ᠪᠣᠳᠠᠰ ᠤᠨ ᠪᠤᠰᠤ ᠰᠣᠶᠣᠯ ᠤᠨ ᠦᠪ ᠤᠨ  ︽ᠬᠠᠭᠤᠴᠢᠨ ᠭᠠᠷ ᠦᠢᠯᠡᠳᠬᠡᠯ︾ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ︽ᠰᠢᠨ᠎ᠡ ᠬᠥᠳᠡᠯᠭᠡᠬᠦ ᠬᠦᠴᠦᠨ︾ ᠪᠣᠯᠪᠠ
ᠨᠡᠶᠢᠲᠡᠯᠡᠭᠰᠡᠨ ᠴᠠᠭ᠄
2023/8/11
    ᠲᠤ ᠴᠧᠩ ᠽᠢ ᠰᠢᠶᠠᠩ ᠤᠨ ︽ᠰᠠᠨ ᠼᠧᠩ ᠳ᠋ᠢᠶᠠᠨ ᠭᠠᠷ ᠦᠢᠯᠡᠳᠬᠡᠯ ᠢᠶᠠᠷ ᠼᠤᠤ ᠨᠠᠶᠢᠷᠠᠭᠤᠯᠬᠤ ᠮᠡᠷᠭᠡᠵᠢᠯ︾ ᠪᠣᠯ ᠤᠯᠠᠭᠠᠨᠴᠠᠪ ᠬᠤᠲᠠ ᠶᠢᠨ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠤᠨ ᠨᠢᠭᠡ ᠪᠣᠯᠤᠨ᠎ᠠ᠃ ᠤᠢᠢᠷ᠎ᠠ ᠶᠢᠨ ᠵᠢᠯ ᠠᠴᠠ᠂ ᠲᠦᠷᠦᠯ ᠵᠦᠢᠯ ᠤᠨ ᠤᠯᠠᠮᠵᠢᠯᠠᠭᠴᠢ ᠮᠠ ᠸᠧᠢ ᠪᠢᠩ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠤᠷᠰᠢᠬᠴᠢ︾ ᠶᠢᠨ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠪᠠ ᠤᠯᠠᠮᠵᠢᠯᠠᠬᠤ ᠶᠢ ᠠᠬᠢᠭᠤᠯᠬᠤ ᠶᠢᠨ ᠬᠠᠮᠲᠤ᠂ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠨᠢᠭᠲᠠ ᠤᠶᠠᠯᠳᠤᠭᠤᠯᠵᠤ᠂ ᠪᠤᠳᠠᠰ ᠤᠨ ᠪᠤᠰᠤ ᠰᠤᠶᠤᠯ ᠤᠨ ᠥᠪ ᠤᠨ ᠠᠵᠦ ᠦᠢᠯᠡᠰ ᠢᠶᠠᠷ ᠳᠠᠮᠵᠢᠨ ᠲᠣᠰᠬᠤᠨ ᠤ ᠠᠷᠠᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠶᠢ ᠳᠠᠶᠢᠴᠢᠯᠠᠵᠤ᠂ ᠬᠠᠮᠠᠭᠠᠯᠠᠬᠤ ᠪᠠ ᠬᠥᠭᠵᠢᠭᠦᠯᠬᠦ ᠬᠤᠣᠰ ᠠᠮᠵᠢᠯᠲᠠ ᠶᠢ ᠪᠡᠶᠡᠯᠡᠭᠦᠯᠪᠠ᠃

    ︽ᠰᠠᠨ ᠼᠧᠩ ᠳ᠋ᠢᠶᠠᠨ ᠭᠠᠷ ᠦᠢᠯᠡᠳᠬᠡᠯ ᠢᠶᠠᠷ ᠼᠤᠤ ᠨᠠᠶᠢᠷᠠᠭᠤᠯᠬᠤ ᠮᠡᠷᠭᠡᠵᠢᠯ︾ ᠤᠨ ᠼᠤᠤ ᠦᠢᠯᠡᠳᠬᠡᠯ ᠤᠨ

ᠭᠠᠵᠠᠷ ᠲᠤ ᠣᠷᠣᠬᠤ ᠳᠤ᠂ ᠼᠤᠤ ᠶᠢᠨ ᠠᠩᠬᠢᠯᠤᠮ᠎ᠠ ᠦᠨᠦᠷ ᠬᠠᠮᠠᠷ ᠴᠣᠷᠭᠢᠵᠤ᠂ ᠣᠨ ᠵᠢᠯ ᠤᠨ ᠮᠡᠳᠡᠷᠡᠮᠵᠢ ᠲᠠᠢ

ᠭᠦᠨ ᠬᠦᠷᠡᠩ ᠥᠩᠭᠡᠲᠡᠶ ᠼᠤᠤ ᠶᠢᠨ ᠪᠤᠳᠤᠩ ᠤᠳ ᠮᠠᠰᠢ ᠵᠢᠭᠳᠡ ᠬᠠᠷᠠᠭᠳᠠᠨ᠎ᠠ᠃ ᠼᠤᠤ ᠦᠢᠯᠡᠳᠬᠡᠯ ᠤᠨ

ᠭᠠᠵᠠᠷ ᠲᠤ ᠬᠠᠭᠠᠰ ᠮᠧᠲᠷ ᠬᠢᠷᠢᠲᠡᠶ ᠢᠰᠬᠡᠯᠲᠡ ᠶᠢᠨ ᠭᠠᠩ ᠢ ᠲᠡᠷᠢ ᠲᠡᠭᠰᠢ ᠲᠠᠯᠪᠢᠵᠠᠢ᠂ ᠡᠨᠡ ᠪᠣᠯ ᠼᠤᠤ ᠶᠢᠨ

ᠬᠦᠴᠢᠯ ᠤᠨ ᠢᠰᠬᠡᠯᠲᠡ ᠶᠢᠨ ᠭᠠᠵᠠᠷ ᠪᠣᠯᠤᠨ᠎ᠠ᠂ ᠮᠠ ᠸᠧᠶ ᠪᠢᠩ ᠡᠳᠦᠷ ᠪᠦᠷᠢ ᠳᠤᠯᠠᠭᠠᠨ ᠤ ᠬᠡᠮᠵᠢᠶ᠎ᠡ ᠶᠢ

ᠦᠨᠳᠦᠰᠦᠯᠡᠨ ᠲᠣᠭᠲᠠᠭᠰᠠᠨ ᠬᠤᠭᠤᠴᠠᠭᠠᠨ ᠳᠤ ᠵᠢᠭᠳᠡ ᠬᠤᠳᠬᠤᠵᠤ᠂ ᠰᠠᠷ᠎ᠠ ᠭᠠᠷᠤᠶ ᠦᠷᠭᠦᠯᠵᠢᠯᠡᠨ ᠳᠠᠪᠲᠠᠨ

ᠠᠵᠢᠯᠯᠠᠪᠠᠯ ᠰᠠᠶ᠋ᠢ ᠼᠤᠤ ᠶᠢᠨ ᠦᠨᠦᠷ ᠠᠮᠲᠠ ᠶᠢ ᠨᠠᠩ ᠰᠠᠶᠢᠨ ᠪᠣᠯᠭᠠᠵᠤ ᠲᠠᠶᠢᠯᠤᠨ᠎ᠠ  ᠃

    ᠮᠠ ᠸᠧᠶ ᠪᠢᠩ ᠤᠨ ᠲᠠᠨᠢᠯᠴᠠᠭᠤᠯᠤᠭᠰᠠᠨ ᠢᠶᠠᠷ᠂ ᠠᠮᠤ ᠪᠤᠳᠠᠭᠠᠨ ᠤ ᠼᠤᠤ ᠬᠢᠬᠦ ᠳᠤ ᠥᠪᠡᠷ ᠤᠨ ᠥᠷᠲᠡᠭ ᠨᠢ

ᠥᠨᠳᠥᠷ᠂ ᠦᠶᠡᠯᠡᠯ ᠤᠨ ᠬᠤᠭᠤᠴᠠᠭ᠎ᠠ ᠨᠢ ᠤᠷᠲᠤ  ᠪᠠᠶᠢᠳᠠᠭ᠂ ᠼᠤᠤ ᠬᠢᠬᠦ ᠳᠤ ᠡᠩ ᠲᠡᠷᠢᠭᠦᠨ ᠳᠤ ᠲᠤᠰ

ᠭᠠᠵᠠᠷ ᠤᠨ ᠪᠤᠭᠤᠳᠠᠢ᠂ ᠡᠪᠡᠰᠦᠨ ᠪᠤᠭᠤᠳᠠᠢ᠂ ᠰᠢᠰᠢ᠂ ᠨᠠᠷᠢᠮᠤ ᠪᠠ ᠰᠢᠷ᠎ᠠ ᠪᠤᠳᠠᠭ᠎ᠠ ᠶᠢ ᠰᠣᠩᠭᠤᠨ᠎ᠠ᠃ ᠠᠮᠤ

ᠪᠤᠳᠠᠭ᠎ᠠ ᠪᠠᠨ ᠨᠢᠭᠡ ᠡᠳᠦᠷ ᠨᠢᠭᠡ ᠰᠥᠨᠢ ᠳᠡᠪᠲᠦᠭᠡᠭᠰᠡᠨ ᠤ ᠳᠠᠷᠠᠭ᠎ᠠ ᠰᠢᠯᠵᠠᠷᠠᠲᠠᠯ᠎ᠠ ᠴᠢᠨᠠᠵᠤ᠂ ᠬᠥᠷᠥᠭᠡᠭᠰᠡᠨ ᠤ

ᠳᠠᠷᠠᠭ᠎ᠠ ᠼᠤᠤ ᠨᠡᠮᠡᠵᠦ ᠨᠢᠭᠡ ᠰᠠᠷ᠎ᠠ ᠢᠰᠬᠡᠨ᠎ᠡ᠃ ᠳᠠᠷᠠᠭ᠎ᠠ ᠨᠢ ᠲᠣᠭᠲᠠᠭᠰᠠᠨ ᠬᠠᠷᠢᠴᠠᠯ ᠢᠶᠠᠷ ᠬᠡᠪᠡᠭ᠂ ᠠᠭ᠎ᠠ ᠶᠢ

ᠬᠢᠵᠦ  ᠬᠤᠶᠠᠳᠤᠭᠠᠷ ᠤᠳᠠᠭ᠎ᠠ ᠢᠰᠬᠡᠵᠦ᠂ ᠰᠠᠷ᠎ᠠ ᠢᠯᠡᠭᠦᠦ ᠬᠤᠳᠬᠤᠭᠰᠠᠨ ᠤ ᠳᠠᠷᠠᠭ᠎ᠠ ᠳᠠᠪᠤᠰᠤ ᠪᠠ ᠯᠠᠵᠤᠤ ᠬᠢᠵᠦ

᠂ ᠼᠤᠤ ᠶᠢᠨ ᠰᠢᠭᠠᠷᠤ ᠪᠠᠷ ᠳᠠᠷᠤᠰᠢᠭᠤᠯᠤᠨ ᠬᠤᠶᠠᠷ ᠠᠴᠠ ᠭᠤᠷᠪᠠᠨ ᠵᠢᠯ ᠲᠠᠯᠪᠢᠪᠠᠯ ᠬᠠᠮᠤᠭ ᠰᠠᠶᠢᠨ᠂ ᠬᠠᠮᠤᠭ

ᠰᠡᠭᠦᠯ ᠳᠤ ᠼᠤᠤ ᠶᠢᠨ ᠯᠢᠮᠹᠤᠨ ᠳᠤ ᠪᠤᠴᠠᠯᠤᠭᠰᠠᠨ ᠤᠰᠤ  ᠭᠢᠨ᠎ᠡ᠂ ᠡᠶᠢᠮᠦᠷᠬᠦᠦ  ᠤᠯᠠᠨ ᠵᠦᠢᠯ ᠤᠨ ᠤᠷ᠎ᠠ

ᠮᠡᠷᠭᠡᠵᠢᠯ ᠢᠶᠠᠷ ᠭᠢᠭᠰᠡᠨ ᠼᠤᠤ ᠨᠢ ᠢᠳᠡᠬᠦ ᠳᠤ ᠬᠦᠴᠢᠲᠡᠶ᠂ ᠠᠮᠲᠠ ᠨᠢ ᠵᠥᠭᠡᠯᠡᠨ ᠢᠰᠬᠦᠯᠡᠩ  ᠪᠦᠭᠡᠳ ᠠᠩᠬᠢᠯᠤᠮ᠎ᠠ

ᠰᠠᠶᠢᠬᠠᠨ ᠦᠨᠦᠷ ᠠᠮᠲᠠ ᠲᠠᠢ ᠪᠠᠶᠢᠳᠠᠭ᠃

    ︽ᠰᠠᠨ ᠼᠧᠩ ᠳ᠋ᠢᠶᠠᠨ ᠭᠠᠷ ᠦᠢᠯᠡᠳᠬᠡᠯ ᠢᠶᠠᠷ ᠼᠤᠤ ᠨᠠᠶᠢᠷᠠᠭᠤᠯᠬᠤ ᠮᠡᠷᠭᠡᠵᠢᠯ︾ ᠨᠢ ᠬᠠᠮᠤᠭ

ᠠᠩᠬᠠᠨ ᠳᠠᠭᠠᠨ ᠱᠠᠨ ᠰᠢ ᠶᠢᠨ ᠯᠣᠣ ᠴᠧᠨ ᠼᠤᠤ ᠶᠢᠨ ᠰᠤᠳᠠᠰᠤ ᠠᠴᠠ  ᠢᠷᠡᠯᠳᠡ ᠲᠠᠢ ᠪᠠᠶᠢᠵᠦ᠂ ᠮᠠ ᠸᠧᠶ

ᠪᠢᠩ ᠤᠨ ᠡᠯᠦᠨᠴᠡ ᠡᠪᠦᠭᠡ ᠶᠢᠨ ᠨᠢᠭᠡ ᠦᠶ᠎ᠡ ᠶᠢᠨ ᠬᠢᠨ ᠰᠢ ᠺᠸᠤ ᠪᠠᠷ ᠳᠡᠮᠵᠢᠨ ᠣᠳᠣ ᠶᠢᠨ ᠲᠤ ᠴᠧᠩ ᠽᠢ

ᠰᠢᠶᠠᠩ ᠤᠨ ᠰᠠᠨ ᠼᠧᠩ  ᠲᠡᠯᠭᠡᠭᠦᠷ ᠳᠤ ᠬᠦᠷᠴᠦ ᠢᠷᠡᠵᠡᠶ᠃ ᠡᠨᠡ ᠵᠢᠯ ᠪᠣᠯ ᠮᠠ ᠸᠧᠶ ᠪᠢᠩ ᠪᠣᠯᠤᠨ ᠶᠤᠸᠠᠨ

ᠬᠤᠩ ᠮᠧᠶ ᠬᠤᠶᠠᠭᠤᠯᠠ ᠶᠢᠨ ᠼᠤᠤ ᠶᠢᠨ ᠦᠢᠯᠡᠳᠪᠣᠷᠢ ᠡᠷᠭᠢᠯᠡᠭᠰᠡᠨ ᠶᠢᠰᠦᠳᠦᠭᠡᠷ ᠵᠢᠯ ᠪᠣᠯᠤᠨ᠎ᠠ᠂ ᠲᠡᠳᠡ ᠠᠬᠠᠮᠠᠳ

ᠨᠢᠭᠡ ᠦᠶ᠎ᠡ ᠶᠢᠨ ᠼᠤᠤ ᠶᠢᠨ ᠨᠥᠯᠥᠭᠡ ᠪᠠᠷ ᠼᠤᠤ ᠨᠡᠷᠡᠬᠦ ᠤᠷ᠎ᠠ ᠮᠡᠷᠭᠡᠵᠢᠯ ᠤᠨ ᠭᠤᠣᠯ ᠴᠢᠮᠥᠭᠡ ᠶᠢ ᠠᠯᠬᠤᠮ

ᠠᠯᠬᠤᠮ ᠢᠶᠠᠷ ᠡᠵᠡᠮᠰᠢᠵᠦ᠂ ᠲᠣᠰᠬᠤᠨ ᠤ ᠪᠠᠨ ᠭᠠᠷ ᠤᠷᠠᠯᠠᠯ ᠤᠨ ᠴᠢᠳᠠᠪᠤᠷᠢᠲᠠᠨ ᠪᠣᠯᠤᠭᠰᠠᠨ ᠪᠠᠶᠢᠨ᠎ᠠ᠃

     ᠰᠠᠨ ᠼᠧᠩ ᠳ᠋ᠢᠶᠠᠨ ᠭᠠᠷ ᠦᠢᠯᠡᠳᠬᠡᠯ ᠢᠶᠠᠷ ᠼᠤᠤ ᠨᠠᠶᠢᠷᠠᠭᠤᠯᠬᠤ ᠤᠷ᠎ᠠ ᠮᠡᠷᠭᠡᠵᠢᠯ ᠤᠨ ᠤᠯᠠᠮᠵᠢᠯᠠᠭᠴᠢ ᠮᠠ

ᠸᠧᠶ ᠪᠢᠩ᠄ ︽ᠪᠢᠳᠡ ᠦᠶ᠎ᠡ ᠤᠯᠠᠷᠢᠨ ᠤᠯᠠᠮᠵᠢᠯᠠᠯᠲᠤ ᠭᠠᠷ ᠦᠢᠯᠡᠳᠬᠡᠯ ᠤᠨ ᠼᠤᠤ ᠬᠢᠭᠰᠡᠭᠡᠷ ᠢᠷᠡᠵᠡᠶ᠂ ᠡᠨᠡ

ᠬᠡᠳᠦᠨ ᠵᠢᠯ ᠠᠪᠤ ᠡᠵᠢ ᠮᠢᠨᠢ  ᠨᠠᠰᠦ ᠠᠭᠢᠵᠦ ᠭᠢᠵᠦ ᠳᠡᠶᠢᠯᠬᠦ ᠥᠬᠡᠶ ᠪᠣᠯᠵᠠᠶ᠂ ᠤᠯᠠᠮᠵᠢᠯᠠᠯᠲᠤ ᠭᠠᠷ ᠦᠢᠯᠡᠳᠬᠡᠯ

ᠭᠡᠭᠡᠭᠳᠡᠬᠦ ᠠᠴᠠ ᠵᠠᠶᠢᠯᠠᠰᠬᠢᠬᠦ ᠶᠢᠨ ᠲᠥᠯᠥᠭᠡ᠂ ᠪᠢᠳᠡ ᠬᠤᠶᠠᠭᠤᠯᠠ 14 ᠤᠨ ᠠᠴᠠ ᠡᠬᠢᠯᠡᠨ ᠡᠨᠡ ᠬᠦ ᠭᠠᠷ  

ᠦᠢᠯᠡᠳᠬᠡᠯ ᠢ  ᠲᠤᠰᠤᠨ ᠠᠪᠤᠯ᠎ᠠ᠂  ᠭᠢᠭᠡᠳ ᠤᠳᠤ  9 ᠵᠢᠯ ᠪᠤᠯᠵᠦ ᠪᠠᠶᠢᠨ᠎ᠠ  ᠂ ᠬᠤᠶᠢᠰᠢᠳᠠ ᠪᠢᠳᠡ ᠪᠠᠰᠠ

ᠦᠷᠭᠦᠯᠵᠢᠯᠡᠨ ᠬᠢᠵᠦ᠂ ᠡᠪᠦᠭᠡ ᠳᠡᠭᠡᠳᠦᠰ ᠤᠨ ᠢᠶᠠᠨ ᠭᠠᠷ ᠦᠢᠯᠡᠳᠬᠡᠯ ᠢ ᠤᠯᠠᠮᠵᠢᠯᠠᠨ ᠵᠠᠯᠭᠠᠮᠵᠢᠯᠠᠭᠤᠯᠵᠤ᠂ ᠮᠥᠨ

ᠴᠦ ᠠᠷᠠᠳ ᠣᠯᠠᠨ ᠳᠤ ᠨᠠᠩ ᠰᠢᠮ᠎ᠡ ᠲᠡᠵᠢᠭᠡᠯ ᠲᠠᠢ᠂  ᠴᠡᠪᠡᠷ ᠠᠷᠢᠭᠤᠨ ᠼᠤᠤ ᠢᠳᠡᠭᠦᠯᠬᠦ ᠶᠢᠨ ᠲᠥᠯᠥᠭᠡ ᠶᠤᠮ᠂

ᠡᠨᠡ ᠪᠣᠯ ᠳᠠᠷᠤᠶ ᠮᠠᠨ ᠤ ᠡᠷ᠎ᠡ ᠡᠮ᠎ᠡ ᠬᠤᠶᠠᠭᠤᠯᠠ ᠶᠢᠨ ᠼᠤᠤ ᠶᠢᠨ ᠦᠢᠯᠡᠳᠬᠡᠯ ᠤᠨ ᠭᠠᠵᠠᠷ ᠡᠷᠭᠢᠯᠡᠭᠰᠡᠨ ᠣᠭ

ᠰᠠᠨᠠᠭ᠎ᠠ ᠮᠥᠨ  ︾  ᠭᠡᠵᠡᠶ᠃

     ᠼᠤᠤ ᠶᠢᠨ ᠦᠢᠯᠡᠳᠬᠡᠯ ᠤᠨ ᠭᠠᠵᠠᠷ ᠢ ᠭᠦᠭᠵᠢᠭᠦᠯᠦᠭᠰᠡᠨ ᠨᠢ ᠰᠣᠶᠣᠯ ᠤᠨ ᠤᠯᠠᠮᠵᠢᠯᠠᠯ ᠢ

ᠠᠬᠢᠭᠤᠯᠤᠭᠰᠠᠨ ᠢᠶᠠᠷ ᠪᠠᠷᠠᠬᠤ ᠦᠭᠡᠢ ᠪᠠᠰᠠ ᠪᠠᠶᠠᠵᠢᠯ ᠤᠨ ᠵᠠᠮ ᠢ ᠠᠪᠴᠢᠷᠠᠭᠰᠠᠨ ᠪᠠᠶᠢᠨ᠎ᠠ᠃ ᠼᠤᠤ ᠶᠢᠨ

ᠦᠢᠯᠡᠳᠬᠡᠯ ᠤᠨ ᠬᠢᠨ ᠠᠵᠤ ᠦᠢᠯᠡᠰᠵᠢᠭᠰᠡᠨ ᠡᠵᠡᠩᠨᠡᠯᠲᠡ ᠶᠢᠨ ᠠᠰᠢᠭ ᠲᠤᠰᠠ ᠶᠢᠨ ᠬᠤᠯᠪᠣᠭ᠎ᠠ ᠶᠢᠨ ᠵᠠᠭᠪᠤᠷ ᠢ

ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠡᠷᠬᠢᠨ ᠲᠣᠭᠤᠷᠢᠨ ᠤ ᠲᠠᠷᠢᠶᠠᠴᠢᠨ ᠡᠷᠦᠬᠡ ᠲᠠᠢ ᠤᠷᠳᠤ ᠬᠤᠭᠤᠴᠠᠭᠠᠨ ᠤ

ᠲᠠᠷᠢᠵᠦ ᠬᠤᠳᠠᠯᠳᠤᠨ ᠠᠪᠬᠤ ᠭᠡᠯᠡᠯᠴᠡᠭᠡᠷ ᠲᠣᠭᠲᠠᠵᠤ᠂ ︽ᠵᠠᠬᠢᠶᠠᠯᠠᠭ᠎ᠠ ᠶᠢᠨ ᠬᠠᠭᠤᠳᠠᠰᠤ︾ ᠶᠢᠨ ᠬᠡᠯᠪᠡᠷᠢ ᠪᠠᠷ

ᠲᠠᠷᠢᠶᠠᠴᠢᠨ ᠡᠷᠦᠬᠡ ᠯᠦᠭᠡ ᠶᠢᠨ ᠬᠠᠷᠢᠯᠴᠠᠭ᠎ᠠ ᠪᠠᠨ ᠴᠢᠩᠭᠠᠳᠬᠠᠵᠤ᠂ ᠠᠰᠢᠭ ᠲᠤᠰᠠ ᠶᠢᠨ ᠬᠠᠮᠲᠤᠷᠠᠯᠴᠠᠭ᠎ᠠ ᠶᠢᠨ

ᠲᠣᠭᠲᠠᠴᠠ ᠶᠢ ᠪᠦᠷᠢᠯᠳᠦᠭᠦᠯᠵᠦ᠂ ᠵᠢᠯ ᠪᠦᠷᠢ ᠶᠢᠨ ᠦᠢᠯᠡᠳᠪᠦᠷᠢᠯᠡᠯ ᠳᠤ ᠬᠡᠷᠡᠭᠯᠡᠬᠦ ᠲᠦᠭᠦᠬᠡᠢ ᠮᠠᠲ᠋ᠧᠷᠢᠶᠠᠯ ᠢ

ᠲᠤᠬᠠᠢ ᠶᠢᠨ ᠭᠠᠵᠠᠷ ᠲᠤᠨᠢ ᠬᠤᠳᠠᠯᠳᠤᠨ ᠠᠪᠴᠤ᠂ ᠲᠤᠬᠠᠢ ᠶᠢᠨ ᠭᠠᠵᠠᠷ ᠤᠨ ᠲᠠᠷᠢᠮᠠᠯ ᠤᠨ ᠦᠢᠯᠡᠰ ᠤᠨ

ᠬᠥᠭᠵᠢᠯᠲᠡ ᠶᠢ ᠤᠯᠠᠮ ᠨᠢᠭᠡ ᠠᠯᠬᠤᠮ ᠲᠠᠶᠢᠴᠢᠯᠠᠵᠦ᠂ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠬᠦᠴᠦᠲᠡᠢ

ᠠᠬᠢᠭᠤᠯᠪᠠ᠃

      ᠡᠭᠦᠨ ᠠᠴᠠ ᠭᠠᠳᠠᠨ᠎ᠠ᠂ ᠮᠠ ᠸᠧᠶ ᠪᠢᠩ ᠪᠠᠰᠠ ᠪᠠᠶᠠᠵᠢᠯ ᠤᠨ ᠳᠠᠭᠠᠭᠤᠯᠤᠭᠴᠢ ᠶᠢᠨ ᠦᠢᠯᠡᠳᠦᠯ ᠢᠶᠠᠨ

ᠭᠦᠢᠴᠡᠳ ᠪᠠᠳᠠᠷᠠᠭᠤᠯᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠦ᠂ ᠲᠣᠰᠬᠤᠨ ᠤ ᠶᠠᠳᠠᠭᠤ

ᠬᠦᠴᠢᠷᠳᠡᠯᠲᠡᠶ ᠡᠷᠦᠬᠡ ᠶᠢ ᠼᠤᠤ ᠶᠢᠨ ᠦᠢᠯᠡᠳᠪᠦᠷᠢ ᠳᠤ ᠣᠷᠣᠭᠤᠯᠤᠨ ᠠᠵᠢᠯ ᠣᠯᠭᠤᠵᠤ᠂ ᠲᠡᠳᠡᠨ ᠳᠤ ᠼᠤᠤ

ᠨᠡᠷᠡᠬᠦ ᠮᠡᠷᠭᠡᠵᠢᠯ ᠢ ᠵᠢᠭᠠᠵᠤ ᠥᠭᠴᠦ᠂ ᠲᠣᠰᠬᠤᠨ ᠤ ᠠᠷᠠᠳ ᠢ ᠬᠥᠯᠥᠰᠥᠨ ᠠᠵᠢᠯ ᠬᠢᠵᠦ ᠬᠡᠷ ᠪᠦᠯᠢ ᠪᠠᠨ

ᠬᠠᠷᠠᠭᠠᠯᠵᠠᠬᠤ ᠬᠤᠶᠠᠷ ᠢ ᠰᠠᠭᠠᠲᠠᠭᠠᠬᠤ ᠥᠬᠡᠶ ᠪᠣᠯᠭᠠᠵᠠᠶ᠃

      ᠲᠤ ᠴᠧᠩ ᠽᠢ ᠰᠢᠶᠠᠩ ᠤᠨ ᠨᠠᠮ ᠤᠨ ᠬᠤᠷᠢᠶᠠᠨ ᠤ ᠤᠬᠠᠭᠤᠯᠬᠤ ᠭᠡᠰᠢᠭᠦᠨ  ᠬᠤ᠋ ᠫᠧᠩ ᠬᠤᠢ 

ᠰᠤᠷᠪᠤᠯᠵᠢᠯᠠᠭ᠎ᠠ ᠭᠦᠯᠢᠶᠡᠬᠦ ᠳᠡᠭᠡᠨ᠄ ︽ᠣᠶᠢᠷ᠎ᠠ ᠶᠢᠨ ᠵᠢᠯ ᠤᠳ ᠲᠤ᠂ ᠲᠤ ᠴᠧᠩ ᠽᠢ ᠰᠢᠶᠠᠩ ᠤᠨ ᠬᠢᠨ

ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠴᠢᠩᠭ᠎ᠠ ᠠᠳᠬᠤᠵᠤ᠂ ᠡᠬᠢ ᠪᠠᠶᠠᠯᠢᠭ ᠤᠨ ᠳᠠᠪᠠᠭᠤᠯᠢᠭ ᠢ ᠭᠦᠨ

ᠠᠭᠤᠳᠠᠯᠵᠤ᠂ ᠠᠵᠤ ᠦᠢᠯᠡᠰ ᠤᠨ ᠲᠦᠷᠦᠯ ᠵᠦᠢᠯ ᠢ ᠬᠥᠭᠵᠢᠭᠦᠯᠵᠦ᠂ ᠥᠷᠭᠡᠨ ᠤᠯᠠᠨ ᠲᠦᠮᠡᠨ ᠢ ︽ᠪᠣᠳᠠᠰ ᠤᠨ

ᠪᠤᠰᠤ ᠰᠣᠶᠣᠯ ᠤᠨ ᠥᠪ︾ ᠤᠨ ᠠᠯᠳᠠᠨ ᠠᠶᠠᠭ᠎ᠠ ᠶᠢ ᠡᠷᠭᠦᠵᠦ᠂ ᠪᠣᠳᠠᠰ ᠤᠨ ᠪᠤᠰᠤ ᠰᠣᠶᠣᠯ ᠤᠨ ᠥᠪ ᠤᠨ ︽

ᠬᠠᠭᠤᠴᠢᠨ ᠭᠠᠷ ᠦᠢᠯᠡᠳᠬᠡᠯ︾ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠰᠢᠨ᠎ᠡ ᠬᠥᠳᠡᠯᠭᠡᠬᠦ

ᠬᠦᠴᠦᠨ︾ ᠪᠣᠯᠭᠠᠭᠰᠠᠨ ᠤ ᠬᠠᠮᠲᠤ ᠼᠤᠤ ᠶᠢᠨ ᠦᠢᠯᠡᠳᠬᠡᠯ ᠤᠨ ᠬᠢᠨ ᠵᠢᠯ ᠪᠦᠷᠢ ᠪᠤᠭᠤᠳᠠᠢ᠂ ᠨᠠᠷᠢᠮᠤ ᠵᠡᠷᠭᠡ

ᠲᠠᠷᠢᠮᠠᠯ ᠤᠨ ᠵᠦᠢᠯ ᠢ 50000 ᠭᠠᠷᠤᠢ ᠵᠢᠩ ᠰᠢᠩᠭᠡᠭᠡᠵᠦ᠂ ᠲᠤᠬᠠᠢ ᠶᠢᠨ ᠭᠠᠵᠠᠷ ᠤᠨ ᠲᠠᠷᠢᠮᠠᠯ ᠤᠨ ᠦᠢᠯᠡᠰ ᠤᠨ

ᠬᠥᠭᠵᠢᠯᠲᠡ ᠶᠢ ᠤᠯᠠᠮ ᠴᠢᠨᠠᠭᠰᠢᠳᠠ ᠲᠠᠶᠢᠴᠢᠯᠠᠵᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠪᠠ ᠬᠠᠮᠲᠤ ᠶᠢᠨ

ᠠᠵᠤ ᠠᠬᠤᠢ ᠶᠢᠨ ᠪᠤᠵᠠᠭᠠᠶᠢᠷᠠᠨ ᠲᠡᠰ ᠳᠡᠪᠰᠢᠬᠦ ᠶᠢ ᠬᠦᠴᠦᠲᠡᠢ ᠠᠬᠢᠭᠤᠯᠵᠤ᠂ ᠲᠠᠷᠢᠶᠠᠴᠢᠨ ᠡᠷᠦᠬᠡ ᠶᠢᠨ

ᠣᠷᠣᠯᠭ᠎ᠠ ᠶᠢ ᠨᠡᠮᠡᠭᠳᠡᠭᠦᠯᠦᠨ  ᠪᠠᠶᠠᠵᠢᠭᠤᠯᠬᠤ ᠵᠣᠯ ᠵᠢᠷᠭᠠᠯᠲᠤ ᠠᠵᠤ ᠦᠢᠯᠡᠰ ᠪᠣᠯᠤᠭᠰᠠᠨ ᠪᠠᠶᠢᠨ᠎ᠠ︾ ᠭᠡᠵᠦ ᠬᠡᠯᠡᠪᠡ

      ᠲᠤ ᠴᠧᠩ ᠽᠢ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠢᠳᠡᠪᠬᠢᠲᠡᠢ ᠵᠣᠬᠢᠴᠠᠭᠤᠯᠭ᠎ᠠ ᠳᠣᠣᠷ᠎ᠠ᠂

ᠲᠣᠰᠬᠤᠨ ᠤ ᠠᠷᠠᠳ ᠤᠨ ᠠᠵᠤ ᠦᠢᠯᠡᠰ ᠢᠶᠠᠨ ᠠᠮᠢᠳᠤᠯᠢᠭ ᠢᠶᠠᠷ ᠡᠷᠬᠢᠯᠡᠬᠦ ᠶᠢ ᠶᠡᠬᠡᠪᠡᠷ ᠲᠡᠳᠬᠦᠵᠦ᠂ ᠡᠯ᠎ᠡ ᠠᠵᠤ

ᠦᠢᠯᠡᠰ ᠤᠨ ᠬᠡᠪᠴᠢᠶ᠎ᠡ ᠪᠠᠨ ᠥᠷᠭᠡᠳᠬᠡᠬᠦ ᠶᠢ ᠳᠡᠮᠵᠢᠵᠦ᠂ ᠬᠡᠪᠴᠢᠶᠡᠵᠢᠭᠰᠡᠨ᠂ ᠵᠠᠬ᠎ᠠ ᠳᠡᠯᠭᠡᠭᠦᠷᠴᠢᠯᠡᠭᠰᠡᠨ ᠪᠦᠷᠢᠨ

ᠪᠦᠲᠦᠨ ᠠᠵᠤ ᠦᠢᠯᠡᠰ ᠤᠨ ᠬᠡᠯᠭᠢᠶ᠎ᠡ ᠶᠢ ᠪᠦᠷᠢᠯᠳᠦᠭᠦᠯᠵᠦ᠂ ᠤᠯᠠᠮᠵᠢᠯᠠᠯᠲᠤ ᠼᠤᠤ ᠨᠡᠷᠡᠬᠦ ᠮᠡᠷᠭᠡᠵᠢᠯ᠂

ᠦᠢᠯᠡᠳᠪᠦᠷᠢᠯᠡᠯ᠂ ᠪᠣᠷᠣᠯᠠᠭᠤᠯᠭ᠎ᠠ ᠵᠡᠷᠭᠡ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠤᠯᠠᠨ ᠲᠦᠮᠡᠨ ᠢ

ᠵᠤᠷᠢᠭᠵᠢᠭᠤᠯᠤᠨ ᠪᠤᠭᠤᠳᠠᠢ᠂ ᠰᠢᠰᠢ᠂ ᠨᠠᠷᠢᠮᠤ ᠪᠣᠯᠤᠨ ᠰᠢᠷ᠎ᠠ ᠪᠤᠳᠠᠭ᠎ᠠ ᠵᠡᠷᠭᠡ ᠲᠦᠭᠦᠬᠡᠢ ᠮᠠᠲ᠋ᠧᠷᠢᠶᠠᠯ ᠤᠨ ᠲᠠᠷᠢᠮᠠᠯ

ᠲᠠᠷᠢᠭᠤᠯᠵᠤ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ

ᠪᠡᠶᠡᠯᠡᠭᠦᠯᠪᠡ᠃

         ᠵᠣᠬᠢᠶ᠋ᠬᠠᠴᠢ᠄  ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ ᠬᠠᠮ ᠵᠠᠭᠤᠴᠢᠯᠠᠭᠤᠷ ᠤᠨ ᠲᠥᠪ

        ᠣᠷᠴᠢᠭᠤᠯᠣᠨᠨᠴᠢ᠄  ᠬᠠᠶᠢᠷᠬᠠᠨ

 

 
ᠢᠷᠡᠯᠲᠡ᠄ ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号