| ᠦᠢᠷ᠎ᠠ ᠶᠢᠨ ᠡᠳᠦᠷ᠂ ᠤᠯᠠᠭᠠᠨᠴᠠᠪ ᠬᠤᠳᠠ ᠶᠢᠨ 2023 ᠣᠨ ᠤ ᠲᠦᠮᠦᠰᠦ ᠶᠢᠨ ᠴᠢᠬᠤᠯᠠ ᠶᠡᠭᠡ | ᠮᠡᠷᠭᠡᠵᠢᠯ ᠢ ᠬᠠᠮᠵᠢᠯᠴᠠᠨ ᠳᠡᠯᠭᠡᠷᠡᠭᠦᠯᠬᠦ ᠲᠤᠬᠠᠢ ᠶᠢᠨ ᠲᠠᠯᠠᠪᠠᠢ ᠶᠢᠨ ᠲᠣᠭᠤᠷᠢᠨ ᠦᠵᠡᠬᠦ ᠪᠦᠯᠬᠦᠮ ᠴᠠᠬᠠᠷ ᠪᠠᠷᠠᠭᠤᠨ | ᠭᠠᠷᠤᠨ ᠳᠤᠮᠳᠠᠳᠤ ᠬᠤᠰᠢᠭᠤᠨ ᠳᠤ ᠲᠣᠭᠤᠷᠢᠨ ᠦᠵᠡᠪᠡ᠃ | | | | | ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠦᠬᠡᠪᠦᠷ ᠪᠠᠯᠭᠠᠰᠣᠨ ᠤ ᠢ ᠱᠧᠩ ᠾᠧ ᠲᠤᠰᠬᠤᠨ | ᠤ ᠲᠥᠮᠥᠰᠥ ᠲᠠᠷᠢᠬᠤ ᠰᠠᠭᠤᠷᠢᠨ ᠭᠠᠵᠠᠷ ᠲᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠰᠢᠨᠵᠢᠯᠡᠬᠦ | ᠤᠬᠠᠭᠠᠨ ᠤ ᠮᠡᠷᠭᠡᠵᠢᠯ ᠤᠨ ᠬᠦᠷᠢᠶᠡᠯᠡᠩ ᠪᠠ ᠤᠯᠠᠭᠠᠨᠴᠠᠪ ᠬᠤᠳᠠ ᠶᠢᠨ ᠲᠠᠷᠢᠶᠠᠯᠠᠩ ᠤᠨ ᠮᠡᠷᠭᠡᠵᠢᠯ ᠳᠡᠯᠭᠡᠷᠡᠭᠦᠯᠬᠦ | ᠲᠦᠪ ᠤᠨ ᠲᠤᠰᠬᠠᠢ ᠮᠡᠷᠭᠡᠵᠢᠯᠲᠡᠳ ᠲᠦᠮᠦᠰᠦ ᠶᠢᠨ ᠤᠰᠤ ᠠᠷᠪᠢᠯᠠᠬᠤ᠂ ᠪᠣᠷᠳᠣᠭᠤᠷ ᠬᠠᠰᠤᠬᠤ᠂ ᠡᠮ ᠬᠠᠰᠤᠬᠤ᠂ | ᠡᠯᠪᠡᠭ ᠬᠤᠷᠢᠶᠠᠯᠳᠠ ᠲᠠᠢ ᠲᠠᠷᠢᠬᠤ ᠮᠡᠷᠭᠡᠵᠢᠯ ᠢ ᠨᠠᠷᠢᠨ ᠲᠠᠨᠢᠯᠴᠠᠭᠤᠯᠪᠠ᠃ | | | | | ᠲᠥᠮᠥᠰᠥ ᠨᠢ ᠤᠯᠠᠭᠠᠨᠴᠠᠪ ᠤᠨ ᠲᠤᠯᠭᠠᠭᠤᠷᠢ ᠠᠵᠤ ᠦᠢᠯᠡᠳᠪᠦᠷᠢ ᠪᠤᠯᠤᠭᠰᠠᠨ ᠤ ᠬᠤᠪᠢ ᠳᠤ᠂ | ᠬᠡᠪᠴᠢᠶ᠎ᠡ ᠨᠢ ᠶᠡᠭᠡ ᠲᠠᠯᠠᠪᠠᠢ ᠨᠢᠥᠷᠭᠡᠨ ᠪᠠᠶᠢᠳᠠᠭ ᠨᠢ ᠠᠳᠡᠬᠢ ᠥᠪᠡᠷᠮᠢᠴᠡ ᠣᠨᠴᠠᠯᠢᠭ ᠶᠤᠮ᠃ ᠲᠥᠮᠥᠰᠥ ᠶᠢ | ᠥᠨᠳᠥᠷ ᠤᠨᠠᠯᠳᠠ ᠲᠠᠢ ᠪᠤᠯᠭᠠᠬᠤ ᠳᠤ ᠥᠨᠳᠥᠷ ᠪᠠᠷᠢᠮᠵᠢᠶᠠᠲᠦ ᠲᠠᠷᠢᠮᠠᠯ ᠤᠨ ᠬᠠᠮᠢᠶᠠᠷᠤᠯᠳᠠ ᠶᠢᠨ ᠲᠦᠰᠦᠯ ᠠᠴᠠ | ᠰᠠᠯᠵᠤ ᠴᠢᠳᠠᠬᠤ ᠦᠭᠡᠢ᠂ ᠮᠠᠰᠢ ᠣᠯᠠᠨ ᠲᠠᠷᠢᠮᠠᠯ ᠤᠨ ᠲᠣᠮᠣ ᠡᠷᠦᠬᠡ ᠪᠣᠷᠳᠣᠭᠤᠷ ᠰᠣᠩᠭᠤᠵᠤ ᠬᠡᠷᠡᠭᠯᠡᠬᠦ ᠪᠠ | ᠬᠠᠮᠢᠶᠠᠷᠤᠯᠳᠠ ᠶᠢᠨ ᠮᠡᠷᠭᠡᠵᠢᠯ ᠤᠨ ᠲᠠᠯ᠎ᠠ ᠪᠠᠷ ᠠᠳᠠᠯᠢ ᠦᠬᠡᠢ ᠪᠠᠶᠢᠵᠤ᠂ ᠬᠡᠷᠬᠢᠨ ᠨᠢᠭᠡ ᠢᠵᠢ ᠥᠨᠳᠥᠷ | ᠪᠠᠷᠢᠮᠵᠢᠶᠠᠲᠦ ᠲᠥᠮᠥᠰᠥ ᠲᠠᠷᠢᠬᠤ ᠬᠠᠮᠢᠶᠠᠷᠤᠯᠳᠠ ᠶᠢᠨ ᠲᠥᠰᠦᠯ ᠢ ᠪᠠᠲᠤᠯᠠᠵᠤ᠂ ᠥᠨᠳᠥᠷ ᠴᠢᠨᠠᠷ ᠲᠠᠢ ᠲᠥᠮᠥᠰᠥ | ᠲᠠᠷᠢᠬᠤ ᠨᠢ ᠥᠷᠭᠡᠨ ᠣᠯᠠᠨ ᠲᠠᠷᠢᠶᠠᠴᠢᠨ ᠡᠷᠦᠬᠡ ᠳᠤ ᠲᠤᠯᠭᠠᠮ᠎ᠠ ᠱᠠᠭᠠᠷᠳᠠᠭᠳᠠᠵᠤ ᠪᠠᠶᠢᠭ᠎ᠠ ᠶᠠᠪᠤᠳᠠᠯ ᠪᠤᠯᠤᠨ᠎ᠠ᠃ | | | ᠵᠣᠬᠢᠶ᠋ᠬᠠᠴᠢ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ | ᠣᠷᠴᠢᠭᠤᠯᠣᠨᠨᠴᠢ᠄ ᠠᠴᠢᠯᠠ | |