣᠯᠤᠨ ︽ᠫᠦᠵᠢᠶᠠᠩ ᠤᠨ ᠲᠤᠷᠰᠢᠯᠭ᠎ᠠ︾ ᠶᠢ ᠪᠠᠷᠢᠮᠲᠠᠯᠠᠨ

ᠬᠥᠭᠵᠢᠭᠦᠯᠵᠦ᠂ ᠨᠡᠶᠢᠭᠡᠮ ᠤᠨ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠠᠮᠤᠷ ᠠᠮᠤᠭᠤᠯᠠᠩ ᠴᠠᠬᠠᠷ ᠪᠠᠷᠠᠭᠤᠨ

ᠭᠠᠷᠤᠨ ᠳᠤᠮᠳᠠᠳᠤ ᠬᠤᠰᠢᠭᠤᠨ ᠤ ᠪᠦᠳᠦᠭᠡᠨ ᠪᠠᠶᠢᠭᠤᠯᠤᠯᠲᠠ ᠶᠢ ᠠᠬᠢᠭᠤᠯᠣᠨ᠎ᠠ︔ ᠤᠯᠤᠰ ᠤᠨ ᠴᠢᠬᠤᠯᠠ ᠡᠨᠧᠷᠭᠢ ᠪᠣᠯᠤᠨ

ᠪᠠᠶᠢᠯᠳᠤᠬᠤ ᠪᠤᠳᠤᠯᠭ᠎ᠠ ᠶᠢᠨ ᠡᠬᠢ ᠪᠠᠶᠠᠯᠢᠭ ᠤᠨ ᠰᠠᠭᠤᠷᠢᠨ ᠢ ᠪᠦᠳᠦᠭᠡᠨ ᠪᠠᠶᠢᠭᠤᠯᠬᠤ ᠲᠠᠯ᠎ᠠ ᠪᠠᠷ ᠰᠢᠨ᠎ᠡ ᠵᠠᠮ ᠢ ᠨᠡᠭᠡᠭᠡᠵᠦ᠂

ᠰᠢᠨ᠎ᠡ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠶᠢ ᠪᠠᠷᠢᠮᠲᠠᠯᠠᠵᠤ᠂ ᠤᠯᠤᠰ ᠤᠨ ᠴᠢᠬᠤᠯᠠ ᠲᠠᠷᠢᠶᠠᠯᠠᠩ ᠤᠨ

ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠢ ᠪᠦᠳᠦᠭᠡᠨ ᠪᠠᠶᠢᠭᠤᠯᠬᠤ ᠲᠠᠯ᠎ᠠ ᠪᠠᠷ ᠰᠢᠨ᠎ᠡ

ᠵᠠᠮ ᠢ ᠨᠡᠭᠡᠭᠡᠵᠦ᠂ ᠰᠢᠨ᠎ᠡ ᠬᠠᠷᠢᠭᠤᠯᠲᠠ ᠶᠢᠨ ᠬᠠᠭᠤᠳᠠᠰᠤ ᠲᠤᠰᠢᠶᠠᠵᠤ᠂ ᠤᠯᠤᠰ ᠤᠨ ᠴᠢᠬᠤᠯᠠ ᠲᠠᠷᠢᠶᠠᠯᠠᠩ ᠤᠨ

ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠢ ᠪᠦᠳᠦᠭᠡᠨ ᠪᠠᠶᠢᠭᠤᠯᠬᠤ ᠲᠠᠯ᠎ᠠ ᠪᠠᠷ ᠰᠢᠨ᠎ᠡ

ᠵᠠᠮ ᠢ ᠨᠡᠭᠡᠭᠡᠵᠦ᠂ ᠰᠢᠨ᠎ᠡ ᠬᠠᠷᠢᠭᠤᠯᠲᠠ ᠶᠢᠨ ᠬᠠᠭᠤᠳᠠᠰᠤ ᠲᠤᠰᠢᠶᠠᠵᠤ᠂ ᠬᠠᠮᠲᠤᠷᠠᠯᠴᠠᠭ᠎ᠠ ᠪᠠᠨ ᠴᠢᠩᠭᠠᠳᠬᠠᠵᠤ᠂

ᠰᠠᠭᠤᠷᠢ ᠶᠢ ᠪᠠᠶᠢᠭᠤᠯᠤᠨ ᠬᠦᠴᠦᠷᠬᠡᠭᠵᠢᠭᠦᠯᠵᠦ᠂ ᠭᠠᠳᠠᠭᠰᠢ ᠨᠡᠭᠡᠭᠡᠯᠲᠡ ᠬᠢᠬᠦ ᠵᠠᠮ ᠢ ᠰᠢᠯᠤᠭᠤᠳᠬᠠᠵᠤ᠂ ᠭᠠᠳᠠᠭᠠᠳᠤ

ᠠᠷᠠᠯᠵᠢᠶᠠᠨ ᠤ ᠠᠵᠤ ᠠᠬᠤᠢ ᠶᠢ ᠢᠳᠡᠪᠬᠢᠲᠡᠢ ᠬᠥᠭᠵᠢᠭᠦᠯᠵᠦ᠂ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ

ᠨᠠᠶᠢᠳᠠᠪᠤᠷᠢᠵᠢᠭᠤᠯᠵᠤ᠂ ᠬᠦᠷᠢᠶ᠎ᠡ ᠪᠠᠨ ᠥᠷᠭᠡᠳᠬᠡᠵᠦ᠂ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠲᠡᠰ ᠳᠠᠪᠬᠤᠷᠭ᠎ᠠ ᠪᠣᠯᠤᠨ

ᠲᠦᠪᠰᠢᠨ ᠢ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠬᠦ ᠬᠡᠷᠡᠭᠲᠡᠢ᠃ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ

ᠲᠠᠯ᠎ᠠ ᠪᠠᠷ ᠪᠥᠲᠥᠭᠡᠨ ᠪᠠᠶᠢᠭᠤᠯᠬᠤ ᠡᠭᠦᠷᠭᠡ ᠶᠢ ᠨᠠᠶᠢᠳᠠᠪᠤᠷᠢᠵᠢᠭᠤᠯᠬᠤ ᠲᠠᠯ᠎ᠠ ᠪᠠᠷ ᠰᠢᠨ᠎ᠡ ᠵᠠᠮ ᠭᠠᠷᠭᠠᠵᠤ᠂ ᠰᠢᠨ᠎ᠡ

ᠬᠠᠷᠢᠭᠤᠯᠲᠠ ᠶᠢᠨ ᠬᠠᠭᠤᠳᠠᠰᠤ ᠲᠤᠰᠢᠶᠠᠵᠤ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ ᠳᠤᠮᠳᠠᠳᠤ ᠶᠢᠨ

ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠤᠯ ᠰᠢᠵᠢᠮ ᠤᠨ

ᠲᠣᠭᠤᠷᠢᠨ ᠳᠤ᠂᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ︽ᠳᠣᠯᠤᠭ᠎ᠠ ᠶᠢ ᠵᠢᠱᠢᠶᠡᠴᠢ ᠪᠣᠯᠭᠠᠬᠤ︾ ᠱᠠᠭᠠᠷᠳᠠᠯᠭ᠎ᠠ ᠶᠢ

ᠨᠠᠶᠢᠳᠠᠪᠤᠷᠢᠵᠢᠭᠤᠯᠬᠤ ᠶᠢ ᠠᠬᠢᠭᠤᠯᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ

ᠪᠠᠶᠢᠭᠤᠯᠬᠤ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ

ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠤᠷᠢᠶ᠎ᠠ ᠶᠢᠨ ᠬᠡᠷᠡᠭᠵᠢᠭᠦᠯᠬᠦ ᠰᠠᠨᠠᠯ︾ ᠢ ᠲᠤᠭᠤᠰᠢᠯᠠᠭᠤᠯᠤᠨ

ᠨᠠᠶᠢᠳᠠᠪᠤᠷᠢᠵᠢᠭᠤᠯᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠪᠥᠬᠦ ᠤᠯᠤᠰ ᠤᠨ ᠦᠨᠳᠦᠰᠦᠲᠡᠨ ᠤ

ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠪᠠᠷ ᠭᠠᠷᠳᠠᠴᠠ ᠪᠣᠯᠭᠠᠵᠤ᠂

ᠦᠨᠳᠦᠰᠦᠲᠡᠨ ᠨᠦᠭᠦᠳ ᠤᠨ ᠬᠥᠮᠦᠰ ᠤᠨ ᠰᠡᠳᠬᠢᠯ ᠢ ᠨᠢᠭᠲᠠᠷᠠᠭᠤᠯᠬᠤ᠂ ᠵᠣᠷᠢᠭ ᠰᠠᠨᠠᠭ᠎ᠠ ᠶᠢ ᠤᠶᠠᠯᠳᠤᠭᠤᠯᠬᠤ ᠶᠢ ᠨᠠᠩ

ᠰᠠᠶᠢᠲᠤᠷ ᠠᠬᠢᠭᠤᠯᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠡᠷᠬᠢᠮ ᠳᠡᠭᠡᠳᠦ ᠢᠷᠠᠭᠤ ᠠᠯᠳᠠᠷ ᠢ ᠨᠠᠷᠢᠨ

ᠨᠢᠮᠪᠠᠶ ᠬᠠᠮᠠᠭᠠᠯᠠᠬᠤ ᠬᠡᠷᠡᠭᠲᠡᠶ᠃

      ᠪᠥᠬᠦᠳᠡ ᠬᠤᠷᠠᠯ ᠠᠴᠠ᠂ ᠬᠥᠭᠵᠢᠯᠲᠡ ᠶᠢ ᠢᠮᠠᠭᠲᠠ ᠲᠡᠷᠢᠭᠦᠨ ᠴᠢᠬᠤᠯᠠ ᠡᠭᠦᠷᠭᠡ ᠪᠣᠯᠭᠠᠵᠤ᠂ ᠠᠵᠤ ᠦᠢᠯᠡᠰ ᠢ

ᠬᠦᠴᠦᠷᠬᠡᠭᠵᠢᠭᠦᠯᠦᠨ᠂ ᠪᠦᠲᠦᠴᠡ ᠶᠢ ᠰᠢᠯᠢᠳᠡᠭᠵᠢᠭᠦᠯᠵᠦ᠂ ᠶᠡᠷᠦᠩᠬᠡᠶ ᠬᠡᠮᠵᠢᠶ᠎ᠡ ᠶᠢ ᠶᠡᠭᠡ ᠪᠠᠷ ᠬᠢᠵᠦ᠂ ᠴᠢᠨᠠᠷ ᠰᠠᠶᠢᠲᠠᠶ

ᠬᠥᠭᠵᠢᠯᠲᠡ ᠶᠢᠨ ᠠᠵᠤ ᠦᠢᠯᠡᠰ ᠤᠨ ᠪᠠᠶᠢᠷᠢᠰᠢᠯ ᠢ ᠨᠡᠭᠡᠭᠡᠬᠦ ᠬᠡᠷᠡᠭᠲᠡᠶ᠃ ︽ᠨᠣᠬᠠᠢ ᠶᠢᠨ ᠬᠤᠰᠢᠭᠤ ᠨᠣᠭᠤᠭ᠎ᠠ ᠲᠥᠮᠥᠰᠥ᠂

ᠠᠯᠠᠰᠢᠨ ᠦᠬᠡᠷ ᠠᠯᠠᠰᠢᠨ ᠬᠤᠨᠢ ᠰᠦ︾ ᠶᠢᠨ ᠭᠤᠣᠯᠯᠠᠬᠤ ᠠᠵᠤ ᠦᠢᠯᠡᠰ ᠤᠨ ᠲᠣᠭᠤᠷᠢᠨ ᠳᠤ᠂ ᠪᠦᠲᠦᠴᠡ ᠶᠢ

ᠰᠢᠯᠢᠳᠡᠭᠵᠢᠭᠦᠯᠬᠦ ᠪᠠᠷ ᠴᠢᠭᠯᠡᠯ ᠪᠣᠯᠭᠠᠨ᠂ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢ ᠬᠦᠴᠦᠷᠬᠡᠭᠵᠢᠭᠦᠯᠬᠦ

ᠬᠡᠷᠡᠭᠲᠡᠢ᠃ ᠨᠣᠬᠠᠶ ᠶᠢᠨ ᠬᠤᠰᠢᠭᠤ ᠶᠢᠨ ᠠᠵᠤ ᠦᠢᠯᠡᠰ ᠢ ᠳᠡᠭᠡᠭᠰᠢᠯᠡᠭᠦᠯᠬᠦ᠂ ᠴᠡᠪᠡᠷ ᠨᠣᠭᠤᠭ᠎ᠠ ᠶᠢ ᠪᠡᠭᠡᠵᠢᠩ ᠳᠤ

ᠣᠷᠣᠭᠤᠯᠬᠤ᠂ ᠲᠥᠮᠥᠰᠥ ᠶᠢᠨ ᠦᠢᠯᠡᠰ ᠤᠨ ᠦᠷ᠎ᠡ ᠠᠰᠢᠭ ᠢ ᠳᠡᠭᠡᠭᠰᠢᠯᠡᠭᠦᠯᠦᠨ ᠥᠷᠲᠡᠭ ᠢ ᠨᠡᠮᠡᠭᠳᠡᠭᠦᠯᠬᠦ᠂ ᠠᠯᠠᠰᠢᠨ

ᠦᠬᠡᠷ ᠢ ᠥᠷᠭᠡᠳᠬᠡᠨ ᠰᠦᠷᠦᠭᠵᠢᠯ ᠢ ᠳᠠᠬᠢᠨ ᠢᠶᠠᠷ ᠨᠡᠮᠡᠭᠳᠡᠭᠦᠯᠬᠦ᠂ ᠠᠯᠠᠰᠢᠨ ᠬᠤᠨᠢ ᠶᠢ ᠰᠠᠶᠢᠵᠢᠷᠠᠭᠤᠯᠤᠨ ᠶᠠᠰᠤ ᠴᠢᠨᠠᠷ ᠢ

ᠳᠡᠭᠡᠭᠰᠢᠯᠡᠭᠦᠯᠬᠦ᠂ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ︽ᠵᠢᠷᠭᠤᠭᠠᠨ ᠶᠡᠭᠡ ᠠᠵᠢᠯᠯᠠᠭ᠎ᠠ︾ ᠶᠢ

ᠬᠡᠷᠡᠭᠵᠢᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠲᠥᠷᠥᠯ ᠵᠦᠢᠯ ᠢ ᠰᠢᠯᠢᠳᠡᠭᠵᠢᠭᠦᠯᠬᠦ᠂ ᠶᠠᠰᠤ

ᠴᠢᠨᠠᠷ ᠢ ᠳᠡᠭᠡᠭᠰᠢᠯᠡᠭᠦᠯᠬᠦ᠂ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠬᠤ ᠪᠠ ᠪᠠᠷᠢᠮᠵᠢᠶᠠᠵᠢᠭᠤᠯᠤᠨ ᠦᠢᠯᠡᠳᠪᠦᠷᠢᠯᠡᠬᠦ ᠶᠢ

ᠠᠬᠢᠭᠤᠯᠤᠨ᠎ᠠ᠃ ᠳᠠᠪᠠᠭᠤᠯᠢᠭ ᠡᠬᠢ ᠪᠠᠶᠠᠯᠢᠭ ᠢ ᠬᠤᠪᠢᠷᠠᠭᠤᠯᠬᠤ᠂ ᠤᠯᠠᠮᠵᠢᠯᠠᠯᠲᠤ ᠠᠵᠤ ᠦᠢᠯᠡᠰ ᠢ ᠳᠡᠰ ᠳᠡᠪᠰᠢᠭᠦᠯᠬᠦ᠂

ᠰᠢᠨ᠎ᠡ ᠪᠠᠷ ᠪᠤᠶ ᠪᠣᠯᠤᠭᠰᠠᠨ ᠠᠵᠤ ᠦᠢᠯᠡᠰ ᠢ ᠪᠤᠶᠢᠵᠢᠭᠤᠯᠬᠤ ᠳᠤ ᠰᠠᠭᠤᠷᠢᠯᠠᠨ᠂ ᠬᠡᠯᠪᠡᠷᠢ ᠪᠠᠨ ᠬᠤᠪᠢᠷᠠᠭᠤᠯᠤᠨ ᠳᠡᠰ

ᠳᠡᠪᠰᠢᠭᠦᠯᠬᠦ ᠪᠠᠷ ᠴᠢᠭᠯᠡᠯ ᠪᠣᠯᠭᠠᠵᠤ᠂ ᠠᠵᠤ ᠦᠢᠯᠡᠳᠪᠦᠷᠢ ᠶᠢᠨ ᠠᠵᠤ ᠠᠬᠤᠶ ᠶᠢ ᠪᠤᠵᠠᠭᠠᠶᠢᠷᠠᠭᠤᠯᠤᠨ᠎ᠠ᠃ ᠵᠤᠭᠠᠴᠠᠯ ᠤᠨ

ᠦᠢᠯᠡᠰ ᠤᠨ ᠰᠡᠷᠭᠦᠯᠲᠡ ᠪᠠ ᠬᠤᠳᠳᠤᠭ ᠤᠨ ᠰᠦᠷᠴᠢᠯᠲᠡ ᠶᠢᠨ ᠮᠠᠶ᠋ᠢᠭ ᠤᠨ ᠨᠡᠮᠡᠭᠳᠡᠯ ᠤᠨ ᠴᠢᠬᠤᠯᠠ ᠶᠡᠭᠡ ᠠᠵᠠ

ᠲᠣᠬᠢᠶᠠᠯ ᠢ ᠠᠮᠵᠢᠵᠤ᠂ ᠪᠠᠶᠢᠳᠠᠯ ᠢ ᠲᠠᠭᠠᠨ ᠠᠵᠢᠯᠯᠠᠵᠤ᠂ ᠠᠰᠢᠭᠲᠠᠢ ᠪᠠᠶᠢᠳᠠᠯ ᠢ ᠠᠮᠵᠢᠨ ᠤᠷᠤᠭᠰᠢᠯᠠᠵᠤ᠂ ᠣᠷᠣᠨ

ᠪᠦᠰᠡᠴᠢᠯᠡᠭᠰᠡᠨ ᠲᠦᠷᠦᠯ ᠲᠡᠮᠳᠡᠭ ᠢ ᠡᠭᠦᠳᠴᠦ᠂ ᠤᠯᠠᠨ ᠶᠠᠩᠵᠤᠴᠢᠯᠠᠭᠰᠠᠨ ᠬᠠᠩᠭᠠᠯᠭ᠎ᠠ᠂ ᠶᠠᠰᠤ ᠴᠢᠨᠠᠷ ᠢ

ᠳᠡᠭᠡᠭᠰᠢᠯᠡᠭᠦᠯᠦᠨ ᠪᠠᠷᠢᠮᠵᠢᠶᠠᠵᠢᠭᠤᠯᠬᠤ ᠦᠢᠯᠡᠴᠢᠯᠡᠭᠡ ᠶᠢ ᠪᠠᠶᠠᠯᠢᠭᠵᠢᠭᠤᠯᠵᠤ᠂ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ

ᠠᠰᠢᠭ ᠢ ᠨᠡᠮᠡᠭᠳᠡᠭᠦᠯᠬᠦ ᠪᠠᠷ ᠴᠢᠭᠯᠡᠯ ᠪᠣᠯᠭᠠᠵᠤ᠂ ᠭᠤᠷᠪᠠᠳᠤᠭᠠᠷ ᠠᠵᠤ ᠦᠢᠯᠡᠰ ᠢ ᠰᠢᠯᠢᠳᠡᠭᠵᠢᠭᠦᠯᠦᠨ᠎ᠡ᠃ ᠰᠠᠭᠤᠷᠢ ᠶᠢ

ᠪᠠᠲᠤᠳᠬᠠᠬᠤ᠂ ᠬᠥᠳᠡᠯᠭᠡᠬᠦ ᠡᠨᠧᠷᠭᠢ ᠶᠢ ᠨᠡᠮᠡᠭᠳᠡᠭᠦᠯᠬᠦ᠂ ᠦᠨᠳᠦᠰᠦ ᠶᠢ ᠪᠠᠬᠢᠵᠢᠭᠦᠯᠬᠦ᠂ ᠬᠥᠭᠡᠭᠡᠵᠦ ᠭᠦᠢᠴᠡᠬᠦ ᠶᠢ

ᠠᠬᠢᠭᠤᠯᠬᠤ᠂ ᠠᠵᠤ ᠠᠬᠤᠢ ᠨᠡᠶᠢᠭᠡᠮ ᠤᠨ ᠬᠥᠭᠵᠢᠯᠲᠡ ᠪᠠ ᠨᠠᠮ ᠤᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ

ᠤᠯᠬᠤ᠂ ᠰᠢᠨ᠎ᠡ ᠳᠦᠷᠰᠦ ᠪᠠᠶᠢᠳᠠᠯ ᠢ ᠢᠯᠡᠷᠡᠭᠦᠯᠬᠦ ᠶᠢ ᠬᠦᠴᠦᠯᠡᠨ ᠠᠬᠢᠭᠤᠯᠤᠨ᠎ᠠ᠃

      ᠪᠦᠬᠦᠳᠡ ᠬᠤᠷᠠᠯ ᠠᠴᠠ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠲᠦᠭᠡᠮᠡᠯ ᠬᠠᠷᠠᠭᠠᠯᠵᠠᠯ ᠤᠨ

ᠴᠢᠨᠠᠷᠲᠠᠢ᠂ ᠰᠠᠭᠤᠷᠢ ᠴᠢᠨᠠᠷᠲᠠᠢ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠢ ᠠᠷᠠᠳ ᠤᠨ ᠠᠮᠢᠳᠤᠷᠠᠯ ᠤᠨ

ᠪᠠᠶᠢᠭᠤᠯᠤᠯᠲᠠ ᠶᠢ ᠰᠠᠶᠢᠲᠤᠷ ᠬᠢᠵᠦ᠂ ᠥᠷᠭᠡᠨ ᠤᠯᠠᠨ ᠲᠦᠮᠡᠨ ᠳᠤ ᠨᠡᠩ ᠤᠯᠠᠨ ᠬᠥᠭᠵᠢᠯᠲᠡ ᠶᠢᠨ ᠦᠷ᠎ᠡ ᠪᠦᠲᠦᠭᠡᠯ ᠢ

ᠡᠳ᠋ᠯᠡᠭᠦᠯᠵᠦ᠂ ᠪᠦᠬᠦ ᠠᠷᠠᠳ ᠲᠦᠮᠡᠨ ᠤ ᠬᠠᠮᠲᠤ ᠪᠠᠷ ᠪᠠᠶᠠᠵᠢᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃

ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠨᠡᠩ ᠴᠢᠬᠤᠯᠠᠴᠢᠯᠠᠵᠤ᠂ ᠠᠷᠠᠳ ᠤᠨ

ᠠᠮᠢᠳᠤᠷᠠᠯ ᠤᠨ ᠳᠤᠲᠠᠭᠤᠳᠠᠯ ᠢ ᠬᠦᠴᠦᠯᠡᠨ ᠨᠥᠬᠦᠪᠥᠷᠢᠯᠡᠵᠦ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠦᠷᠭᠦᠯᠵᠢᠯᠡᠨ

ᠨᠡᠮᠡᠭᠳᠡᠭᠦᠯᠬᠦ ᠬᠡᠷᠡᠭᠲᠡᠢ᠃ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠬᠤᠲᠠ ᠬᠥᠳᠡᠭᠡ ᠶᠢᠨ ᠰᠠᠭᠤᠭᠠᠯᠢ ᠠᠷᠠᠳ ᠤᠨ

ᠣᠷᠣᠯᠭ᠎ᠠ ᠶᠢ ᠳᠡᠭᠡᠭᠰᠢᠯᠡᠭᠦᠯᠦᠨ᠂ ᠠᠵᠢᠯ ᠣᠯᠭᠤᠬᠤ ᠲᠥᠷᠥ ᠶᠢᠨ ᠪᠣᠳᠣᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠠᠵᠢᠯ

ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ᠂ ᠦᠢᠯᠡᠳᠪᠦᠷᠢᠯᠡᠯ ᠤᠨ ᠱᠠᠩᠨᠠᠯ ᠨᠥᠬᠦᠪᠥᠷᠢ᠂ ᠬᠥᠳᠡᠯᠮᠦᠷᠢ

ᠦᠢᠯᠡᠴᠢᠯᠡᠭᠡᠨ ᠤ ᠲᠤᠰᠠᠯᠠᠮᠵᠢ ᠵᠡᠷᠭᠡ ᠲᠣᠭᠲᠠᠴᠠ ᠶᠢ ᠲᠡᠭᠦᠯᠳᠡᠷᠵᠢᠭᠦᠯᠦᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ

ᠣᠯᠠᠨ ᠠᠷᠭ᠎ᠠ ᠵᠠᠮ ᠢᠶᠠᠷ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠤᠨ᠎ᠠ᠃ ᠦᠨᠳᠦᠰᠦᠨ ᠣᠯᠠᠨ ᠨᠡᠶᠢᠲᠡ ᠶᠢᠨ

ᠦᠢᠯᠡᠴᠢᠯᠡᠭᠡ ᠶᠢ ᠴᠢᠩᠭ᠎ᠠ ᠠᠳᠬᠤᠨ ᠪᠣᠳᠠᠲᠠᠶ ᠠᠳᠬᠤᠵᠤ᠂ ᠴᠢᠨᠠᠷ ᠰᠠᠶᠢᠲᠠᠶ ᠰᠤᠷᠭᠠᠨ ᠬᠥᠮᠦᠵᠢᠯ᠂ ᠡᠮᠴᠢᠯᠡᠭᠡᠨ ᠤ ᠡᠬᠢ

ᠪᠠᠶᠠᠯᠢᠭ ᠤᠨ ᠪᠠᠭᠲᠠᠭᠠᠮᠵᠢ ᠶᠢ ᠥᠷᠭᠡᠳᠬᠡᠬᠦ ᠪᠠ ᠲᠡᠩᠴᠡᠭᠦᠷᠢᠲᠡᠶ ᠪᠠᠶᠢᠷᠢᠰᠢᠭᠤᠯᠬᠤ ᠶᠢ ᠠᠬᠢᠭᠤᠯᠵᠤ᠂ ᠨᠠᠰᠤᠵᠢᠯ ᠤᠨ

ᠠᠰᠠᠷᠠᠮᠵᠢ ᠶᠢᠨ ᠦᠢᠯᠡᠰ ᠪᠠ ᠨᠠᠰᠤᠵᠢᠯ ᠤᠨ ᠠᠰᠠᠷᠠᠮᠵᠢ ᠶᠢᠨ ᠠᠵᠤ ᠦᠢᠯᠡᠰ ᠢ ᠢᠳᠡᠪᠬᠢᠲᠡᠶ ᠬᠥᠭᠵᠢᠭᠦᠯᠵᠦ᠂ ᠠᠷᠠᠳ

ᠣᠯᠠᠨ ᠤ ᠴᠢᠨᠠᠷ ᠰᠠᠶᠢᠲᠠᠶ ᠠᠮᠢᠳᠤᠷᠠᠯ ᠤᠨ ᠰᠢᠨ᠎ᠡ ᠬᠦᠰᠡᠯ ᠡᠷᠡᠮᠡᠯᠵᠡᠯ ᠢ ᠲᠠᠰᠤᠷᠠᠯᠲᠠ ᠥᠬᠡᠶ ᠬᠠᠩᠭᠠᠨ᠎ᠠ᠃ ᠦᠨᠳᠦᠰᠦᠨ

ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ

ᠬᠡᠷᠡᠭᠯᠡᠨ ᠭᠠᠮᠰᠢᠭᠳᠠᠭᠰᠠᠨ ᠤᠯᠠᠨ ᠲᠦᠮᠡᠨ᠂ ᠣᠨᠴᠠᠭᠠᠢ ᠬᠦᠴᠢᠷᠳᠡᠯ ᠲᠠᠢ ᠬᠥᠮᠦᠰ ᠤᠨ ᠦᠨᠳᠦᠰᠦᠨ ᠠᠮᠢᠳᠤᠷᠠᠯ ᠢ

ᠰᠠᠶᠢᠲᠤᠷ ᠪᠠᠲᠤᠯᠠᠵᠤ᠂ ᠡᠯ᠎ᠡ ᠵᠦᠢᠯ ᠤᠨ ᠠᠪᠤᠷᠠᠨ ᠲᠤᠰᠠᠯᠠᠬᠤ ᠲᠦᠷᠦ ᠶᠢᠨ ᠪᠤᠳᠤᠯᠭ᠎ᠠ ᠶᠢ ᠤᠨᠢᠨ ᠳᠡᠭᠡᠷ᠎ᠡ ᠨᠢ

ᠨᠠᠶᠢᠳᠠᠪᠤᠷᠢᠵᠢᠭᠤᠯᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠬᠠᠶᠢᠷ᠎ᠠ ᠰᠡᠳᠬᠢᠯᠭᠡ ᠲᠠᠢ ᠪᠠᠷ ᠬᠦᠴᠦᠯᠡᠨ

ᠰᠠᠶᠢᠲᠤᠷ ᠬᠢᠬᠦ ᠬᠡᠷᠡᠭᠲᠡᠢ᠃

     ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠮᠣᠩᠭᠤᠯ ᠮᠣᠷᠢᠨ ᠤ ᠵᠣᠷᠢᠭ ᠰᠠᠨᠠᠭ᠎ᠠ ᠪᠠ ︽ᠭᠤᠷᠪᠠᠨ ᠤᠮᠠᠷᠠᠲᠤ︾

 ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠤᠷᠠᠳᠤᠭᠰᠠᠨ ︽

ᠳᠣᠯᠤᠭ᠎ᠠ ᠶᠢ ᠲᠠᠶᠠᠭᠳᠠᠬᠤ︾ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠪᠣᠳᠠᠲᠠᠶ ᠶᠢ ᠡᠷᠬᠢᠮᠯᠡᠬᠦ ᠰᠤᠷᠲᠠᠯ ᠢ

ᠶᠡᠬᠡᠪᠡᠷ ᠮᠠᠨᠳᠤᠭᠤᠯᠵᠤ᠂ ᠪᠠᠶᠢᠴᠠᠭᠠᠨ ᠰᠤᠳᠤᠯᠤᠯᠲᠠ ᠬᠢᠵᠦ᠂ ᠦᠵᠡᠯᠲᠡ ᠪᠠᠨ ᠤᠯᠠᠮ ᠨᠢᠭᠡ ᠠᠯᠬᠤᠮ ᠬᠤᠪᠢᠷᠠᠭᠤᠯᠵᠤ᠂

ᠰᠤᠷᠲᠠᠯ ᠢᠶᠠᠨ ᠰᠠᠶᠢᠵᠢᠷᠠᠭᠤᠯᠵᠤ᠂ ᠨᠠᠶᠢᠳᠠᠪᠤᠷᠢᠵᠢᠭᠤᠯᠤᠯᠲᠠ ᠶᠢ ᠠᠳᠬᠤᠵᠤ᠂ ᠡᠯ᠎ᠡ ᠵᠦᠢᠯ ᠤᠨ ᠠᠵᠢᠯ ᠤᠨ ᠡᠭᠦᠷᠭᠡ ᠶᠢ

ᠲᠡᠷᠡ ᠬᠡᠪ ᠢᠶᠠᠷ ᠨᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠦᠨᠡᠨᠬᠦ ᠪᠠᠲᠤᠯᠠᠬᠤ ᠬᠡᠷᠡᠭᠲᠡᠶ᠃

ᠦᠵᠡᠯᠲᠡ ᠪᠠᠨ ᠡᠷᠡᠰ ᠭᠤᠶᠢᠪᠢᠰᠢ ᠦᠭᠡᠢ ᠬᠤᠪᠢᠷᠠᠭᠤᠯᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠳᠤᠮᠳᠠ

ᠰᠡᠳᠬᠢᠴᠡ ᠪᠠᠨ ᠡᠷᠢᠵᠦ᠂ ᠠᠷᠭ᠎ᠠ ᠰᠦᠪᠡᠭᠴᠢᠯᠡᠵᠦ᠂ ᠲᠣᠭᠲᠠᠴᠠ ᠶᠢᠨ ᠰᠢᠨ᠎ᠡ ᠶᠢ ᠡᠭᠦᠳᠬᠦ ᠳᠤᠮᠳᠠ ᠠᠵᠠ ᠲᠣᠬᠢᠶᠠᠯ ᠢ

ᠠᠮᠵᠢᠵᠤ᠂ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠷᠪᠢᠲᠠᠢ ᠡᠷᠴᠢᠮᠯᠢᠭ ᠳᠤᠮᠳᠠ ᠬᠥᠳᠡᠯᠭᠡᠬᠦ ᠬᠦᠴᠦᠨ ᠢ

ᠨᠡᠮᠡᠭᠳᠡᠭᠦᠯᠵᠦ᠂ ᠬᠥᠭᠵᠢᠯᠲᠡ ᠶᠢ ᠠᠬᠢᠭᠤᠯᠬᠤ ᠬᠡᠷᠡᠭᠲᠡᠢ᠃ ᠰᠤᠷᠲᠠᠯ ᠢᠶᠠᠨ ᠰᠢᠨᠲᠠᠷᠠᠰᠢ ᠦᠭᠡᠢ ᠰᠠᠶᠢᠵᠢᠷᠠᠭᠤᠯᠵᠤ᠂ ︽

ᠳᠠᠷᠦ᠋ᠢᠬᠠᠨ ᠭᠦᠢᠴᠡᠳᠬᠡᠬᠦ︾ ᠬᠤᠷᠳᠤᠴᠠ᠂ ︽ᠰᠠᠶᠢᠲᠤᠷ ᠭᠦᠢᠴᠡᠳᠬᠡᠬᠦ︾ ᠡᠷᠴᠢᠮ᠂ ︽ᠵᠣᠷᠢᠭᠲᠠᠢ ᠪᠠᠷ ᠲᠡᠮᠡᠴᠡᠬᠦ︾

ᠣᠪᠣᠷ ᠲᠠᠢ ᠪᠠᠶᠢᠬᠤ ᠬᠡᠷᠡᠭᠲᠡᠢ᠃ ᠬᠠᠷᠢᠭᠤᠴᠠᠯᠭ᠎ᠠ ᠡᠭᠦᠷᠭᠡᠯᠡᠨ ᠪᠣᠳᠠᠲᠠᠢ ᠠᠵᠢᠯᠯᠠᠵᠤ ᠨᠠᠶᠢᠳᠠᠪᠤᠷᠢᠵᠢᠭᠤᠯᠤᠯᠲᠠ ᠶᠢ

ᠠᠳᠬᠤᠵᠤ᠂ ︽ᠰᠢᠪᠲᠤᠯᠬᠤ︾ ᠤᠬᠠᠮᠰᠠᠷ ᠢᠶᠠᠨ ᠴᠢᠩᠭᠠᠳᠬᠠᠵᠤ᠂ ︽ᠲᠡᠮᠡᠴᠡᠬᠦ︾ ᠵᠣᠷᠢᠭ ᠰᠠᠨᠠᠭ᠎ᠠ ᠶᠢ ᠪᠠᠳᠠᠷᠠᠭᠤᠯᠵᠤ᠂ ︽

ᠠᠳᠬᠤᠬᠤ︾ ᠬᠠᠷᠢᠭᠤᠴᠠᠯᠭ᠎ᠠ ᠶᠢ ᠪᠣᠳᠠᠲᠠᠢ ᠨᠠᠶᠢᠳᠠᠪᠤᠷᠢᠵᠢᠭᠤᠯᠵᠤ᠂ ︽ᠰᠡᠳᠬᠢᠬᠦᠢ︾ ᠶᠢ ᠪᠠᠲᠤ ᠪᠤᠢ ᠪᠣᠯᠭᠠᠵᠤ᠂ ᠡᠨᠡ

ᠵᠢᠯ ᠤᠨ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠪᠦᠬᠦ ᠵᠢᠯ ᠤᠨ ᠬᠠᠷᠠᠯᠲᠠ ᠡᠭᠦᠷᠭᠡ ᠪᠠᠨ ᠪᠡᠶᠡᠯᠡᠭᠦᠯᠵᠦ᠂

ᠪᠠᠶᠢᠳᠠᠯ ᠢ ᠲᠠᠭᠠᠨ ᠠᠵᠢᠯᠯᠠᠵᠤ᠂ ᠰᠠᠨᠠᠭᠠᠴᠢᠯᠠᠭ᠎ᠠ ᠠᠴᠠ ᠪᠠᠨ ᠬᠢᠵᠦ᠂ ᠬᠠᠷᠢᠭᠤᠴᠠᠯᠭ᠎ᠠ ᠶᠢ ᠮᠥᠷᠥᠨ ᠳᠡᠭᠡᠷ᠎ᠡ ᠪᠠᠨ

ᠡᠭᠦᠷᠭᠡᠯᠡᠵᠦ᠂ ᠠᠵᠢᠯ ᠢᠶᠠᠨ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ᠪᠥᠬᠦ ᠬᠤᠰᠢᠭᠤᠨ ᠤ ᠡᠯ᠎ᠡ ᠱᠠᠲᠤᠨ ᠤ

ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠬᠥᠭᠵᠢᠯᠲᠡ ᠶᠢᠨ ᠦᠵᠡᠯᠲᠡ᠂ ᠠᠵᠢᠯ ᠤᠨ ᠪᠦᠲᠦᠮᠵᠢ ᠶᠢᠨ ᠦᠵᠡᠯᠲᠡ ᠪᠠᠨ

ᠤᠯᠠᠮ ᠨᠢᠭᠡ ᠠᠯᠬᠤᠮ ᠲᠥᠪ ᠪᠣᠯᠭᠠᠵᠤ᠂ ᠡᠭᠦᠷᠭᠡ ᠲᠤᠰᠢᠶᠠᠯ ᠢᠶᠠᠨ ᠬᠢᠴᠢᠶᠡᠩᠭᠦ᠋ᠢᠯᠡᠨ ᠭᠦᠢᠴᠡᠳᠬᠡᠬᠦ᠂ ᠬᠠᠷᠢᠭᠤᠴᠠᠯᠭ᠎ᠠ

ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ᠂ ᠵᠣᠷᠢᠭᠲᠠᠶ ᠪᠠᠷ ᠲᠡᠮᠡᠴᠡᠬᠦ ᠪᠠᠶᠢᠳᠠᠯ ᠪᠠ ᠰᠤᠷᠲᠠᠯ ᠢᠶᠠᠷ ᠠᠵᠢᠯ ᠦᠢᠯᠡᠰ ᠤᠨ

ᠬᠥᠭᠵᠢᠯᠲᠡ ᠶᠢ ᠠᠬᠢᠭᠤᠯᠬᠤ ᠪᠣᠳᠠᠲᠠᠶ ᠠᠵᠢᠯᠯᠠᠭᠴᠢ ᠪᠣᠯᠬᠤ ᠬᠡᠷᠡᠭᠲᠡᠶ᠃

     ᠪᠥᠬᠦᠳᠡ ᠬᠤᠷᠠᠯ ᠠᠴᠠ ᠡᠨᠡ ᠵᠢᠯ ᠠᠴᠠ ᠨᠠᠰᠢᠬᠢ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ

ᠬᠤᠷᠢᠶᠠᠨ ᠤ ᠠᠵᠢᠯ ᠢ ᠳᠡᠭᠡᠳᠦ ᠬᠡᠮᠵᠢᠶ᠎ᠡ ᠪᠠᠷ ᠦᠨᠡᠯᠡᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ

ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ

ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ

ᠨᠠᠶᠢᠳᠠᠪᠤᠷᠢᠵᠢᠭᠤᠯᠵᠤ᠂ ︽ᠬᠤᠶᠠᠷ ᠢ ᠲᠣᠨᠨᠳᠠᠭᠠᠨᠨᠰᠠᠨ︾ ᠢ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠨᠠᠩ ᠡᠷᠡᠰ

ᠪᠠᠲᠤ ᠤᠬᠠᠮᠰᠠᠷ ᠢ ᠦᠢᠯᠡᠳᠦᠯᠭᠡᠵᠢᠭᠦᠯᠵᠦ᠂ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ

ᠭᠠᠷᠭᠠᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠡᠯ᠎ᠡ ᠵᠦᠢᠯ ᠤᠨ

ᠡᠭᠦᠷᠭᠡ ᠶᠢ ᠭᠦᠨᠵᠡᠭᠡᠶ ᠠᠬᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢ ᠬᠦᠴᠦᠯᠡᠨ ᠠᠬᠢᠭᠤᠯᠵᠤ᠂ ᠠᠷᠠᠳ ᠤᠨ

ᠠᠮᠢᠳᠤᠷᠠᠯ ᠤᠨ ᠠᠵᠠ ᠵᠢᠷᠭᠠᠯ ᠢ ᠦᠷᠭᠦᠯᠵᠢᠯᠡᠨ ᠨᠡᠮᠡᠭᠳᠡᠭᠦᠯᠵᠦ᠂ ᠨᠠᠮ ᠤᠨ ᠪᠠᠶᠢᠭᠤᠯᠤᠯᠲᠠ ᠶᠢ ᠪᠥᠬᠦ ᠲᠠᠯ᠎ᠠ ᠪᠠᠷ

ᠴᠢᠩᠭᠠᠳᠬᠠᠵᠤ᠂ ᠬᠥᠭᠵᠢᠯᠲᠡ ᠶᠢ ᠠᠳᠬᠤᠵᠤ᠂ ᠡᠭᠦᠷᠭᠡᠯᠡᠯ ᠢ ᠠᠬᠢᠭᠤᠯᠵᠤ᠂ ᠰᠢᠨ᠎ᠡ ᠰᠤᠷᠲᠠᠯ ᠢ ᠪᠣᠶ ᠪᠣᠯᠭᠠᠭᠰᠠᠨ ᠦᠷ᠎ᠡ

ᠪᠦᠲᠦᠮᠵᠢ ᠶᠢ ᠲᠠᠰᠤᠷᠠᠯᠲᠠ ᠥᠬᠡᠶ ᠢᠯᠡᠷᠡᠭᠦᠯᠵᠦ᠂ ᠪᠥᠬᠦ ᠬᠤᠰᠢᠭᠤᠨ ᠤ ᠠᠵᠤ ᠠᠬᠤᠶ ᠶᠢᠨ ᠠᠵᠢᠯᠯᠠᠭᠠᠨ ᠲᠣᠭᠲᠠᠭᠤᠨ ᠤ

ᠳᠤᠮᠳᠠ ᠤᠷᠤᠭᠰᠢᠯᠠᠵᠤ᠂ ᠲᠣᠭᠲᠠᠭᠤᠨ ᠤ ᠳᠤᠮᠳᠠ ᠶᠠᠰᠤ ᠴᠢᠨᠠᠷ ᠢ ᠳᠡᠭᠡᠭᠰᠢᠯᠡᠭᠦᠯᠵᠦ᠂ ᠡᠯ᠎ᠡ ᠵᠦᠢᠯ ᠤᠨ ᠠᠵᠢᠯ ᠦᠢᠯᠡᠰ

ᠦᠷᠭᠦᠯᠵᠢᠯᠡᠨ ᠡᠷᠡᠭᠦᠯ ᠢᠶᠠᠷ ᠬᠦᠭᠵᠢᠨ᠎ᠡ ᠭᠡᠵᠦ ᠰᠠᠨᠠᠯ ᠨᠢᠭᠡᠲᠡᠢ ᠦᠵᠡᠪᠡ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ

ᠬᠢᠯᠪᠠᠷ ᠪᠤᠰᠤ ᠪᠠᠷ ᠣᠯᠤᠭᠰᠠᠨ ᠰᠠᠶᠢᠨ ᠠᠮᠵᠢᠯᠲᠠ ᠪᠠᠨ ᠬᠤᠪᠢ ᠳᠠᠬᠢᠨ ᠨᠠᠨᠳᠢᠩᠨᠠᠵᠤ᠂ ᠥᠷᠨᠢᠨ ᠪᠠᠳᠠᠷᠠᠩᠭᠤᠶ ᠥᠭᠡᠳᠡᠯᠡᠨ

ᠳᠠᠪᠰᠢᠬᠤ ᠰᠠᠶᠢᠨ ᠪᠠᠶᠢᠳᠠᠯ ᠢᠶᠠᠨ ᠴᠢᠷᠮᠠᠶᠢᠨ ᠪᠠᠲᠤᠯᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠳᠣᠤᠷ᠎ᠠ

ᠬᠠᠭᠠᠰ ᠵᠢᠯ ᠤᠨ ᠠᠵᠢᠯ ᠢᠶᠠᠨ ᠨᠠᠩ ᠰᠠᠶᠢᠲᠤᠷ ᠬᠢᠬᠦ ᠬᠡᠷᠡᠭᠲᠡᠶ᠃

      ᠪᠥᠬᠦᠳᠡ ᠬᠤᠷᠠᠯ ᠠᠴᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠷᠢᠮ︾ ᠪᠣᠯᠤᠨ ︽ᠳᠤᠮᠳᠠᠳᠤ

ᠤᠯᠤᠰ ᠤᠨ ᠡᠪ ᠬᠠᠮᠲᠤ ᠨᠠᠮ ᠤᠨ ᠣᠷᠣᠨ ᠨᠤᠲᠤᠭ ᠤᠨ ᠬᠤᠷᠢᠶᠠᠨ ᠤ ᠠᠵᠢᠯ ᠤᠨ ᠲᠦᠷᠢᠮ︾ ᠤᠨ ᠬᠤᠯᠪᠣᠭᠳᠠᠯ ᠪᠥᠬᠦᠶ

ᠲᠣᠭᠲᠠᠭᠠᠯ ᠢ ᠦᠨᠳᠦᠰᠦᠯᠡᠨ᠂ ᠸᠠᠩ ᠰᠢᠶᠤᠤ ᠯᠦᠩ᠂ ᠵᠠᠩ ᠶᠠᠨ ᠳ᠋ᠦᠩ 2 ᠨᠥᠬᠦᠷ ᠢ ᠳᠤᠮᠳᠠᠳᠤ ᠤᠯᠤᠰ ᠤᠨ ᠡᠪ

ᠬᠠᠮᠲᠤ ᠨᠠᠮ ᠤᠨ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ

ᠭᠡᠰᠢᠭᠦᠨ ᠤ ᠲᠤᠰᠢᠶᠠᠯ ᠠᠴᠠ ᠨᠢ ᠪᠠᠭᠤᠯᠭᠠᠬᠤ ᠶᠢ ᠵᠥᠪᠰᠢᠶᠡᠷᠡᠪᠡ᠃

     ᠪᠥᠬᠦᠳᠡ ᠬᠤᠷᠠᠯ ᠠᠴᠠ᠂ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ

ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ

ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂

ᠬᠤᠲᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠪᠥᠬᠦ ᠬᠤᠰᠢᠭᠤᠨ ᠤ

ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠬᠦᠰᠡᠯ ᠨᠠᠶᠢᠳᠠᠯᠭ᠎ᠠ ᠶᠢ ᠪᠠᠲᠤ

ᠴᠡᠭᠡᠵᠢᠯᠡᠵᠦ᠂ ᠠᠴᠢ ᠡᠨᠡᠷᠢᠯ ᠳᠤ ᠲᠠᠯᠠᠷᠬᠠᠨ ᠡᠷᠡᠮᠡᠬᠡᠶᠢᠯᠡᠨ ᠤᠷᠤᠭᠰᠢᠯᠠᠵᠤ᠂ ᠬᠤᠶᠠᠷ ᠶᠡᠭᠡ ᠶᠠᠪᠤᠳᠠᠯ ᠢ ᠪᠥᠬᠦ

ᠬᠦᠴᠦᠨ ᠢᠶᠠᠷ ᠢᠶᠠᠨ ᠰᠠᠶᠢᠲᠤᠷ ᠬᠢᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠴᠠᠬᠠᠷ ᠪᠠᠷᠠᠭᠤᠨ ᠭᠠᠷᠤᠨ

ᠳᠤᠮᠳᠠᠳᠤ ᠬᠤᠰᠢᠭᠤᠨ ᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠶ ᠭᠡᠵᠦ ᠤᠷᠢᠶᠠᠯᠠᠪᠠ᠃

   

       ᠰᠤᠷᠪᠤᠯᠵᠢᠯᠠᠭᠴᠢ᠄ ᠶᠠᠩ ᠴᠢᠤᠸᠠᠨ   ᠺᠠᠩ ᠢᠦᠢ  ᠵᠠᠩ ᠹᠧᠢ ᠢᠦᠢ  ᠨᠢᠦ ᠪᠦᠸᠧ  ᠵᠠᠩ ᠰᠢᠶᠤᠤ ᠳ᠋ᠦᠩ  

ᠭᠤᠣ ᠸᠧᠢ

       ᠣᠷᠴᠢᠭᠤᠯᠣᠨᠨᠴᠢ᠄  ᠭᠧ ᠲᠣᠸᠠᠨ ᠯᠢᠶᠡᠨ

     

 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号