| ᠣᠳᠣᠬᠠᠨ ᠳᠤ ᠶᠠᠭ ᠲᠠᠷᠪᠤᠰ᠂ ᠠᠮᠲᠠᠲᠤ ᠬᠡᠮᠬᠡ ᠶᠢᠨ ᠪᠣᠯᠪᠠᠰᠣᠷᠠᠬᠤ ᠬᠤᠭᠤᠴᠠᠭ᠎ᠠ ᠬᠦᠷᠴᠦ ᠢᠷᠡᠯ᠎ᠡ᠂ | ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠰᠤᠲᠤ ᠪᠠᠯᠭᠠᠰᠤᠨ ᠤ ᠲᠠᠷᠪᠤᠰ᠂ ᠠᠮᠲᠠᠲᠤ ᠬᠡᠮᠬᠡ ᠡᠯᠪᠡᠭ | ᠬᠤᠷᠢᠶᠠᠯᠲᠠ ᠣᠯᠵᠤ᠂ ᠲᠤᠬᠠᠶ ᠶᠢᠨ ᠭᠠᠵᠠᠷ ᠤᠨ ᠲᠠᠷᠢᠶᠠᠴᠢᠳ ᠶᠠᠭ ᠲᠡᠭᠦᠵᠦ ᠵᠠᠬ᠎ᠠ ᠳᠡᠯᠭᠡᠭᠦᠷ ᠲᠤ ᠪᠣᠷᠣᠯᠠᠭᠤᠯᠵᠤ | ᠪᠠᠶᠢᠨ᠎ᠠ᠃ | | | | | ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠰᠤᠲᠤ ᠪᠠᠯᠭᠠᠰᠤᠨ ᠤ ᠭᠤᠸ᠎ᠠ ᠶᠢᠨ ᠲᠠᠷᠢᠶᠠᠨ ᠳᠤ | ᠬᠦᠷᠬᠦ ᠳᠤ᠂ ᠵᠢᠮᠢᠰ ᠤᠨ ᠦᠨᠦᠷ ᠬᠠᠩᠬᠤᠯᠵᠤ᠂ ᠲᠠᠷᠢᠶᠠᠴᠢᠳ ᠤᠨ ᠴᠢᠷᠠᠢ ᠳᠤ ᠪᠠᠶᠡᠷ ᠤᠨ ᠢᠨᠢᠶᠡᠳᠣ ᠪᠢᠯᠬᠠᠵᠦ | ᠪᠠᠶᠢᠯ᠎ᠠ᠃ | | | | | | | | ᠵᠦ ᠸᠧᠨ ᠢ ᠪᠣᠯ ᠲᠣᠰᠬᠤᠨ ᠤ ᠬᠤᠯᠠ ᠣᠶᠢᠷ᠎ᠠ ᠳᠤ ᠠᠯᠳᠠᠷᠰᠢᠭᠰᠠᠨ ᠭᠤᠸ᠎ᠠ ᠵᠢᠮᠢᠰ ᠲᠠᠷᠢᠬᠤ | ᠴᠢᠳᠠᠪᠤᠷᠢᠲᠠᠨ᠂ ᠲᠡᠭᠦᠨ ᠤ ᠲᠠᠷᠢᠨᠨᠰᠠᠨ ᠭᠤᠸ᠎ᠠ ᠵᠢᠮᠢᠰ ᠨᠢ ᠬᠠᠯᠢᠰᠦ ᠨᠢᠮᠭᠡᠨ ᠮᠢᠬ᠎ᠠ ᠵᠤᠵᠠᠭᠠᠨ᠂ ᠵᠢᠮᠢᠰ ᠤᠨ ᠦᠨᠦᠷ | ᠬᠠᠩᠬᠤᠯᠤᠨ ᠠᠮᠳᠡᠳᠡᠢ ᠪᠠᠶᠢᠵᠦ᠂ ᠵᠠᠬ᠎ᠠ ᠳᠡᠯᠭᠡᠭᠦᠷ ᠤᠨ ᠬᠦᠷᠢᠶᠡᠯᠡᠯ ᠢ ᠣᠯᠤᠭᠰᠠᠨ ᠪᠠᠶᠢᠨ᠎ᠠ᠃ | | | | | ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠰᠤᠲᠤ ᠪᠠᠯᠭᠠᠰᠤᠨ ᠤ ᠲᠣᠰᠬᠤᠨ ᠤ ᠠᠷᠠᠳ ᠵᠦ | ᠸᠧᠨ ᠢ᠄ ︽ᠪᠢ ᠡᠨᠡ ᠵᠢᠯ ᠳᠦᠷᠪᠡᠨ ᠮᠦ ᠣᠷᠴᠢᠮ ᠤᠨ ᠠᠮᠲᠠᠲᠤ ᠬᠡᠮᠬᠡ᠂ ᠪᠠᠰᠠ ᠠᠷᠪᠠᠨ ᠬᠡᠳᠦᠨ ᠮᠦ ᠲᠠᠷᠪᠤᠰ | ᠲᠠᠷᠢᠵᠤ᠂ ᠨᠡᠶᠢᠲᠡ ᠳᠣᠯᠤᠭ᠎ᠠ ᠨᠠᠢᠮᠠᠨ ᠲᠦᠮᠡᠨ ᠵᠣᠭᠤᠰ ᠬᠤᠳᠠᠯᠳᠣᠨ᠎ᠠ︾ ᠭᠡᠪᠡ᠃ | | | | | ᠤᠢᠢᠷ᠎ᠠ ᠶᠢᠨ ᠵᠢᠯ ᠠᠴᠠ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠰᠤᠲᠤ ᠪᠠᠯᠭᠠᠰᠤ ᠭᠠᠵᠠᠷ | ᠣᠷᠣᠨ ᠤ ᠪᠠᠶᠢᠳᠠᠯ ᠳᠠᠭᠠᠨ ᠲᠤᠬᠢᠷᠠᠭᠤᠯᠵᠤ᠂ ᠲᠠᠷᠢᠶᠠᠴᠢᠨ ᠡᠷᠦᠬᠡ ᠶᠢ ᠬᠦᠳᠦᠯᠦᠨ ᠵᠢᠯᠣᠭᠤᠳᠴᠤ ᠠᠮᠲᠠᠲᠤ ᠬᠡᠮᠬᠡ᠂ | ᠲᠠᠷᠪᠤᠰ ᠵᠡᠷᠭᠡ ᠤᠨᠴᠠᠯᠢᠬᠳᠤ ᠵᠢᠮᠢᠰ ᠲᠠᠷᠢᠭᠤᠯᠪᠠ᠃ ᠡᠭᠦᠨ ᠤ ᠬᠠᠮᠲᠤ᠂ ᠲᠠᠷᠢᠶᠠᠯᠠᠩ ᠤᠨ ᠪᠦᠲᠦᠴᠡ ᠶᠢᠨ | ᠲᠣᠬᠢᠷᠠᠭᠤᠯᠤᠯᠲᠠ ᠶᠢᠨ ᠳᠤᠮᠳᠠ᠂ ᠲᠠᠷᠢᠶᠠᠴᠢᠳ ᠤᠨ ᠵᠠᠬ᠎ᠠ ᠳᠡᠯᠭᠡᠭᠦᠷ ᠤᠨ ᠪᠠᠶᠢᠳᠠᠯ ᠢ ᠣᠨᠣᠪᠴᠢᠲᠠᠶ ᠠᠳᠬᠤᠬᠤ ᠶᠢ | ᠵᠣᠷᠢᠭᠵᠢᠭᠤᠯᠵᠤ᠂ ᠤᠯᠠᠭᠠᠨ ᠯᠤᠤᠪᠠᠩ᠂ ᠠᠮᠲᠠᠲᠤ ᠬᠡᠮᠬᠡ᠂ ᠲᠠᠷᠪᠤᠰ ᠵᠡᠷᠭᠡ ᠴᠢᠨᠠᠷ ᠰᠠᠶᠢᠲᠠᠶ ᠢᠳᠡᠰᠢᠨ ᠨᠣᠭᠤᠭ᠎ᠠ | ᠭᠤᠸ᠎ᠠ ᠵᠢᠮᠢᠰ ᠢ ᠠᠰᠢᠭᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠪᠡ᠃ | | | | | | ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠰᠤᠲᠤ ᠪᠠᠯᠭᠠᠰᠤᠨ ᠤ ᠨᠠᠮ ᠤᠨ ᠬᠤᠷᠢᠶᠠᠨ ᠤ | ᠱᠦᠵᠢ ᠮᠠ ᡁᠢ ᠵᠢᠶᠦ᠋ᠨ ᠬᠡᠯᠡᠬᠦ ᠳᠡᠭᠡᠨ᠄ ︽ᠤᠰᠤᠲᠤ ᠪᠠᠯᠭᠠᠰᠤᠨ ᠤ ᠭᠤᠸ᠎ᠠ ᠵᠢᠮᠢᠰ ᠤᠨ ᠠᠵᠤ ᠦᠢᠯᠡᠰ | ᠲᠠᠰᠤᠷᠠᠯᠲᠠ ᠥᠬᠡᠶ ᠬᠥᠭᠵᠢᠨ ᠪᠤᠵᠠᠭᠠᠶᠢᠷᠠᠵᠤ᠂ ᠡᠨᠡ ᠵᠢᠯ ᠭᠤᠷᠪᠠᠨ ᠵᠠᠭᠤ ᠬᠤᠷᠢᠨ ᠮᠥ ᠠᠮᠳᠠᠳᠣ ᠬᠡᠮᠬᠡ᠂ ᠬᠤᠶᠠᠷ | ᠵᠠᠭᠤ ᠭᠠᠷᠤᠶ ᠮᠥ ᠲᠠᠷᠪᠤᠰ ᠳᠠᠷᠢᠵᠤ᠂ ᠶᠡᠷᠦᠩᠬᠡᠶ ᠭᠠᠷᠤᠯᠲᠠ ᠨᠢ ᠬᠤᠶᠠᠷ ᠵᠠᠭᠤ ᠭᠠᠷᠤᠶ ᠲᠦᠮᠡᠨ ᠵᠢᠩ᠂ | ᠵᠢᠱᠢᠯᠲᠡ ᠪᠠᠷ ᠶᠡᠷᠦᠩᠬᠡᠶ ᠣᠷᠣᠯᠭ᠎ᠠ ᠨᠢ ᠲᠠᠪᠤᠨ ᠵᠠᠭᠤᠨ ᠲᠦᠮᠡᠨ ᠲᠥᠭᠦᠷᠢᠭ ᠲᠤ ᠬᠦᠷᠦᠨ᠎ᠡ᠃ ᠤᠶᠢᠷ᠎ᠠ ᠳᠤ᠂ | ᠭᠤᠸ᠎ᠠ ᠲᠠᠷᠢᠬᠴᠢᠳ ᠶᠠᠭ ᠬᠦᠷ ᠬᠥᠭᠵᠢᠶᠡᠨ ᠲᠠᠢ ᠲᠡᠭᠦᠬᠦ ᠪᠠ ᠵᠥᠭᠡᠭᠡᠪᠦᠷᠢᠯᠡᠬᠦ ᠪᠠᠷ ᠶᠠᠭᠠᠷᠠᠵᠤ᠂ ᠲᠠᠷᠢᠶᠠᠨ | ᠭᠠᠵᠠᠷ ᠲᠤ ᠡᠯᠪᠡᠭ ᠬᠤᠷᠢᠶᠠᠯᠲᠠ ᠶᠢᠨ ᠪᠠᠶᠢᠳᠠᠯ ᠢᠯᠡᠷᠡᠪᠡ᠃ ᠤᠰᠤᠲᠤ ᠪᠠᠯᠭᠠᠰᠤ ᠲᠤᠰ ᠭᠠᠵᠠᠷ ᠤᠨ ᠪᠣᠳᠠᠲᠤ | ᠪᠠᠶᠢᠳᠠᠯ ᠳᠠᠭᠠᠨ ᠰᠠᠭᠤᠷᠢᠯᠠᠵᠤ᠂ ᠤᠨᠴᠠᠯᠢᠬᠳᠤ ᠲᠠᠷᠢᠶᠠᠯᠠᠩ ᠤᠨ ᠠᠵᠤ ᠦᠢᠯᠡᠰ ᠢ ᠦᠷᠭᠦᠯᠵᠢᠯᠡᠨ ᠪᠤᠵᠠᠭᠠᠶᠢᠷᠠᠭᠤᠯᠤᠨ | ᠬᠦᠴᠦᠷᠬᠡᠭᠵᠢᠭᠦᠯᠵᠦ᠂ ᠡᠯᠪᠡᠭ ᠬᠤᠷᠢᠶᠠᠯᠲᠠ ᠣᠯᠵᠦ ᠭᠠᠷᠤᠯᠲᠠ ᠪᠠᠨ ᠨᠡᠮᠡᠭᠳᠡᠭᠦᠯᠬᠦ ᠶᠢ ᠪᠠᠲᠤᠯᠠᠵᠤ᠂ ᠠᠵᠤ | ᠦᠢᠯᠡᠰ ᠢ ᠬᠥᠭᠵᠢᠭᠦᠯᠦᠨ ᠮᠠᠨᠳᠤᠭᠤᠯᠬᠤ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ | ︾ ᠭᠡᠪᠡ᠃ | | ᠵᠣᠬᠢᠶ᠋ᠬᠠᠴᠢ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ | ᠣᠷᠴᠢᠭᠤᠯᠣᠨᠨᠴᠢ᠄ ᠭᠧ ᠲᠣᠸᠠᠨ ᠯᠢᠶᠡᠨ | |