ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠮᠲᠠᠲᠤ ᠬᠡᠮᠬᠡ᠂ ᠲᠠᠷᠪᠤᠰ ᠡᠯᠪᠡᠭ ᠬᠤᠷᠢᠶᠠᠯᠲᠠ ᠣᠯᠪᠠ
ᠨᠡᠶᠢᠲᠡᠯᠡᠭᠰᠡᠨ ᠴᠠᠭ᠄
2023/8/14
                       ᠣᠳᠣᠬᠠᠨ ᠳᠤ ᠶᠠᠭ ᠲᠠᠷᠪᠤᠰ᠂ ᠠᠮᠲᠠᠲᠤ ᠬᠡᠮᠬᠡ ᠶᠢᠨ ᠪᠣᠯᠪᠠᠰᠣᠷᠠᠬᠤ ᠬᠤᠭᠤᠴᠠᠭ᠎ᠠ ᠬᠦᠷᠴᠦ ᠢᠷᠡᠯ᠎ᠡ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠰᠤᠲᠤ ᠪᠠᠯᠭᠠᠰᠤᠨ ᠤ ᠲᠠᠷᠪᠤᠰ᠂ ᠠᠮᠲᠠᠲᠤ ᠬᠡᠮᠬᠡ ᠡᠯᠪᠡᠭ ᠬᠤᠷᠢᠶᠠᠯᠲᠠ ᠣᠯᠵᠤ᠂ ᠲᠤᠬᠠᠶ ᠶᠢᠨ ᠭᠠᠵᠠᠷ ᠤᠨ ᠲᠠᠷᠢᠶᠠᠴᠢᠳ ᠶᠠᠭ ᠲᠡᠭᠦᠵᠦ ᠵᠠᠬ᠎ᠠ ᠳᠡᠯᠭᠡᠭᠦᠷ ᠲᠤ ᠪᠣᠷᠣᠯᠠᠭᠤᠯᠵᠤ ᠪᠠᠶᠢᠨ᠎ᠠ᠃

     ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠰᠤᠲᠤ ᠪᠠᠯᠭᠠᠰᠤᠨ ᠤ ᠭᠤᠸᠠ ᠶᠢᠨ ᠲᠠᠷᠢᠶᠠᠨ ᠳᠤ

ᠬᠦᠷᠬᠦ ᠳᠤ᠂ ᠵᠢᠮᠢᠰ ᠤᠨ ᠦᠨᠦᠷ ᠬᠠᠩᠬᠤᠯᠵᠤ᠂ ᠲᠠᠷᠢᠶᠠᠴᠢᠳ ᠤᠨ ᠴᠢᠷᠠᠢ ᠳᠤ  ᠪᠠᠶᠡᠷ ᠤᠨ ᠢᠨᠢᠶᠡᠳᠣ ᠪᠢᠯᠬᠠᠵᠦ

ᠪᠠᠶᠢᠯ᠎ᠠ᠃

      ᠤᠢᠢᠷ᠎ᠠ ᠶᠢᠨ ᠵᠢᠯ ᠠᠴᠠ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠰᠤᠲᠤ ᠪᠠᠯᠭᠠᠰᠤ ᠭᠠᠵᠠᠷ

ᠣᠷᠣᠨ ᠤ ᠪᠠᠶᠢᠳᠠᠯ ᠳᠠᠭᠠᠨ ᠲᠤᠬᠢᠷᠠᠭᠤᠯᠵᠤ᠂ ᠲᠠᠷᠢᠶᠠᠴᠢᠨ ᠡᠷᠦᠬᠡ ᠶᠢ ᠬᠦᠳᠦᠯᠦᠨ ᠵᠢᠯᠣᠭᠤᠳᠴᠤ ᠠᠮᠲᠠᠲᠤ ᠬᠡᠮᠬᠡ᠂

ᠲᠠᠷᠪᠤᠰ ᠵᠡᠷᠭᠡ ᠤᠨᠴᠠᠯᠢᠬᠳᠤ ᠵᠢᠮᠢᠰ ᠲᠠᠷᠢᠭᠤᠯᠪᠠ᠃ ᠡᠭᠦᠨ ᠤ ᠬᠠᠮᠲᠤ᠂ ᠲᠠᠷᠢᠶᠠᠯᠠᠩ ᠤᠨ ᠪᠦᠲᠦᠴᠡ ᠶᠢᠨ

ᠲᠣᠬᠢᠷᠠᠭᠤᠯᠤᠯᠲᠠ ᠶᠢᠨ ᠳᠤᠮᠳᠠ᠂ ᠲᠠᠷᠢᠶᠠᠴᠢᠳ ᠤᠨ ᠵᠠᠬ᠎ᠠ ᠳᠡᠯᠭᠡᠭᠦᠷ ᠤᠨ ᠪᠠᠶᠢᠳᠠᠯ ᠢ ᠣᠨᠣᠪᠴᠢᠲᠠᠶ ᠠᠳᠬᠤᠬᠤ ᠶᠢ

ᠵᠣᠷᠢᠭᠵᠢᠭᠤᠯᠵᠤ᠂ ᠤᠯᠠᠭᠠᠨ ᠯᠤᠤᠪᠠᠩ᠂ ᠠᠮᠲᠠᠲᠤ ᠬᠡᠮᠬᠡ᠂ ᠲᠠᠷᠪᠤᠰ ᠵᠡᠷᠭᠡ ᠴᠢᠨᠠᠷ ᠰᠠᠶᠢᠲᠠᠶ ᠢᠳᠡᠰᠢᠨ ᠨᠣᠭᠤᠭ᠎ᠠ

ᠭᠤᠸᠠ ᠵᠢᠮᠢᠰ ᠢ ᠠᠰᠢᠭᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠪᠡ᠃

      ᠤᠰᠤᠲᠤ ᠪᠠᠯᠭᠠᠰᠤᠨ ᠤ ᠭᠤᠸᠠ ᠵᠢᠮᠢᠰ ᠤᠨ ᠠᠵᠤ ᠦᠢᠯᠡᠰ ᠲᠠᠰᠤᠷᠠᠯᠲᠠ ᠥᠬᠡᠶ ᠬᠥᠭᠵᠢᠨ ᠪᠤᠵᠠᠭᠠᠶᠢᠷᠠᠵᠤ

᠂ ᠡᠨᠡ ᠵᠢᠯ ᠭᠤᠷᠪᠠᠨ ᠵᠠᠭᠤ ᠬᠤᠷᠢᠨ ᠮᠥ ᠠᠮᠳᠠᠳᠣ ᠬᠡᠮᠬᠡ᠂ ᠬᠤᠶᠠᠷ ᠵᠠᠭᠤ ᠭᠠᠷᠤᠶ ᠮᠥ ᠲᠠᠷᠪᠤᠰ ᠳᠠᠷᠢᠵᠤ᠂

ᠶᠡᠷᠦᠩᠬᠡᠶ ᠭᠠᠷᠤᠯᠲᠠ ᠨᠢ ᠬᠤᠶᠠᠷ ᠵᠠᠭᠤ ᠭᠠᠷᠤᠶ ᠲᠦᠮᠡᠨ ᠵᠢᠩ᠂ ᠵᠢᠱᠢᠯᠲᠡ ᠪᠠᠷ ᠶᠡᠷᠦᠩᠬᠡᠶ ᠣᠷᠣᠯᠭ᠎ᠠ ᠨᠢ ᠲᠠᠪᠤᠨ

ᠵᠠᠭᠤᠨ ᠲᠦᠮᠡᠨ ᠲᠥᠭᠦᠷᠢᠭ ᠲᠤ ᠬᠦᠷᠦᠨ᠎ᠡ᠃ ᠤᠶᠢᠷ᠎ᠠ ᠳᠤ᠂ ᠭᠤᠸᠠ ᠲᠠᠷᠢᠬᠴᠢᠳ ᠶᠠᠭ ᠬᠦᠷ ᠬᠥᠭᠵᠢᠶᠡᠨ ᠲᠠᠢ

ᠲᠡᠭᠦᠬᠦ ᠪᠠ ᠵᠥᠭᠡᠭᠡᠪᠦᠷᠢᠯᠡᠬᠦ ᠪᠠᠷ ᠶᠠᠭᠠᠷᠠᠵᠤ᠂ ᠲᠠᠷᠢᠶᠠᠨ ᠭᠠᠵᠠᠷ ᠲᠤ ᠡᠯᠪᠡᠭ ᠬᠤᠷᠢᠶᠠᠯᠲᠠ ᠶᠢᠨ ᠪᠠᠶᠢᠳᠠᠯ ᠢᠯᠡᠷᠡᠪᠡ᠃

ᠤᠰᠤᠲᠤ ᠪᠠᠯᠭᠠᠰᠤ ᠲᠤᠰ ᠭᠠᠵᠠᠷ ᠤᠨ ᠪᠣᠳᠠᠲᠤ ᠪᠠᠶᠢᠳᠠᠯ ᠳᠠᠭᠠᠨ ᠰᠠᠭᠤᠷᠢᠯᠠᠵᠤ᠂ ᠤᠨᠴᠠᠯᠢᠬᠳᠤ ᠲᠠᠷᠢᠶᠠᠯᠠᠩ ᠤᠨ

ᠠᠵᠤ ᠦᠢᠯᠡᠰ ᠢ ᠦᠷᠭᠦᠯᠵᠢᠯᠡᠨ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠡᠯᠪᠡᠭ ᠬᠤᠷᠢᠶᠠᠯᠲᠠ ᠣᠯᠵᠦ

ᠭᠠᠷᠤᠯᠲᠠ ᠪᠠᠨ ᠨᠡᠮᠡᠭᠳᠡᠭᠦᠯᠬᠦ ᠶᠢ ᠪᠠᠲᠤᠯᠠᠵᠤ᠂ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠪᠠᠷ ᠬᠥᠳᠡᠭᠡ

ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ᠃

      ᠵᠣᠬᠢᠶ᠋ᠬᠠᠴᠢ᠄  ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ

      ᠣᠷᠴᠢᠭᠤᠯᠣᠨᠨᠴᠢ᠄  ᠭᠧ ᠲᠣᠸᠠᠨ ᠯᠢᠶᠡᠨ

   

 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号