ᠬᠦᠢᠳᠡᠨᠰᠢᠯᠢ ᠶᠢᠨ ᠲᠠᠯ᠎ᠠ ᠨᠤᠲᠤᠭ᠄ ︽ᠰᠡᠷᠢᠬᠦᠨ︾ ᠡᠬᠢ ᠪᠠᠶᠠᠯᠢᠭ ᠨᠢ ᠵᠢᠭᠤᠯᠴᠢᠯᠠᠯ ᠤᠨ ︽ᠬᠠᠯᠠᠮᠰᠢᠯ︾ ᠤᠨ ᠦᠷ᠎ᠡ ᠠᠰᠢᠭ ᠢ ᠠᠪᠴᠢᠷᠠᠪᠠ
ᠨᠡᠶᠢᠲᠡᠯᠡᠭᠰᠡᠨ ᠴᠠᠭ᠄
2023/8/14
                   ᠳᠡᠯᠭᠡᠷ ᠵᠤᠨ ᠤ ᠤᠯᠠᠷᠢᠯ ᠳᠤ᠂ ︽ᠳᠤᠮᠳᠠᠳᠤ ᠤᠯᠤᠰ ᠤᠨ ᠵᠤᠰᠠᠯᠠᠩ ᠤᠨ ᠬᠤᠳᠡ ᠶᠢᠨ ᠭᠤᠣᠯ ᠪᠣᠯᠬᠤ ᠪᠡᠶᠡᠴᠢᠯᠡᠨ ᠣᠶᠢᠯᠠᠭᠠᠬᠤ ᠣᠷᠣᠨ︾ ᠬᠡᠮᠡᠭᠳᠡᠭᠰᠡᠨ ᠬᠦᠢᠳᠡᠨᠰᠢᠯᠢ ᠶᠢᠨ ᠲᠠᠯ᠎ᠠ ᠨᠤᠲᠤᠭ ᠵᠢᠭᠤᠯᠴᠢᠯᠠᠯ ᠤᠨ ᠬᠦᠭᠵᠢᠶᠡᠨᠳᠦ ᠤᠯᠠᠷᠢᠯ ᠢ ᠤᠭᠲᠤᠨ ᠠᠪᠴᠢᠷᠠᠵᠤ᠂  ᠭᠠᠵᠡᠷ ᠵᠦᠢ ᠶᠢᠨ ᠲᠠᠪᠠᠭᠤᠯᠢᠭ᠂ ᠣᠨᠴᠠᠭᠠᠢ ᠠᠭᠤᠷ ᠠᠮᠢᠰᠬᠤᠯ ᠤᠨ ᠡᠬᠢ ᠪᠠᠶᠠᠯᠢᠭ ᠤᠨ ᠲᠠᠪᠠᠭᠤᠯᠢᠭ᠂ ᠡᠯᠪᠡᠭ ᠠᠮᠢ ᠠᠬᠤᠢ ᠶᠢᠨ ᠡᠬᠢ ᠪᠠᠶᠠᠯᠢᠭ᠂ ᠵᠤᠨ ᠤ ᠣᠯᠠᠷᠢᠯ ᠳᠤ ᠪᠡᠶ᠎ᠡ ᠰᠣᠪᠢᠯᠠᠯᠳᠡ ᠬᠢᠬᠦ ᠰᠠᠶᠢᠬᠠᠨ ᠨᠦᠬᠦᠴᠡᠯ ᠲᠠᠢ ᠪᠠᠶᠢᠵᠦ᠂ ᠰᠡᠷᠢᠬᠦᠨ ᠲᠠᠭᠠᠯᠠᠮᠵᠢᠳᠡᠢ ᠠᠭᠤᠷ ᠠᠮᠢᠰᠬᠤᠯ ᠪᠣᠯᠣᠨ ᠭᠤᠶᠣ ᠰᠠᠶᠢᠬᠠᠨ ᠦᠵᠡᠮᠵᠢ ᠪᠠᠷ ᠢᠶᠠᠨ ᠲᠦᠷᠪᠡᠨ ᠵᠦᠭ ᠨᠠᠢᠮᠠᠨ ᠵᠣᠪᠬᠢᠰ ᠤᠨ ᠵᠢᠭᠤᠯᠴᠢᠯᠬᠠᠰᠠᠳ ᠤᠨ ᠰᠣᠨᠢᠷᠬᠠᠯ ᠢ ᠶᠡᠬᠡᠳᠡ ᠲᠠᠲᠠᠪᠠ᠃

    ᠬᠦᠢᠲᠡᠨᠰᠢᠯᠢ ᠶᠢᠨ ᠲᠠᠯ᠎ᠠ ᠨᠤᠲᠤᠭ ᠪᠣᠯ ᠤᠯᠤᠰ ᠤᠨ ᠳᠣᠲᠣᠭᠠᠳᠤ ᠭᠠᠳᠠᠭᠠᠳᠤ ᠳᠤ ᠠᠯᠳᠠᠷᠰᠢᠭᠰᠠᠨ ᠠᠯᠳᠠᠷᠲᠤ

ᠦᠵᠡᠮᠵᠢ ᠶᠢᠨ ᠣᠷᠣᠨ ᠤ ᠨᠢᠭᠡ ᠨᠢ ᠪᠣᠯᠬᠤ ᠪᠥᠭᠡᠳ ᠤᠯᠠᠭᠠᠨᠴᠠᠪ ᠤᠨ ᠦᠵᠡᠰᠬᠦᠯᠡᠩᠲᠦ ᠰᠠᠶᠢᠬᠠᠨ ᠨᠡᠷ᠎ᠡ ᠶᠢᠨ

ᠬᠠᠭᠤᠳᠠᠰᠤ ᠪᠣᠯᠤᠨ᠎ᠠ᠃ ᠵᠤᠨ ᠣᠷᠣᠭᠰᠠᠨ ᠠᠴᠠ ᠨᠠᠰᠢ᠂ ᠠᠭᠤᠷ ᠠᠮᠢᠰᠭᠤᠯ ᠪᠠ ᠡᠯᠪᠡᠭ ᠪᠠᠶᠠᠯᠢᠭ ᠰᠣᠶᠣᠯ

ᠵᠢᠭᠤᠯᠴᠢᠯᠠᠯ ᠤᠨ ᠡᠬᠢ ᠪᠠᠶᠠᠯᠢᠭ ᠲᠠᠭᠠᠨ  ᠲᠦᠰᠢᠭᠯᠡᠨ᠂ ᠵᠢᠭᠤᠯᠴᠢᠯᠠᠯ ᠤᠨ ᠵᠠᠬ᠎ᠠ ᠳᠡᠯᠭᠡᠭᠦᠷ ᠦᠷᠭᠦᠯᠵᠢᠯᠡᠨ

ᠬᠥᠭᠵᠢᠵᠦ᠂ ︽ᠰᠡᠷᠢᠭᠦᠨ︾ ᠡᠬᠢ ᠪᠠᠶᠠᠯᠢᠭ ᠨᠢ ᠵᠢᠭᠤᠯᠴᠢᠯᠠᠯ ᠤᠨ ︽ᠬᠠᠯᠠᠮᠰᠢᠯ︾ ᠤᠨ ᠦᠷ᠎ᠡ ᠠᠰᠢᠭ ᠢ

ᠠᠪᠴᠢᠷᠠᠭᠰᠠᠨ ᠪᠠᠢᠨ᠎ᠠ᠃

      ᠬᠦᠢᠲᠡᠨᠰᠢᠯᠢ ᠶᠢᠨ ᠲᠠᠯ᠎ᠠ ᠨᠤᠲᠤᠭ ᠨᠢ ᠤᠮᠠᠷᠠᠲᠤ ᠥᠷᠭᠡᠷᠢᠭ ᠤᠨ 41。᠂ ᠮᠤᠨᠢ ᠠᠭᠤᠯᠠ ᠨᠢᠷᠣᠭᠤ᠂

ᠳᠠᠯᠠᠨ ᠬᠠᠷ᠎ᠠ ᠠᠭᠤᠯᠠ ᠶᠢᠨ ᠵᠡᠭᠦᠨ ᠪᠡᠶ᠎ᠡ ᠪᠠᠷ ᠪᠠᠶᠢᠷᠢᠯᠠᠵᠤ᠂ ᠵᠣᠨ ᠤ ᠤᠯᠠᠷᠢᠯ ᠤᠨ ᠳᠤᠮᠳᠠᠴᠢ ᠠᠭᠠᠷ ᠤᠨ

ᠳᠤᠯᠠᠭᠠᠨ ᠨᠢ 18 ᠭᠷᠠᠳᠦ᠋ᠰ ᠪᠠᠶᠢᠵᠦ᠂ ᠠᠭᠤᠰᠬᠠᠭᠳᠠᠮᠠᠯ ᠴᠢᠯᠠᠭᠤᠯᠢᠭ ᠤᠨ ᠳᠡᠨᠵᠢ ᠭᠠᠵᠠᠷ ᠤᠨ ᠭᠠᠳᠠᠷᠭᠤ ᠳᠤ

ᠬᠠᠷᠢᠶᠠᠯᠠᠭᠳᠠᠵᠤ᠂ ᠭᠠᠵᠠᠷ ᠤᠨ ᠭᠠᠳᠠᠷᠭᠤ ᠨᠢ ᠥᠷᠭᠡᠨ ᠠᠭᠤᠳᠠᠮ ᠮᠦᠷᠳᠡᠭᠡᠨ ᠲᠡᠭᠰᠢ᠂  ᠳᠠᠯᠠᠢ ᠶᠢᠨ

ᠲᠥᠪᠰᠢᠨ ᠠᠴᠠ ᠲᠣᠮᠳᠡᠴᠢ ᠪᠠᠷ 2100 ᠮᠧᠲᠷ ᠡᠷᠭᠦᠭᠳᠡᠵᠦ᠂ ᠠᠭᠤᠯᠠᠨ ᠭᠠᠵᠠᠷ ᠤᠨ ᠠᠭᠤᠷ ᠠᠮᠢᠰᠬᠤᠯ ᠪᠣᠯᠣᠨ

ᠥᠨᠳᠦᠷᠯᠢᠭ ᠤᠨ ᠠᠭᠤᠷ ᠠᠮᠢᠰᠬᠤᠯ ᠤᠨ ᠣᠨᠴᠠᠯᠢᠭ ᠢ ᠬᠠᠮᠤᠷᠤᠭᠰᠠᠨ ᠥᠨᠳᠥᠷ ᠠᠭᠤᠯᠠ ᠶᠢᠨ ᠨᠣᠭᠤ ᠶᠢᠨ ᠲᠠᠯ᠎ᠠ ᠳᠤ

ᠬᠠᠷᠢᠶᠠᠯᠠᠭᠳᠠᠨ᠎ᠠ᠃ ᠦᠨᠳᠣᠷ ᠤᠨ ᠬᠡᠮᠵᠢᠶ᠎ᠡ᠂ ᠳᠤᠯᠠᠭᠠᠨ ᠤ ᠬᠡᠮᠵᠢᠶ᠎ᠡ᠂ ᠴᠢᠭᠢᠭ ᠤᠨ ᠬᠡᠮᠵᠢᠶ᠎ᠡ ᠨᠢ ᠬᠦᠢᠳᠡᠨᠰᠢᠯᠢ ᠶᠢᠨ

ᠲᠠᠯ᠎ᠠ ᠨᠤᠲᠤᠭ ᠤᠨ ᠠᠭᠤᠷ ᠠᠮᠢᠰᠭᠤᠯ ᠢ ᠳᠤᠯᠠᠭᠠᠬᠠᠨ᠂ ᠨᠠᠷᠠᠨ ᠤ ᠲᠤᠰᠤᠯᠲᠠ ᠭᠦᠢᠴᠡᠳ᠂ ᠵᠤᠨ ᠤ ᠠᠭᠠᠭᠢᠮ᠎ᠠ

ᠬᠠᠯᠠᠭᠤᠨ ᠳᠤ ᠴᠦ ᠰᠡᠷᠢᠬᠦᠨ ᠲᠠᠭᠠᠯᠠᠮᠵᠢᠳᠡᠢ ᠦᠵᠡᠮᠵᠢᠲᠦ ᠣᠷᠣᠨ ᠢ ᠪᠣᠢ ᠪᠣᠯᠭᠠᠵᠠᠢ᠃

      ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ

ᠮᠥᠩᠭᠦᠨ ᠠᠭᠤᠯᠠ ᠮᠥᠨ︾ ᠭᠡᠬᠦ ᠣᠶᠢᠯᠠᠭᠠᠭᠳᠠᠬᠤᠨ ᠢ ᠪᠠᠷᠢᠮᠲᠠᠯᠠᠵᠤ᠂ ᠬᠥᠭᠵᠢᠯᠲᠡ ᠪᠠ ᠠᠮᠢ ᠠᠬᠤᠶ ᠶᠢᠨ ᠬᠤᠶᠠᠷ

ᠬᠤᠷᠢᠭ᠎ᠠ ᠱᠤᠭᠤᠮ ᠢ ᠪᠠᠲᠤ ᠰᠠᠬᠢᠵᠤ᠂ ᠠᠮᠢ ᠠᠬᠤᠶ ᠶᠢᠨ ᠬᠠᠮᠠᠭᠠᠯᠠᠯᠲᠠ ᠶᠢ ᠴᠢᠩᠭᠠᠳᠬᠠᠬᠤ ᠶᠢᠨ ᠬᠠᠮᠲᠤ ᠠᠭᠤᠯᠠ

ᠤᠰᠤ ᠣᠶ ᠰᠢᠭᠤᠶ ᠡᠪᠡᠰᠦ ᠪᠡᠯᠴᠢᠭᠡᠷ ᠤᠨ ᠠᠵᠢᠯ ᠢ ᠰᠠᠶᠢᠲᠤᠷ ᠬᠢᠵᠦ᠂ ᠠᠮᠢ ᠠᠬᠤᠶ ᠶᠢᠨ ᠵᠢᠭᠤᠯᠴᠢᠯᠠᠯ ᠢ ᠶᠡᠭᠡ ᠪᠠᠷ

ᠬᠥᠭᠵᠢᠭᠦᠯᠵᠦ᠂ ᠬᠦᠢᠲᠡᠨᠰᠢᠯᠢ ᠶᠢᠨ ᠬᠤᠩᠬᠤᠷ ᠤᠨ ᠲᠠᠯ᠎ᠠ ᠨᠤᠲᠤᠭ ᠤᠨ ᠠᠮᠢ ᠠᠬᠤᠶ ᠶᠢᠨ ᠵᠢᠭᠤᠯᠴᠢᠯᠠᠯ ᠤᠨ ᠵᠢᠱᠢᠶ᠎ᠡ

ᠦᠵᠡᠭᠦᠯᠬᠦ ᠣᠷᠣᠨ ᠢ ᠭᠤᠤᠯᠳᠠᠯᠭ᠎ᠠ ᠲᠠᠢ ᠪᠣᠶ ᠪᠣᠯᠭᠠᠵᠤ᠂ ᠪᠠᠶᠢᠭᠠᠯᠢ ᠶᠢᠨ ᠵᠢᠭᠤᠯᠴᠢᠯᠠᠯ᠂ ᠬᠤᠪᠢᠰᠬᠠᠯ ᠤᠨ

ᠬᠥᠮᠦᠵᠢᠯ ᠪᠠ ᠰᠡᠯᠡᠭᠦᠴᠡᠯ ᠠᠮᠠᠷᠠᠯᠲᠠ ᠪᠠᠷ ᠭᠤᠤᠯ ᠪᠣᠯᠭᠠᠭᠰᠠᠨ ᠵᠢᠭᠤᠯᠴᠢᠯᠠᠯ ᠤᠨ ᠪᠦᠲᠦᠭᠡᠭᠳᠡᠬᠦᠨ ᠢ ᠢᠳᠡᠪᠬᠢᠲᠡᠶ

ᠨᠡᠭᠡᠭᠡᠨ ᠬᠥᠭᠵᠢᠭᠦᠯᠵᠦ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠣᠶᠣᠯ ᠤᠨ ᠨᠥᠯᠥᠭᠡᠯᠡᠬᠦ ᠬᠦᠴᠦᠨ᠂

ᠵᠢᠭᠤᠯᠴᠢᠯᠠᠯ ᠤᠨ ᠲᠠᠲᠠᠬᠤ ᠬᠦᠴᠦᠨ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠥᠷᠢᠰᠦᠯᠳᠦᠬᠦ ᠬᠦᠴᠦᠨ ᠢ

ᠪᠥᠬᠦ ᠲᠠᠯ᠎ᠠ ᠪᠠᠷ ᠳᠡᠭᠡᠭᠰᠢᠯᠡᠭᠦᠯᠪᠡ᠃

     ᠵᠢᠭᠤᠯᠴᠢᠯᠠᠯ ᠤᠨ ᠦᠢᠯᠡᠴᠢᠯᠡᠭᠡᠨ ᠤ ᠦᠢᠯᠡᠰ ᠤᠨ ᠡᠮᠬᠢ ᠳᠢᠭᠯᠢᠮ ᠲᠠᠢ ᠰᠡᠷᠭᠦᠬᠦ ᠶᠢ ᠳᠠᠭᠠᠯᠳᠤᠨ᠂

ᠦᠵᠡᠮᠵᠢ ᠶᠢᠨ ᠣᠷᠣᠨ ᠪᠣᠯᠪᠠᠰᠤᠨ ᠶᠣᠰᠣᠯᠠᠯ ᠤᠨ ᠦᠢᠯᠡᠴᠢᠯᠡᠭᠡᠨ ᠤ ᠣᠶᠢᠯᠠᠭᠠᠭᠳᠠᠬᠤᠨ ᠢ ᠢᠳᠡᠪᠬᠢᠲᠡᠢ

ᠳᠡᠯᠭᠡᠷᠡᠭᠦᠯᠵᠦ᠂ ᠲᠤᠬᠠᠶᠢᠯᠠᠭᠰᠠᠨ ᠠᠵᠢᠯ ᠤᠨ ᠠᠵᠢᠯᠯᠠᠭᠠᠨ ᠤ ᠶᠠᠪᠤᠴᠠ ᠶᠢ ᠰᠢᠯᠢᠳᠡᠭᠵᠢᠭᠦᠯᠵᠦ᠂ ᠵᠠᠬ᠎ᠠ ᠳᠡᠯᠭᠡᠭᠦᠷ ᠤᠨ

ᠬᠢᠨᠠᠯᠲᠠ ᠬᠠᠮᠢᠶᠠᠷᠤᠯᠲᠠ ᠶᠢᠨ ᠠᠵᠢᠯᠯᠠᠭ᠎ᠠ ᠶᠢ ᠵᠢᠷᠤᠮᠵᠢᠭᠤᠯᠵᠤ᠂ 50 ᠭᠠᠷᠤᠢ ᠵᠠᠮᠴᠢᠯᠠᠭᠴᠢ ᠶᠢ ᠵᠣᠬᠢᠶᠠᠨ

ᠪᠠᠶᠢᠭᠤᠯᠵᠤ᠂ ᠶᠡᠭᠡ ᠬᠠᠭᠠᠨ ᠲᠠᠯᠠᠪᠠᠢ ᠶᠢᠨ ᠦᠢᠯᠡᠴᠢᠯᠡᠭᠡᠨ ᠤ ᠲᠢᠩᠬᠢᠮ ᠤᠨ ᠠᠰᠠᠭᠤᠨ ᠯᠠᠪᠯᠠᠬᠤ ᠴᠡᠭ ᠲᠤ᠂

ᠥᠷᠭᠡᠨ ᠤᠯᠠᠨ ᠵᠤᠭᠠᠴᠠᠭᠰᠠᠳ ᠲᠤ ᠵᠤᠭᠠᠴᠠᠯ ᠤᠨ ᠵᠥᠪᠯᠡᠯᠭᠡ ᠥᠭᠬᠦ᠂ ᠦᠢᠯᠡᠴᠢᠯᠡᠭᠡ ᠶᠢ ᠬᠦᠳᠦᠯᠦᠨ ᠵᠢᠯᠣᠭᠤᠳᠬᠤ

ᠪᠠ ᠵᠠᠭᠠᠯᠳᠤᠯᠭ᠎ᠠ ᠶᠢ ᠰᠢᠢᠳᠪᠦᠷᠢᠯᠡᠵᠦ᠂ ᠵᠤᠭᠠᠴᠠᠯ ᠤᠨ ᠵᠠᠮ ᠱᠤᠭᠤᠮ᠂ ᠵᠤᠭᠠᠴᠠᠨ ᠨᠠᠭᠠᠳᠬᠤ ᠶᠢᠨ ᠤᠷᠤᠭᠰᠢᠲᠠᠢ

ᠶᠠᠪᠤᠭᠳᠠᠬᠤ ᠶᠢ ᠪᠠᠲᠤᠯᠠᠪᠠ︔ ᠰᠥᠨᠢ ᠪᠣᠯᠬᠤ ᠳᠤ ᠲᠦᠳᠡᠭ ᠭᠠᠯ ᠤᠨ ᠦᠳᠡᠰᠢᠯᠡᠭᠡ᠂ ᠤᠷᠠᠨ ᠰᠠᠶᠢᠬᠠᠨ ᠤ

ᠲᠣᠭᠯᠠᠯᠲᠠ᠂ ᠠᠷᠠᠳ ᠤᠨ ᠵᠠᠩ ᠦᠢᠯᠡ ᠶᠢᠨ ᠦᠵᠡᠭᠦᠯᠦᠯᠭᠡ ᠵᠡᠷᠭᠡ ᠠᠵᠢᠯᠯᠠᠭ᠎ᠠ ᠥᠷᠨᠢᠭᠦᠯᠵᠦ᠂ ᠵᠤᠭᠠᠴᠠᠭᠰᠠᠳ

ᠪᠣᠯᠤᠨ ᠲᠤᠰ ᠭᠠᠵᠠᠷ ᠤᠨ ᠤᠯᠠᠨ ᠲᠦᠮᠡᠨ ᠢ ᠨᠢᠭᠡ ᠲᠠᠩᠬᠢᠮ ᠳᠤ ᠴᠤᠭᠯᠠᠷᠠᠭᠤᠯᠵᠤ᠂ ᠬᠦᠷ ᠬᠥᠭᠵᠢᠶᠡᠨ ᠲᠠᠢ

ᠪᠤᠯᠭᠠᠪᠠ᠃

     ᠵᠤᠨ ᠠᠴᠠ ᠨᠠᠰᠢ᠂ ᠬᠦᠢᠳᠡᠨᠰᠢᠯᠢ ᠶᠢᠨ ᠬᠤᠩᠬᠤᠷ ᠤᠨ ᠭᠤᠤ ᠶᠢᠨ ᠵᠢᠭᠤᠯᠴᠢᠯᠠᠯ ᠤᠨ ᠦᠵᠡᠮᠵᠢ ᠶᠢᠨ ᠣᠷᠣᠨ

ᠳᠥᠷᠪᠡᠨ ᠵᠦᠭ ᠨᠠᠢᠮᠠᠨ ᠵᠣᠪᠬᠢᠰ ᠠᠴᠠ ᠢᠷᠡᠭᠰᠡᠨ ᠵᠢᠭᠤᠯᠴᠢᠯᠬᠠᠰᠠᠳ ᠢ ᠡᠳᠦᠷ ᠪᠦᠷᠢ 10000— 12000

ᠬᠥᠮᠦᠨ ᠬᠦᠯᠢᠶᠡᠨ ᠠᠪᠴᠤ᠂ ᠭᠠᠷᠠᠭ ᠤᠨ ᠰᠡᠭᠦᠯᠴᠢ ᠳᠤ 12000—15000 ᠬᠥᠮᠦᠨ ᠪᠠᠶᠢᠵᠦ᠂ ᠲᠠᠪᠤᠳᠤᠭᠠᠷ

ᠰᠠᠷ᠎ᠠ ᠠᠴᠠ ᠨᠠᠰᠢ ᠣᠳᠣ ᠪᠣᠯᠲᠠᠯ᠎ᠠ᠂ ᠦᠵᠡᠮᠵᠢ ᠶᠢᠨ ᠣᠷᠣᠨ ᠨᠡᠶᠢᠲᠡ 220 ᠲᠦᠮᠡᠨ ᠬᠥᠮᠦᠨ ᠤᠳᠠᠭ᠎ᠠ

ᠵᠤᠭᠠᠴᠠᠭᠰᠠᠳ ᠢ ᠬᠦᠯᠢᠶᠡᠨ ᠠᠪᠴᠤ᠂ ᠥᠩᠭᠡᠷᠡᠭᠰᠡᠨ ᠵᠢᠯ ᠤᠨ ᠬᠢ ᠠᠴᠠ ᠶᠡᠭᠡ ᠬᠡᠮᠵᠢᠶ᠎ᠡ ᠪᠠᠷ ᠨᠡᠮᠡᠭᠳᠡᠪᠡ᠃

ᠲᠦᠷᠭᠡᠨ ᠨᠡᠮᠡᠭᠳᠡᠵᠦ ᠪᠠᠶᠢᠭ᠎ᠠ ᠠᠶᠠᠨᠴᠢᠳ ᠤᠨ ᠤᠷᠤᠰᠬᠠᠯ᠂ ᠲᠡᠷᠭᠡᠨ ᠤ ᠤᠷᠤᠰᠬᠠᠯ ᠤᠨ ᠪᠠᠶᠢᠳᠡᠯ ᠳᠤ ᠴᠢᠭᠯᠡᠬᠦᠯᠥᠨ

ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ

ᠲᠣᠪᠴᠢᠶ᠎ᠠ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠵᠡᠷᠭᠡ ᠰᠠᠯᠠᠭ᠎ᠠ ᠮᠥᠴᠢᠷ ᠤᠳ ᠠᠵᠢᠯ ᠤᠨ

ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠠᠷᠢᠶ᠎ᠠ ᠣᠷᠣᠨ ᠤ ᠤᠯᠤᠰ᠂ ᠮᠤᠵᠢ ᠶᠢᠨ ᠭᠤᠤᠯ ᠵᠠᠮ᠂ ᠰᠢᠶᠠᠨ ᠤ

ᠬᠤᠲᠠ ᠶᠢᠨ ᠭᠤᠤᠯ ᠱᠤᠭᠤᠮ ᠳᠤ ᠴᠠᠭᠳᠠᠭᠠᠨ ᠤ ᠬᠦᠴᠦᠨ ᠤ ᠪᠠᠶᠢᠷᠢᠯᠠᠭᠤᠯᠤᠯᠲᠠ ᠪᠠᠨ ᠴᠢᠩᠭᠠᠳᠬᠠᠬᠤ ᠶᠢᠨ ᠬᠠᠮᠲᠤ

ᠲᠣᠭᠤᠷᠢᠨ ᠴᠠᠭᠳᠠᠬᠤ ᠡᠭᠡᠯᠵᠢ ᠪᠠᠨ ᠳᠣᠭᠢᠷᠠᠭᠤᠯᠵᠤ᠂ ᠴᠠᠭᠳᠠᠬᠤ ᠨᠢᠭᠲᠠᠴᠠ ᠪᠠᠨ ᠨᠡᠮᠡᠭᠳᠡᠭᠦᠯᠵᠦ᠂ ᠪᠥᠬᠦ ᠠᠵᠢᠯᠲᠠᠨ

ᠰᠡᠳᠬᠢᠯ ᠢ ᠳᠤᠯᠠᠭᠠᠴᠠᠭᠤᠯᠬᠤ ᠦᠢᠯᠡᠴᠢᠯᠡᠭᠡᠨ ᠤ ᠠᠵᠢᠯ ᠤᠨ ᠵᠠᠭᠪᠤᠷ ᠢ ᠡᠬᠢᠯᠡᠭᠦᠯᠵᠦ᠂ ᠵᠤᠭᠠᠴᠠᠭᠰᠠᠳ ᠢ ᠠᠮᠤᠷ

ᠲᠦᠪᠰᠢᠨ ᠵᠠᠮ ᠢᠶᠠᠷ ᠶᠠᠪᠣᠭᠤᠯᠵᠦ᠂ ᠲᠡᠷᠭᠡ ᠶᠢ ᠨᠢ ᠠᠮᠣᠷ ᠲᠦᠪᠰᠢᠨ ᠭᠠᠵᠡᠷ ᠵᠣᠨᠨᠰᠣᠭᠠᠨ᠎ᠠ︔ ᠬᠤᠰᠢᠭᠤᠨ ᠤ

ᠪᠦᠬᠦ ᠦᠵᠡᠮᠵᠢ ᠶᠢᠨ ᠣᠷᠣᠨ᠂ ᠢᠳᠡᠭᠡᠨ ᠤᠮᠳᠠᠭᠠᠨ᠂ ᠪᠠᠭᠤᠳᠠᠯ᠂ ᠠᠷᠠᠳ ᠤᠨ ᠣᠷᠣᠨ ᠰᠠᠭᠤᠴᠠ᠂ ᠲᠠᠷᠢᠶᠠᠴᠢᠨ

ᠠᠶᠢᠯ ᠤᠨ ᠵᠢᠭᠤᠯᠴᠢᠯᠠᠯ ᠵᠡᠷᠭᠡ ᠬᠤᠳᠠᠯᠳᠤᠭᠠᠨ ᠤ ᠭᠤᠤᠯ ᠴᠣᠭᠴᠠ ᠶᠢ ᠣᠯᠠᠨ ᠤᠳᠠᠭ᠎ᠠ ᠢᠯᠡ ᠪᠠᠷ ᠪᠠᠶᠢᠴᠠᠭᠠᠵᠤ

ᠳᠠᠯᠳᠠᠭᠤᠷ ᠰᠤᠷᠪᠤᠯᠵᠢᠯᠠᠪᠠ᠂ ᠢᠳᠡᠭᠡᠨ ᠤ ᠠᠮᠤᠷ ᠲᠦᠪᠰᠢᠨ᠂ ᠠᠵᠢᠯ ᠡᠷᠭᠢᠯᠡᠬᠦ ᠬᠢᠷᠢ ᠬᠡᠮ᠂ ᠣᠷᠴᠢᠨ

ᠲᠣᠭᠤᠷᠢᠨ ᠤ ᠡᠷᠡᠭᠦᠯ ᠬᠠᠮᠠᠭᠠᠯᠠᠯ᠂ ᠵᠠᠮ ᠬᠠᠷᠢᠯᠴᠠᠭ᠎ᠠ ᠵᠡᠷᠭᠡ ᠲᠠᠯ᠎ᠠ ᠶᠢᠨ ᠬᠠᠷᠢᠭᠤᠴᠠᠯᠭ᠎ᠠ ᠶᠢ ᠭᠤᠤᠯᠳᠠᠯᠭ᠎ᠠ ᠲᠠᠢ

ᠳᠠᠬᠢᠨ ᠰᠢᠮᠳᠠᠭᠤᠯᠵᠤ᠂ ᠵᠢᠭᠤᠯᠴᠢᠯᠠᠯ ᠤᠨ ᠦᠢᠯᠡᠴᠢᠯᠡᠭᠡᠨ ᠤ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂

︽ᠵᠢᠭᠤᠯᠴᠢᠯᠠᠭᠰᠠᠳ ᠢ ᠬᠠᠯᠠᠮᠵᠢᠯᠠᠬᠤ᠂ ᠵᠢᠭᠤᠯᠴᠢᠯᠠᠭᠰᠠᠳ ᠢ ᠬᠠᠮᠠᠭᠠᠯᠠᠬᠤ᠂ ᠵᠢᠭᠤᠯᠴᠢᠯᠠᠭᠰᠠᠳ ᠢ

ᠳᠤᠯᠠᠭᠠᠴᠠᠭᠤᠯᠬᠤ︾ ᠠᠵᠢᠯᠯᠠᠭ᠎ᠠ ᠶᠢ ᠡᠬᠢᠯᠡᠭᠦᠯᠪᠡ᠃

     ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶᠠᠨ ᠤ

ᠳᠠᠷᠤᠭ᠎ᠠ ᠯᠢᠦ ᠹᠧᠩ᠄ ︽ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ ᠬᠦᠢᠳᠡᠨᠰᠢᠯᠢ ᠶᠢᠨ ᠦᠵᠡᠮᠵᠢ ᠶᠢᠨ

ᠣᠷᠣᠨ ᠤ ᠬᠠᠮᠢᠶᠠᠷᠤᠯᠲᠠ ᠶᠢ ᠳᠦᠷᠢᠮᠵᠢᠭᠦᠯᠵᠦ᠂ ᠵᠢᠭᠤᠯᠴᠢᠯᠠᠭᠴᠢᠳ ᠲᠤ ᠦᠢᠯᠡᠴᠢᠯᠡᠬᠦ ᠬᠢᠷᠢ ᠲᠦᠪᠰᠢᠨ ᠢ

ᠳᠡᠭᠡᠭᠰᠢᠯᠡᠭᠦᠯᠬᠦ ᠶᠢᠨ ᠲᠥᠯᠥᠭᠡ᠂ 2023 ᠣᠨ ᠳᠤ᠂ ᠬᠤᠰᠢᠭᠤᠨ ᠤ ᠵᠠᠰᠠᠭ ᠤᠨ ᠣᠷᠳᠣᠨ ᠭᠡᠷᠡᠴᠢᠯᠡᠭᠡ ᠰᠣᠨᠣᠰᠬᠤ

ᠬᠤᠷᠠᠯ ᠬᠤᠷᠠᠯᠳᠤᠭᠤᠯᠵᠤ᠂ ᠬᠦᠢᠲᠡᠨᠰᠢᠯᠢ ᠦᠵᠡᠮᠵᠢ ᠶᠢᠨ ᠣᠷᠣᠨ ᠳᠤ ᠢᠳᠡᠭᠡᠨ ᠤᠮᠳᠠᠭᠠᠨ᠂  ᠪᠠᠭᠤᠳᠡᠯ᠂ ᠵᠤᠭ᠎ᠠ

ᠴᠡᠩᠭᠡᠯ᠂ ᠤᠨᠤᠵᠤ ᠠᠶᠠᠯᠠᠬᠤ ᠵᠡᠷᠭᠡ ᠲᠥᠷᠥᠯ ᠵᠦᠢᠯ ᠤᠨ ᠬᠠᠮᠤᠭ ᠤᠨ ᠥᠨᠳᠥᠷ ᠦᠨ᠎ᠡ ᠶᠢ ᠲᠣᠭᠲᠠᠭᠠᠵᠤ᠂

ᠵᠠᠰᠠᠭ ᠤᠨ ᠣᠷᠳᠣᠨ ᠤ ᠰᠦᠯᠵᠢᠶᠡᠨ ᠳᠡᠭᠡᠷ᠎ᠡ ᠢᠯᠡ ᠪᠠᠷ ᠨᠡᠶᠢᠲᠡᠯᠡᠪᠡ︔ ᠦᠵᠡᠮᠵᠢ ᠶᠢᠨ ᠣᠷᠣᠨ ᠤ ᠠᠶᠤᠯ

ᠲᠦᠭᠰᠢᠭᠦᠷᠢ ᠶᠡᠬᠡᠲᠡᠢ ᠵᠤᠭ᠎ᠠ ᠴᠡᠩᠭᠡᠯ ᠤᠨ ᠲᠥᠬᠦᠭᠡᠷᠦᠮᠵᠢ ᠵᠢᠴᠢ ᠲᠣᠭᠲᠠᠭᠠᠯ ᠢ ᠵᠥᠷᠢᠴᠡᠨ ᠲᠣᠭᠯᠠᠬᠤ᠂ ᠭᠡᠷᠡᠯ

ᠵᠢᠷᠤᠭ ᠲᠠᠲᠠᠬᠤ᠂ ᠬᠡᠪᠯᠡᠬᠦ᠂ ᠪᠡᠯᠴᠢᠭᠡᠷ ᠤᠨ ᠲᠠᠯ᠎ᠠ ᠪᠠᠷ ᠳᠤᠷ᠎ᠠ ᠪᠠᠷ ᠢᠶᠠᠨ ᠲᠡᠷᠭᠡ ᠵᠣᠭᠰᠣᠭᠠᠬᠤ ᠶᠢ ᠴᠢᠩᠭ᠎ᠠ

ᠰᠢᠳᠬᠡᠵᠦ᠂ ᠵᠤᠭᠠᠴᠠᠭᠰᠠᠳ ᠤᠨ ᠠᠮᠤᠷ ᠲᠦᠪᠰᠢᠨ ᠤ ᠲᠥᠷᠥᠭᠳᠡᠯ ᠢ ᠨᠡᠮᠡᠭᠳᠡᠭᠦᠯᠪᠡ︔ ᠵᠢᠭᠤᠯᠴᠢᠯᠠᠯ ᠤᠨ

ᠬᠥᠭᠵᠢᠶᠡᠨᠲᠦ ᠤᠯᠠᠷᠢᠯ ᠳᠤ᠂ ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ 6

ᠰᠠᠷ᠎ᠠ ᠶᠢᠨ 20 ᠤ ᠡᠳᠦᠷ ᠠᠴᠠ 8 ᠰᠠᠷ᠎ᠠ ᠶᠢᠨ 30 ᠤ ᠡᠳᠦᠷ ᠪᠣᠯᠲᠠᠯ᠎ᠠ᠂ ᠭᠠᠷᠠᠭ ᠪᠦᠷᠢ ᠶᠢᠨ ᠲᠠᠪᠤᠨ᠂ ᠵᠢᠷᠭᠤᠭ᠎ᠠ

᠂ ᠭᠠᠷᠠᠭ ᠤᠨ ᠡᠳᠦᠷ ᠡᠭᠡᠯᠵᠢᠯᠡᠨ ᠦᠵᠡᠮᠵᠢ ᠶᠢᠨ ᠣᠷᠣᠨ ᠳᠤ ᠬᠦᠷᠴᠦ ᠵᠢᠯᠣᠭᠤᠳᠴᠤ᠂ ᠬᠤᠯᠪᠣᠭᠳᠠᠯ ᠪᠦᠬᠦᠢ

ᠰᠠᠯᠠᠭ᠎ᠠ ᠮᠥᠴᠢᠷ ᠵᠠᠮ ᠬᠠᠷᠢᠯᠴᠠᠭ᠎ᠠ ᠶᠢ ᠵᠢᠯᠣᠭᠤᠳᠴᠤ᠂ ᠵᠥᠷᠢᠴᠡᠯ ᠢ ᠨᠠᠮᠳᠠᠭᠤᠯᠵᠤ᠂ ᠴᠠᠬᠠᠷ ᠪᠠᠷᠠᠭᠤᠨ ᠭᠠᠷᠤᠨ

ᠳᠤᠮᠳᠠᠳᠤ ᠬᠤᠰᠢᠭᠤᠨ ᠤ ᠪᠦᠬᠦ ᠺᠠᠳ᠋ᠷᠴᠤᠳ ᠤᠨ ᠵᠢᠭᠤᠯᠴᠢᠯᠠᠯ ᠤᠨ ᠦᠢᠯᠡᠰ ᠲᠤ ᠦᠢᠯᠡᠴᠢᠯᠡᠬᠦ ᠰᠠᠶᠢᠨ ᠰᠠᠶᠢᠬᠠᠨ

ᠠᠭᠤᠷ ᠠᠮᠢᠰᠬᠤᠯ ᠢ ᠪᠤᠢ ᠪᠣᠯᠭᠠᠪᠠ᠃

     ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠰᠡᠷᠭᠦᠯᠲᠡ ᠪᠠ ᠬᠡᠪᠴᠢᠶᠡᠵᠢᠯ ᠤᠨ ᠨᠡᠮᠡᠭᠳᠡᠯ ᠵᠢᠴᠢ ᠵᠢᠭᠤᠯᠴᠢᠯᠠᠯ ᠤᠨ

ᠬᠠᠩᠭᠠᠯᠭ᠎ᠠ ᠶᠢᠨ ᠲᠠᠯ᠎ᠠ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠪᠠ ᠵᠠᠬ᠎ᠠ ᠳᠡᠯᠭᠡᠭᠦᠷ ᠤᠨ ᠬᠠᠷᠢᠯᠴᠠᠨ

ᠦᠢᠯᠡᠳᠦᠯᠴᠡᠵᠦ᠂ ᠵᠢᠭᠤᠯᠴᠢᠯᠠᠯ ᠤᠨ ᠦᠢᠯᠡᠰ ᠢ ᠰᠡᠷᠭᠦᠭᠡᠨ ᠮᠠᠨᠳᠤᠭᠤᠯᠬᠤ ᠪᠠ ᠴᠢᠨᠠᠷ ᠰᠠᠶᠢᠲᠠᠢ ᠬᠥᠭᠵᠢᠭᠦᠯᠬᠦ

ᠲᠦᠷᠭᠡᠨ ᠵᠠᠮ ᠢᠶᠠᠷ ᠵᠠᠮᠨᠠᠬᠤ ᠶᠢ ᠠᠬᠢᠭᠤᠯᠤᠨ᠎ᠠ᠃ ᠲᠠᠷᠠᠭᠠᠴᠢ ᠶᠢᠨ ᠠᠯᠬᠤᠮ ᠳᠤ᠂ ᠴᠠᠬᠠᠷ ᠪᠠᠷᠠᠭᠤᠨ ᠭᠠᠷᠤᠨ

ᠳᠤᠮᠳᠠᠳᠤ ᠬᠤᠰᠢᠭᠤ ︽ᠳᠥᠷᠪᠡᠨ ᠶᠡᠭᠡ ᠪᠠᠶᠢᠯᠳᠤᠬᠤ ᠪᠣᠳᠣᠯᠭ᠎ᠠ︾᠂ ︽ᠲᠠᠪᠤᠨ ᠣᠷᠣᠨ ᠤ ᠪᠥᠲᠥᠭᠡᠨ

ᠪᠠᠶᠢᠭᠤᠯᠤᠯᠲᠠ︾ ᠶᠢᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ᠂ ᠵᠢᠭᠤᠯᠴᠢᠯᠠᠯ ᠤᠨ

ᠬᠡᠷᠡᠭᠯᠡᠭᠡ ᠪᠠᠷ ᠠᠵᠤ ᠠᠬᠤᠶ ᠶᠢᠨ ᠨᠡᠮᠡᠭᠳᠡᠯ ᠢ ᠳᠠᠶᠢᠴᠢᠯᠠᠬᠤ ᠰᠠᠭᠤᠷᠢ ᠴᠢᠨᠠᠷᠲᠠᠶ ᠦᠢᠯᠡᠳᠣᠯ ᠢ ᠭᠦᠢᠴᠡᠳ

ᠪᠠᠳᠠᠷᠠᠭᠤᠯᠵᠤ᠂ ᠦᠢᠯᠡᠳᠬᠦᠨ ᠪᠠ ᠦᠢᠯᠡᠴᠢᠯᠡᠭᠡ ᠳᠤ ᠢᠳᠡᠪᠬᠢᠲᠡᠶ ᠪᠠᠷ ᠰᠢᠨ᠎ᠡ ᠶᠢ ᠡᠭᠦᠳᠴᠦ᠂ ᠵᠢᠭᠤᠯᠴᠢᠯᠠᠯ ᠤᠨ

ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠦᠨ᠂ ᠵᠢᠭᠤᠯᠴᠢᠯᠠᠯ ᠤᠨ ᠡᠵᠡᠩᠨᠡᠯᠲᠡ ᠶᠢᠨ ᠬᠡᠯᠪᠡᠷᠢ ᠶᠢ

ᠪᠠᠶᠠᠯᠢᠭᠵᠢᠭᠤᠯᠵᠤ᠂ ᠠᠷᠠᠳ ᠤᠨ ᠵᠠᠩ ᠦᠢᠯᠡ ᠶᠢᠨ ᠰᠣᠶᠣᠯ ᠢ ᠭᠦᠨᠵᠡᠭᠡᠶ ᠠᠭᠤᠳᠠᠯᠵᠤ᠂ ᠦᠢᠯᠡᠴᠢᠯᠡᠬᠡᠨ ᠤ

ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ

ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ ᠲᠡᠮᠡᠴᠡᠬᠦ ᠬᠠᠷᠠᠯᠲᠠ ᠪᠣᠯᠭᠠᠵᠤ᠂ ᠵᠢᠭᠤᠯᠴᠢᠯᠠᠯ ᠤᠨ

ᠵᠠᠬ᠎ᠠ ᠳᠡᠯᠭᠡᠭᠦᠷ ᠤᠨ ᠰᠡᠷᠭᠦᠯᠲᠡ ᠪᠠ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ

ᠠᠬᠢᠭᠤᠯᠤᠨ᠎ᠠ᠃

       ᠵᠣᠬᠢᠶ᠋ᠬᠠᠴᠢ᠄  ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ ᠬᠠᠮ ᠵᠠᠭᠤᠴᠢᠯᠠᠭᠤᠷ ᠤᠨ ᠲᠥᠪ

      ᠣᠷᠴᠢᠭᠤᠯᠣᠨᠨᠴᠢ᠄  ᠭᠧ ᠲᠣᠸᠠᠨ ᠯᠢᠶᠡᠨ

   

 
ᠢᠷᠡᠯᠲᠡ᠄ ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号