ᠳᠤᠮᠳᠠᠳᠤ ᠤᠯᠤᠰ ᠤᠨ ᠨᠣᠭᠤᠭᠠᠷᠠᠭᠤᠯᠤᠯᠲᠠ ᠶᠢᠨ ᠰᠠᠭᠤᠷᠢ ᠮᠥᠩᠭᠦᠨ ᠤ ᠨᠡᠶᠢᠭᠡᠮᠯᠢᠭ ᠣᠲᠣ ᠦᠶ᠎ᠡ ᠶᠢᠨ ᠮᠠᠰᠢᠨ ᠲᠡᠷᠭᠡᠨ ᠤ ᠪᠦᠯᠦᠭᠯᠡᠯ ᠲᠠᠢ ᠬᠠᠮᠲᠤᠷᠠᠨ ᠮᠠᠨ ᠤ ᠬᠤᠰᠢᠭᠤᠨ ᠳᠤ ᠢᠷᠡᠵᠦ ᠨᠡᠶᠢᠲᠡ ᠶᠢᠨ ᠠᠰᠠᠷᠠᠮᠵᠢ ᠶᠢᠨ ᠲᠥᠷᠥᠯ ᠵᠦᠢᠯ ᠤᠨ ᠬᠠᠨᠳᠢᠪᠯᠠᠬᠤ ᠶᠣᠰᠣᠯᠠᠯ ᠤᠨ ᠪᠡᠯᠡᠳᠬᠡᠯ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/7/7
     ᠡᠬᠡ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠶᠢᠨ ᠲᠥᠯᠥᠭᠡ᠂ ᠳᠤᠮᠳᠠᠳᠤ ᠤᠯᠤᠰ ᠤᠨ ᠨᠣᠭᠤᠭᠠᠷᠠᠭᠤᠯᠤᠯᠲᠠ ᠶᠢᠨ ᠰᠠᠭᠤᠷᠢ ᠮᠥᠩᠭᠦᠨ ᠤ ᠨᠡᠶᠢᠭᠡᠮᠯᠢᠭ ᠨᠡᠶᠢᠲᠡ ᠶᠢᠨ ᠠᠰᠠᠷᠠᠮᠵᠢ ᠶᠢᠨ ᠬᠠᠮᠲᠤᠷᠠᠯᠴᠠᠭᠠᠨ ᠤ ᠬᠠᠨᠢᠲᠠᠨ ᠣᠲᠣ ᠦᠶ᠎ᠡ ᠶᠢᠨ ᠮᠠᠰᠢᠨ ᠲᠡᠷᠭᠡᠨ ᠤ ᠪᠦᠯᠦᠭᠯᠡᠯ ︵ᠳᠤᠮᠳᠠᠳᠤ ᠤᠯᠤᠰ︶ ︵ᠳᠣᠷᠣᠭᠰᠢ ︽ᠣᠲᠣ ᠦᠶ᠎ᠡ ᠶᠢᠨ ᠺᠣᠮᠫᠠᠨᠢ︾ ᠭᠡᠵᠦ ᠲᠣᠪᠴᠢᠯᠠᠨ᠎ᠠ︶ ᠲᠠᠢ ᠬᠠᠮᠲᠤᠷᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠳᠤ ᠢᠳᠡᠪᠬᠢᠲᠡᠶ ᠣᠷᠣᠯᠴᠠᠵᠤ᠂ ᠤᠯᠠᠭᠠᠨᠴᠠᠪ ᠬᠤᠲᠠ ᠶᠢᠨ ᠰᠢᠩ ᠾᠧ ᠰᠢᠶᠠᠨ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠪᠠᠯᠠ ᠮᠥᠩᠭᠦ ᠬᠠᠨᠳᠢᠪᠯᠠᠵᠤ ᠨᠡᠶᠢᠲᠡ ᠶᠢᠨ ᠠᠰᠠᠷᠠᠮᠵᠢ ᠶᠢᠨ ᠣᠶᠢᠵᠢᠭᠤᠯᠬᠤ ᠵᠢᠴᠢ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠨ ᠰᠡᠷᠭᠦᠭᠡᠬᠦ ᠲᠥᠷᠥᠯ ᠵᠦᠢᠯ ᠢ ᠥᠷᠨᠢᠭᠦᠯᠪᠡ᠃ ᠬᠠᠨᠳᠢᠪᠯᠠᠬᠤ ᠶᠣᠰᠣᠯᠠᠯ ᠤᠨ ᠠᠬᠤᠶ ᠲᠠᠯᠠᠪᠠᠶ ᠶᠢᠨ ᠠᠵᠢᠯᠯᠠᠭ᠎ᠠ ᠶᠢ ᠤᠷᠤᠭᠰᠢᠲᠠᠶ ᠥᠷᠨᠢᠭᠦᠯᠬᠦ ᠶᠢ ᠪᠠᠲᠤᠯᠠᠵᠤ᠂ ᠠᠵᠢᠯᠯᠠᠭ᠎ᠠ ᠶᠢᠨ ᠬᠠᠮᠢᠶ᠎ᠠ ᠪᠥᠬᠦᠶ ᠪᠡᠯᠡᠳᠬᠡᠯ ᠵᠣᠬᠢᠶᠠᠨ ᠪᠠᠶᠢᠭᠤᠯᠤᠯᠲᠠ ᠶᠢᠨ ᠵᠦᠢᠯᠡᠰ ᠢ ᠨᠠᠶᠢᠳᠠᠪᠤᠷᠢᠵᠢᠭᠤᠯᠬᠤ ᠶᠢᠨ ᠲᠥᠯᠥᠭᠡ᠂ ᠳᠤᠮᠳᠠᠳᠤ ᠤᠯᠤᠰ ᠤᠨ ᠨᠣᠭᠤᠭᠠᠷᠠᠭᠤᠯᠤᠯᠲᠠ ᠶᠢᠨ ᠰᠠᠭᠤᠷᠢ ᠮᠥᠩᠭᠦᠨ ᠤ ᠨᠡᠶᠢᠭᠡᠮᠯᠢᠭ 6 ᠰᠠᠷ᠎ᠠ ᠶᠢᠨ 30 ᠤ ᠡᠳᠦᠷ ᠂ ᠲᠤᠰᠬᠠᠶ ᠲᠤᠰᠢᠶᠠᠯᠲᠠᠨ ᠲᠣᠮᠢᠯᠠᠨ ᠠᠳᠠᠯᠢ ᠣᠲᠣ ᠦᠶ᠎ᠡ ᠶᠢᠨ ᠺᠣᠮᠫᠠᠨᠢ᠂ ᠲᠥᠰᠦᠪᠯᠡᠬᠦ ᠺᠣᠮᠫᠠᠨᠢ᠂ ᠬᠡᠷᠡᠭᠵᠢᠭᠦᠯᠬᠦ ᠨᠢᠭᠡᠴᠡ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠢ ᠳᠠᠭᠠᠭᠤᠯᠤᠨ ᠮᠠᠨ ᠤ ᠬᠤᠰᠢᠭᠤᠨ ᠳᠤ ᠬᠦᠷᠴᠦ ᠨᠤᠲᠤᠭ ᠪᠡᠯᠴᠢᠭᠡᠷ ᠢ ᠰᠡᠷᠭᠦᠭᠡᠬᠦ ᠲᠥᠷᠥᠯ ᠵᠦᠢᠯ ᠳᠤ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ ᠨᠤᠲᠤᠭ ᠪᠡᠯᠴᠢᠭᠡᠷ ᠢ ᠰᠡᠷᠭᠦᠭᠡᠬᠦ ᠲᠥᠷᠥᠯ ᠵᠦᠢᠯ ᠤᠨ ᠬᠠᠨᠳᠢᠪᠯᠠᠬᠤ ᠶᠣᠰᠣᠯᠠᠯ ᠢ ᠵᠣᠬᠢᠴᠠᠭᠤᠯᠬᠤ ᠬᠤᠷᠠᠯ ᠬᠤᠷᠠᠯᠳᠤᠭᠤᠯᠪᠠ᠃ ᠤᠯᠠᠭᠠᠨᠴᠠᠪ ᠬᠤᠲᠠ ᠶᠢᠨ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠶᠢᠨ ᠳᠡᠳ᠋ ᠳᠠᠷᠤᠭ᠎ᠠ ᠦ᠋ ᠲᠥᠩ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠸᠠᠩ ᠬᠠᠶ ᠵᠧᠨ᠂ ᠬᠤᠰᠢᠭᠤᠨ ᠤ ᠣᠶ ᠰᠢᠭᠤᠶ ᠪᠠ ᠡᠪᠡᠰᠦ ᠪᠡᠯᠴᠢᠭᠡᠷ ᠤᠨ ᠲᠣᠪᠴᠢᠶ᠎ᠠ ᠶᠢᠨ ᠳᠠᠷᠤᠭ᠎ᠠ ᠯᠢ ᠸᠧᠨ ᠼᠠᠢ ᠵᠢᠴᠢ ᠬᠠᠮᠢᠶ᠎ᠠ ᠪᠥᠬᠦᠶ ᠮᠡᠷᠭᠡᠵᠢᠯᠲᠡᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃  

      ᠨᠢᠭᠡ ᠪᠦᠯᠦᠭ ᠬᠥᠮᠦᠰ ᠬᠦᠢᠲᠡᠨᠰᠢᠯᠢ ᠬᠦᠷᠢᠶᠡᠯᠡᠩ ᠲᠣᠭᠤᠷᠢᠭ ᠤᠨ ᠨᠤᠲᠤᠭ ᠪᠡᠯᠴᠢᠭᠡᠷ ᠤᠨ ᠠᠮᠢ ᠠᠬᠤᠶ ᠶᠢ

ᠰᠡᠷᠭᠦᠭᠡᠬᠦ ᠲᠥᠷᠥᠯ ᠵᠦᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠸᠠᠩ ᠬᠠᠶ ᠵᠧᠨ ᠮᠠᠨ ᠤ

ᠬᠤᠰᠢᠭᠤᠨ ᠤ ᠣᠶᠢᠵᠢᠭᠤᠯᠤᠯᠲᠠ ᠶᠢᠨ ᠭᠠᠵᠠᠷ ᠤᠨ ᠭᠠᠵᠠᠷ ᠵᠦᠶ ᠶᠢᠨ ᠨᠥᠬᠦᠴᠡᠯ᠂ ᠣᠶ ᠰᠢᠭᠤᠶ ᠡᠪᠡᠰᠦ

ᠪᠡᠯᠴᠢᠭᠡᠷ ᠤᠨ ᠣᠳᠣᠬᠢ ᠪᠠᠶᠢᠳᠠᠯ ᠵᠢᠴᠢ ᠣᠶᠢᠵᠢᠭᠤᠯᠤᠯᠲᠠ ᠶᠢᠨ ᠲᠣᠬᠢᠷᠠᠭᠤᠯᠤᠯᠲᠠ ᠶᠢ ᠨᠠᠷᠢᠨ ᠲᠠᠨᠢᠯᠴᠠᠭᠤᠯᠵᠤ᠂

ᠰᠡᠭᠦᠯᠴᠢ ᠶᠢᠨ ᠬᠤᠭᠤᠴᠠᠭᠠᠨ ᠤ ᠠᠵᠢᠯᠯᠠᠭ᠎ᠠ ᠶᠢᠨ ᠴᠠᠭ ᠵᠢᠴᠢ ᠬᠡᠯᠪᠡᠷᠢ ᠶᠢ ᠨᠡᠪᠲᠡᠷᠡᠯᠴᠡᠨ ᠲᠣᠭᠲᠠᠭᠠᠵᠤ᠂

ᠨᠡᠶᠢᠲᠡ ᠶᠢᠨ ᠠᠰᠠᠷᠠᠮᠵᠢ ᠶᠢᠨ ᠣᠶ ᠶᠢᠨ ᠲᠥᠷᠥᠯ ᠵᠦᠢᠯ ᠢ ᠬᠡᠷᠡᠭᠵᠢᠭᠦᠯᠬᠦ ᠪᠣᠳᠠᠲᠠᠶ ᠨᠠᠷᠢᠨ ᠵᠦᠢᠯᠡᠰ ᠢ ᠶᠠᠷᠢᠯᠴᠠᠨ

ᠰᠣᠯᠢᠯᠴᠠᠪᠠ᠃

     ᠸᠠᠩ ᠬᠠᠶ ᠵᠧᠨ ᠢᠯᠡᠷᠬᠡᠶᠢᠯᠡᠬᠦ ᠳᠡᠭᠡᠨ᠂ ᠨᠡᠶᠢᠲᠡ ᠶᠢᠨ ᠠᠰᠠᠷᠠᠮᠵᠢ ᠶᠢᠨ ᠣᠶ ᠶᠢᠨ ᠲᠥᠷᠥᠯ ᠵᠦᠢᠯ ᠢ ᠴᠠᠬᠠᠷ

ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠨᠠᠶᠢᠳᠠᠪᠤᠷᠢᠵᠢᠭᠤᠯᠬᠤ ᠶᠢ ᠰᠣᠩᠭᠤᠭᠰᠠᠨ ᠨᠢ ᠳᠤᠮᠳᠠᠳᠤ ᠤᠯᠤᠰ ᠤᠨ

ᠨᠣᠭᠤᠭᠠᠷᠠᠭᠤᠯᠤᠯᠲᠠ ᠶᠢᠨ ᠰᠠᠭᠤᠷᠢ ᠮᠥᠩᠭᠦᠨ ᠤ ᠨᠡᠶᠢᠭᠡᠮᠯᠢᠭ᠂ ᠣᠲᠣ ᠦᠶ᠎ᠡ ᠶᠢᠨ ᠮᠠᠰᠢᠨ ᠲᠡᠷᠭᠡᠨ ᠤ

ᠪᠦᠯᠦᠭᠯᠡᠯ ᠤᠨ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠮᠢ ᠠᠬᠤᠶ ᠶᠢᠨ ᠪᠥᠲᠥᠭᠡᠨ

ᠪᠠᠶᠢᠭᠤᠯᠤᠯᠲᠠ ᠳᠤ ᠬᠦᠴᠦᠲᠡᠶ ᠳᠡᠮᠵᠢᠯᠭᠡ ᠦᠵᠡᠭᠦᠯᠵᠦ ᠪᠠᠶᠢᠭ᠎ᠠ ᠶᠠᠪᠤᠳᠠᠯ ᠮᠥᠨ᠂ ᠲᠥᠷᠥᠯ ᠵᠦᠢᠯ ᠢ

ᠬᠡᠷᠡᠭᠵᠢᠭᠦᠯᠬᠦ ᠨᠢ ᠣᠷᠣᠨ ᠪᠦᠰᠡ ᠶᠢᠨ ᠠᠮᠢ ᠠᠬᠤᠶ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ᠂ ᠠᠮᠢ

ᠠᠬᠤᠶ ᠶᠢᠨ ᠰᠢᠰᠲ᠋ᠧᠮ ᠢ ᠰᠡᠷᠭᠦᠭᠡᠬᠦ᠂ ᠠᠷᠠᠳ ᠤᠨ ᠠᠮᠢᠳᠤᠷᠠᠯ ᠵᠢᠴᠢ ᠠᠵᠤ ᠠᠬᠤᠶ ᠶᠢᠨ ᠦᠷᠭᠦᠯᠵᠢᠯᠡᠬᠦ

ᠬᠥᠭᠵᠢᠯᠲᠡ ᠶᠢ ᠰᠠᠶᠢᠵᠢᠷᠠᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠂ ᠴᠠᠬᠠᠷ ᠪᠠᠷᠠᠭᠤᠨ ᠭᠠᠷᠤᠨ

ᠳᠤᠮᠳᠠᠳᠤ ᠬᠤᠰᠢᠭᠤ ᠣᠶ ᠰᠢᠭᠤᠶ ᠡᠪᠡᠰᠦ ᠪᠡᠯᠴᠢᠭᠡᠷ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂

ᠲᠥᠷᠥᠯ ᠵᠦᠢᠯ ᠢ ᠬᠡᠷᠡᠭᠵᠢᠭᠦᠯᠬᠦ ᠳᠤ ᠠᠰᠢᠭᠲᠠᠶ ᠨᠥᠬᠦᠴᠡᠯ ᠢ ᠪᠦᠷᠢᠯᠳᠦᠭᠦᠯᠦᠨ ᠥᠭᠴᠦ᠂ ᠬᠠᠮᠲᠤᠷᠠᠯᠴᠠᠭᠠᠨ ᠤ

ᠬᠦᠷᠢᠶ᠎ᠡ ᠬᠡᠪᠴᠢᠶ᠎ᠡ ᠪᠠᠨ ᠥᠷᠭᠡᠳᠬᠡᠨ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠮᠢ ᠠᠬᠤᠶ ᠶᠢᠨ

ᠪᠣᠯᠪᠠᠰᠤᠨ ᠤ ᠪᠠᠶᠢᠭᠤᠯᠤᠯᠲᠠ ᠶᠢ ᠬᠠᠮᠲᠤ ᠪᠠᠷ ᠠᠬᠢᠭᠤᠯᠤᠨ᠎ᠠ᠃ ᠲᠥᠷᠥᠯ ᠵᠦᠢᠯ ᠢ ᠬᠡᠷᠡᠭᠵᠢᠭᠦᠯᠬᠦ ᠭᠠᠵᠠᠷ ᠣᠷᠣᠨ

ᠪᠣᠯᠤᠭᠰᠠᠨ ᠤ ᠬᠤᠪᠢ ᠳᠤ᠂ ᠣᠶ ᠰᠢᠭᠤᠶ ᠪᠠ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠤᠳ ᠲᠥᠷᠥᠯ ᠵᠦᠢᠯ ᠢ

ᠬᠠᠮᠢᠶᠠᠷᠤᠨ ᠬᠠᠮᠠᠭᠠᠯᠠᠬᠤ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠥᠷᠥᠯ ᠵᠦᠢᠯ ᠤᠨ ᠰᠡᠭᠦᠯᠴᠢ ᠶᠢᠨ

ᠬᠤᠭᠤᠴᠠᠭᠠᠨ ᠤ ᠬᠠᠮᠢᠶᠠᠷᠤᠨ ᠬᠠᠮᠠᠭᠠᠯᠠᠬᠤ ᠠᠵᠢᠯ ᠢ ᠴᠢᠩᠭᠠᠳᠬᠠᠨ᠂ ᠨᠡᠶᠢᠲᠡ ᠶᠢᠨ ᠠᠰᠠᠷᠠᠮᠵᠢ ᠶᠢᠨ ᠣᠶ ᠶᠢᠨ

ᠲᠥᠷᠥᠯ ᠵᠦᠢᠯ ᠤᠨ ᠦᠷ᠎ᠡ ᠪᠦᠲᠦᠭᠡᠯ ᠢ ᠪᠦᠲᠦᠮᠵᠢᠲᠡᠶ ᠪᠠᠬᠢᠵᠢᠭᠦᠯᠬᠦ ᠬᠡᠷᠡᠭᠲᠡᠶ ᠭᠡᠵᠡᠢ᠃

           ᠵᠣᠬᠢᠶᠠᠭᠴᠢ᠄ ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ

           ᠣᠷᠴᠢᠭᠤᠯᠣᠨᠨᠴᠢ᠄  ᠬᠠᠶᠢᠷᠬᠠᠨ

 
ᠢᠷᠡᠯᠲᠡ᠄ ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号