| ᠣᠶᠢᠷ᠎ᠡ ᠶᠢᠨ ᠡᠳᠦᠷ᠂ ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ ᠺᠦᠨᠯᠦ᠋ᠨ ᠠᠭᠤᠯᠠᠨ ᠤ ᠴᠠᠰᠦᠨ | ᠣᠳᠪᠠᠯᠠ ᠬᠤᠷᠢᠶᠠᠯᠲᠡ ᠶᠢᠨ ᠬᠤᠭᠤᠴᠠᠭᠠᠨ ᠳᠤ ᠪᠠᠨ ᠣᠷᠣᠯ᠎ᠠ᠃ ᠴᠠᠬᠠᠷ ᠪᠠᠷᠠᠭᠤᠨ ᠭᠠᠷᠤᠨ ᠳᠤᠮᠳᠠᠳᠤ | ᠬᠤᠰᠢᠭᠤᠨ ᠤ ᠬᠥᠬᠡᠪᠦᠷ ᠪᠠᠯᠭᠠᠰᠤᠨ ᠤ ᠷᠦ᠋ ᠴᠢᠣᠸᠠᠨ ᠲᠣᠰᠬᠤᠨ ᠤ ᠹᠦ᠋ ᠰᠢᠩ ᠲᠠᠷᠢᠮᠠᠯ ᠲᠡᠵᠢᠭᠡᠪᠦᠷᠢ ᠶᠢᠨ ᠲᠤᠰᠬᠠᠢ | ᠬᠤᠷᠰᠢᠶᠠᠵᠢᠯ ᠤᠨ ᠺᠦᠨᠯᠦ᠋ᠨ ᠠᠭᠤᠯᠠᠨ ᠤ ᠴᠠᠰᠦᠨ ᠤᠳᠪᠠᠯᠠ ᠲᠠᠷᠢᠬᠤ ᠰᠠᠭᠤᠷᠢᠨ ᠭᠠᠵᠠᠷ ᠲᠤ ᠬᠦᠷᠬᠦ ᠳᠤ᠂ | ᠴᠡᠴᠡᠭ ᠤᠨ ᠠᠩᠬᠢᠯᠤᠮ᠎ᠠ ᠦᠨᠦᠷ ᠬᠠᠩᠬᠤᠯᠵᠤ᠂ ᠤᠳᠪᠠᠯᠠ ᠲᠡᠬᠦᠵᠦ ᠪᠠᠶᠢᠭ᠎ᠠ ᠲᠣᠰᠬᠤᠨ ᠤ ᠠᠷᠠᠳ ᠤᠨ ᠴᠢᠷᠠᠢ ᠳᠤ | ᠡᠯᠪᠡᠭ ᠬᠤᠷᠢᠶᠠᠯᠳᠡ ᠶᠢᠨ ᠪᠠᠶᠡᠷ ᠪᠠᠶᠠᠰᠣᠯ ᠲᠦᠭᠦᠷᠡᠩ ᠪᠠᠶᠢᠯ᠎ᠠ᠃ | | | | | ᠣᠶᠢᠷ᠎ᠠ ᠶᠢᠨ ᠵᠢᠯ ᠠᠴᠠ ᠨᠠᠰᠢ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ ᠲᠤᠬᠠᠶ ᠶᠢᠨ ᠭᠠᠵᠠᠷ ᠤᠨ | ᠪᠠᠶᠢᠭᠠᠯᠢ ᠶᠢᠨ ᠣᠷᠴᠢᠨ ᠲᠣᠭᠤᠷᠢᠨ ᠤ ᠳᠠᠪᠠᠭᠤᠯᠢᠭ ᠲᠤ ᠲᠦᠰᠢᠭᠯᠡᠨ ᠴᠠᠰᠦᠨ ᠤᠳᠪᠠᠯᠠ ᠳᠠᠷᠢᠬᠤ ᠠᠵᠤ ᠦᠢᠯᠡᠰ ᠢ | ᠬᠥᠭᠵᠢᠭᠦᠯᠵᠦ᠂ ᠬᠥᠭᠵᠢᠯᠲᠡ ᠶᠢᠨ ᠬᠡᠪ ᠵᠠᠭᠪᠤᠷ ᠤᠨ ᠲᠠᠯ᠎ᠠ ᠪᠠᠷ ︽ᠬᠤᠷᠰᠢᠶᠠᠵᠢᠯ + ᠲᠠᠷᠢᠶᠠᠴᠢᠨ ᠡᠷᠦᠬᠡ︾ ᠶᠢᠨ | ᠠᠵᠤ ᠦᠢᠯᠡᠰ ᠢ ᠬᠤᠯᠪᠣᠭᠠᠯᠠᠬᠤ ᠬᠡᠪ ᠵᠠᠭᠪᠤᠷ ᠢ ᠠᠪᠴᠤ᠂ ᠲᠠᠷᠢᠶᠠᠴᠢᠨ ᠡᠷᠦᠬᠡ ᠶᠢ ᠲᠠᠶᠢᠴᠢᠯᠠᠨ ᠴᠠᠰᠦᠨ | ᠤᠳᠪᠠᠯᠠ ᠶᠢᠨ ᠴᠢᠬᠢ ᠪᠤᠶᠢᠵᠢᠭᠤᠯᠬᠤ᠂ ᠬᠤᠷᠢᠶᠠᠵᠦ ᠠᠪᠬᠤ᠂ ᠡᠳ᠋ᠰᠢᠭᠦᠯᠬᠦ᠂ ᠪᠣᠭᠤᠳᠠᠯᠯᠠᠬᠤ᠂ ᠪᠣᠷᠣᠯᠠᠭᠤᠯᠬᠤ ᠶᠢ | ᠨᠢᠭᠡ ᠴᠣᠭᠴᠠᠵᠢᠭᠤᠯᠤᠭᠰᠠᠨ ᠴᠠᠰᠤᠨ ᠤᠳᠪᠠᠯᠠ ᠳᠠᠷᠢᠵᠤ ᠡᠳ᠋ᠰᠢᠭᠦᠯᠬᠦ ᠲᠥᠷᠥᠯ ᠵᠦᠢᠯ ᠤᠨ ᠰᠠᠭᠤᠷᠢᠨ ᠭᠠᠵᠠᠷ ᠢ | ᠪᠠᠶᠢᠭᠤᠯᠵᠤ᠂ ᠪᠣᠶᠢᠵᠢᠭᠤᠯᠣᠨᠨᠰᠠᠨ ᠴᠠᠰᠦᠨ ᠤᠳᠪᠠᠯᠠ ᠶᠢᠨ ᠴᠢᠬᠢ ᠶᠢ ᠦᠨ᠎ᠡ ᠲᠥᠯᠥᠪᠦᠷᠢ ᠥᠬᠡᠶ ᠪᠠᠷ ᠲᠣᠰᠬᠤᠨ ᠤ | ᠠᠷᠠᠳ ᠲᠤ ᠬᠠᠩᠭᠠᠵᠤ᠂ ᠰᠦᠢᠳᠭᠡᠯ ᠬᠤᠷᠢᠶᠠᠬᠤ ᠥᠬᠡᠶ ᠪᠠᠷ ᠲᠡᠳᠡᠨ ᠳᠤ ᠳᠠᠷᠢᠵᠤ ᠤᠷᠭᠤᠭᠤᠯᠬᠤ ᠮᠡᠷᠭᠡᠵᠢᠯ ᠤᠨ | ᠵᠢᠯᠣᠭᠤᠳᠣᠯᠭ᠎ᠠ ᠪᠠ ᠦᠢᠯᠡᠴᠢᠯᠡᠭᠡ ᠬᠢᠳᠡᠭ᠃ | | | | | ᠡᠨᠡ ᠵᠢᠯ ᠪᠡᠭᠡᠵᠢᠩ ᠥᠪᠥᠷ ᠮᠣᠩᠭᠤᠯ ᠤᠨ ᠬᠠᠮᠵᠢᠯᠴᠡᠨ ᠲᠡᠳᠬᠦᠬᠦ ᠲᠥᠷᠥ ᠶᠢᠨ ᠪᠣᠳᠣᠯᠭ᠎ᠠ ᠶᠢᠨ | ᠬᠠᠪᠰᠤᠷᠤᠯᠭ᠎ᠠ ᠳᠣᠤᠷ᠎ᠠ᠂ ᠬᠥᠬᠡᠪᠦᠷ ᠪᠠᠯᠭᠠᠰᠤᠨ ᠤ ᠷᠦ᠋ ᠴᠢᠣᠸᠠᠨ ᠲᠣᠰᠬᠤᠨ ᠪᠣᠯᠤᠨ ᠵᠡᠭᠡᠷᠡᠲᠦ ᠬᠤᠲᠠ | ᠪᠠᠯᠭᠠᠰᠤᠨ ᠳᠤ ᠨᠡᠶᠢᠲᠡ 80 ᠭᠠᠷᠤᠶ ᠮᠥ ᠴᠠᠰᠤᠨ ᠤᠳᠪᠠᠯᠠ ᠳᠠᠷᠢᠵᠤ᠂ ᠳᠤᠮᠳᠠᠴᠢ ᠪᠠᠷ ᠡᠳᠦᠷ ᠪᠦᠷᠢ 300 | ᠭᠠᠷᠤᠶ ᠬᠥᠮᠦᠨ ︵ᠬᠥᠯᠥᠰᠥᠨ ᠠᠵᠢᠯᠴᠢᠨ︶ ᠢ ᠳᠠᠶᠢᠴᠢᠯᠠᠵᠤ᠂ ᠬᠤᠷᠰᠢᠶᠠᠵᠢᠯ ᠤᠨ ᠲᠤᠰᠬᠠᠶ ᠬᠠᠷᠢᠭᠤᠴᠠᠯᠭᠠᠳᠡᠨ | ᠲᠤᠬᠠᠶ ᠶᠢᠨ ᠭᠠᠵᠠᠷ ᠤᠨ ᠲᠠᠷᠢᠶᠠᠴᠢᠨ ᠡᠷᠦᠬᠡ ᠳᠤ ᠰᠦᠢᠳᠭᠡᠯ ᠬᠤᠷᠢᠶᠠᠬᠤ ᠥᠬᠡᠶ ᠪᠠᠷ ᠳᠠᠷᠢᠬᠤ ᠮᠡᠷᠭᠡᠵᠢᠯ ᠤᠨ | ᠵᠢᠯᠣᠭᠤᠳᠣᠯᠭ᠎ᠠ ᠵᠢᠴᠢ ᠦᠢᠯᠡᠴᠢᠯᠡᠭᠡ ᠬᠠᠩᠭᠠᠵᠤ᠂ ᠲᠡᠳᠡᠨ ᠢ ᠬᠥᠲᠥᠯᠦᠨ ᠵᠢᠯᠣᠭᠤᠳᠣᠨ ᠰᠢᠨᠵᠢᠯᠡᠬᠦ ᠤᠬᠠᠭᠠᠨᠴᠢ ᠪᠠᠷ | ᠳᠠᠷᠢᠵᠤ ᠠᠷᠠᠴᠢᠯᠠᠭᠤᠯᠤᠨ᠂ ᠨᠢᠭᠡᠳᠦᠯᠲᠡᠶ ᠬᠤᠷᠢᠶᠠᠨ ᠠᠪᠴᠦ᠂ ᠡᠳ᠋ᠰᠢᠭᠦᠯᠬᠦ᠂ ᠪᠣᠭᠤᠳᠠᠯᠯᠠᠬᠤ᠂ ᠪᠣᠷᠣᠯᠠᠭᠤᠯᠬᠤ | ᠠᠷᠭ᠎ᠠ ᠵᠠᠮ ᠢᠶᠠᠨ ᠥᠷᠭᠡᠳᠬᠡᠬᠦ ᠪᠠᠷ ᠳᠠᠮᠵᠢᠭᠤᠯᠤᠨ ᠪᠦᠳᠦᠭᠡᠭᠳᠡᠬᠦᠨ ᠤ ᠨᠡᠮᠡᠯᠲᠡ ᠥᠷᠲᠡᠭ ᠢ ᠳᠡᠭᠡᠭᠰᠢᠯᠡᠭᠦᠯᠵᠦ᠂ | ᠡᠨᠡ ᠬᠦ ᠰᠢᠨ᠎ᠡ ᠪᠠᠷ ᠬᠥᠭᠵᠢᠭᠰᠡᠨ ᠠᠵᠤ ᠦᠢᠯᠡᠰ ᠳᠤᠮᠳᠠ ᠠᠴᠠ ᠲᠠᠷᠢᠶᠠᠴᠢᠨ ᠡᠷᠦᠬᠡ ᠳᠤ ᠦᠨᠡᠨ ᠪᠣᠳᠠᠲᠠᠶ ᠠᠰᠢᠭ | ᠬᠦᠷᠲᠡᠭᠡᠪᠡ᠃ | | | | | ᠡᠨᠡ ᠵᠢᠯ ᠲᠠᠷᠢᠮᠠᠯ ᠤᠨ ᠲᠠᠯᠠᠪᠠᠢ ᠶᠢ ᠲᠠᠰᠤᠷᠠᠯᠲᠠ ᠦᠭᠡᠢ ᠥᠷᠭᠡᠳᠬᠡᠬᠦ ᠶᠢᠨ ᠬᠠᠮᠲᠤ᠂ ᠬᠤᠷᠰᠢᠶᠠᠵᠢᠯ ᠨᠢ | ᠪᠠᠰᠠ ᠤᠳᠪᠠᠯᠠ ᠴᠡᠴᠡᠭ ᠤᠨ ᠲᠠᠷᠢᠮᠠᠯ ᠤᠨ ᠲᠦᠷᠦᠯ ᠵᠦᠢᠯ ᠢ ᠲᠤᠬᠢᠷᠠᠭᠤᠯᠤᠨ ᠰᠢᠯᠢᠳᠡᠭᠵᠢᠭᠦᠯᠬᠦ᠂ | ᠦᠢᠯᠡᠳᠪᠦᠷᠢᠯᠡᠯ ᠤᠨ ᠱᠤᠭᠤᠮ ᠢ ᠨᠠᠷᠢᠯᠢᠭ ᠡᠳ᠋ᠰᠢᠭᠦᠯᠬᠦ ᠪᠠᠷ ᠲᠠᠮᠵᠢᠭᠤᠯᠣᠨ᠂ ᠤᠳᠪᠠᠯᠠ ᠴᠡᠴᠡᠭ ᠤᠨ ᠨᠠᠷᠢᠯᠢᠭ | ᠡᠳ᠋ᠰᠢᠭᠦᠯᠦᠭᠰᠡᠨ ᠪᠦᠳᠦᠭᠡᠭᠳᠡᠬᠦᠨ ᠤ ᠦᠢᠯᠡᠳᠴᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠤᠨᠴᠠᠯᠢᠬᠳᠤ | ᠲᠦᠷᠦᠯ ᠲᠡᠮᠳᠡᠭ ᠢ ᠡᠭᠦᠳᠴᠦ᠂ ᠤᠳᠪᠠᠯᠠ ᠴᠡᠴᠡᠭ ᠤᠨ ᠨᠡᠮᠡᠯᠲᠡ ᠦᠷᠳᠡᠭ ᠢ ᠳᠡᠭᠡᠭᠰᠢᠯᠡᠭᠦᠯᠵᠦ᠂ ᠠᠵᠤ | ᠦᠢᠯᠡᠰ ᠤᠨ ᠦᠷ᠎ᠡ ᠠᠰᠢᠭ ᠢ ᠨᠡᠮᠡᠭᠳᠡᠬᠦᠯᠪᠡ᠃ | | | | | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠠᠵᠤ ᠦᠢᠯᠡᠰ ᠢ ᠡᠷᠬᠡᠪᠰᠢ ᠤᠷᠢᠳᠠᠪᠠᠷ | ᠬᠥᠭᠵᠢᠭᠦᠯᠵᠦ᠂ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠪᠣᠯ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠤᠨ᠎ᠠ᠃ ᠴᠠᠬᠠᠷ ᠪᠠᠷᠠᠭᠤᠨ ᠭᠠᠷᠤᠨ ᠳᠤᠮᠳᠠᠳᠤ | ᠬᠤᠰᠢᠭᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠪᠠᠷ ᠠᠵᠠ | ᠲᠣᠬᠢᠶᠠᠯ ᠪᠣᠯᠭᠠᠵᠤ᠂ ᠲᠠᠷᠢᠶᠠᠯᠠᠩ ᠤᠨ ᠠᠵᠤ ᠦᠢᠯᠡᠰ ᠤᠨ ᠪᠦᠲᠦᠴᠡ ᠶᠢ ᠢᠳᠡᠪᠬᠢᠲᠡᠶ ᠲᠣᠬᠢᠷᠠᠭᠤᠯᠵᠤ᠂ ᠺᠦᠨᠯᠦ᠋ᠨ | ᠠᠭᠤᠯᠠᠨ ᠤ ᠴᠠᠰᠦᠨ ᠤᠳᠪᠠᠯᠠ᠂ ᠪᠠᠭᠪᠠᠭᠠᠶ ᠴᠡᠴᠡᠭ᠂ ᠦᠯᠵᠡᠶᠢᠳᠦ ᠤᠳᠪᠠᠯᠠ ᠵᠡᠷᠭᠡ ᠤᠨᠴᠠᠯᠢᠬᠳᠤ ᠲᠠᠷᠢᠶᠠᠯᠠᠩ ᠢ | ᠶᠡᠬᠡᠪᠡᠷ ᠬᠥᠭᠵᠢᠭᠦᠯᠵᠦ᠂ ︽ ᠬᠤᠷᠰᠢᠶᠠᠵᠢᠯ + ᠲᠠᠷᠢᠶᠠᠴᠢᠨ ᠡᠷᠦᠬᠡ︾ ᠶᠢᠨ ᠬᠡᠪ ᠵᠠᠭᠪᠤᠷ ᠢᠶᠠᠷ ᠳᠠᠮᠵᠢᠭᠤᠯᠤᠨ | ᠤᠨᠴᠠᠯᠢᠬᠳᠤ ᠠᠵᠤ ᠦᠢᠯᠡᠰ ᠢ ᠰᠢᠯᠢᠳᠡᠭᠵᠢᠭᠦᠯᠦᠨ ᠪᠤᠵᠠᠭᠠᠶᠢᠷᠠᠭᠤᠯᠵᠤ᠂ ᠣᠯᠠᠨ ᠲᠦᠮᠡᠨ ᠢ ᠳᠠᠶᠢᠴᠢᠯᠠᠨ ᠪᠠᠶᠠᠵᠢᠨ | ᠴᠢᠨᠡᠬᠡᠯᠢᠭᠵᠢᠬᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠠᠮᠢᠵᠢᠷᠠᠯ ᠤᠨ ᠬᠦᠴᠦᠨ | ᠨᠠᠮᠡᠷᠢᠯᠡᠨ᠎ᠡ᠃ | ᠣᠳᠣᠬᠠᠨ ᠳᠤ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ ᠠᠵᠤ ᠦᠢᠯᠡᠰ ᠤᠨ ᠪᠦᠲᠦᠴᠡ ᠪᠠᠨ | ᠢᠳᠡᠪᠬᠢᠲᠡᠢ ᠲᠣᠬᠢᠷᠠᠭᠤᠯᠵᠤ᠂ ᠲᠣᠰᠬᠤᠨ ᠤ ᠠᠷᠠᠳ ᠢ ᠬᠥᠲᠥᠯᠥᠨ ᠵᠢᠯᠣᠭᠤᠳᠴᠤ ᠪᠠᠶᠢᠭᠠᠳ ᠭᠠᠵᠠᠷ ᠣᠷᠣᠨ ᠤ | ᠪᠠᠶᠢᠳᠠᠯ ᠳᠠᠭᠠᠨ ᠲᠤᠬᠢᠷᠠᠭᠤᠯᠤᠨ ᠣᠨᠴᠠᠯᠢᠭᠲᠤ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠴᠠᠰᠦᠨ ᠤᠳᠪᠠᠯᠠ | ᠵᠡᠷᠭᠡ ᠠᠵᠤ ᠠᠬᠤᠢ ᠶᠢᠨ ᠦᠨ᠎ᠡ ᠥᠷᠲᠡᠭ ᠢᠶᠠᠷ ᠥᠨᠳᠥᠷ ᠲᠠᠷᠢᠮᠠᠯ ᠲᠠᠷᠢᠵᠤ᠂ ᠲᠣᠰᠬᠤᠨ ᠤ ᠠᠷᠠᠳ ᠤᠨ ᠠᠰᠢᠭ | ᠣᠷᠣᠯᠭ᠎ᠠ ᠶᠢ ᠨᠡᠮᠡᠭᠳᠡᠬᠦᠯᠪᠡ᠃ | | ᠣᠷᠴᠢᠭᠤᠯᠣᠨ ᠨᠠᠶᠢᠷᠠᠭᠤᠯᠣᠨᠨᠴᠢ᠄ ᠭᠧ ᠲᠣᠸᠠᠨ ᠯᠢᠶᠡᠨ | | |