ᠵᠢᠭᠤᠯᠴᠢᠯᠠᠯ ᠤᠨ ᠠᠵᠢᠯ ᠲᠥᠷᠥᠯ ᠤᠨ ᠦᠢᠯᠡᠴᠢᠯᠡᠭᠡᠨ ᠤ ᠶᠠᠪᠤᠴᠠ ᠶᠢ ᠤᠯᠠᠮ ᠨᠢᠭᠡ ᠠᠯᠬᠤᠮ | ᠵᠢᠷᠤᠮᠵᠢᠭᠤᠯᠵᠤ᠂ ᠵᠢᠭᠤᠯᠴᠢᠯᠠᠯ ᠤᠨ ᠬᠦᠯᠢᠶᠡᠨ ᠵᠣᠴᠢᠯᠠᠬᠤ ᠦᠢᠯᠡᠴᠢᠯᠡᠭᠡᠨ ᠤ ᠪᠠᠷᠢᠮᠵᠢᠶ᠎ᠠ ᠪᠠ ᠬᠦᠯᠢᠶᠡᠨ ᠠᠪᠬᠤ | ᠬᠢᠷᠢ ᠬᠡᠮᠵᠢᠶ᠎ᠡ ᠶᠢ ᠲᠠᠰᠤᠷᠠᠯᠲᠠ ᠤᠢᠭᠡᠢ ᠳᠡᠭᠡᠭᠰᠢᠯᠡᠭᠦᠯᠬᠦ ᠶᠢᠨ ᠲᠤᠰᠠᠳᠠ᠂ 8 ᠰᠠᠷ᠎ᠠ ᠶᠢᠨ 1 ᠤ ᠡᠳᠦᠷ᠂ | ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠦᠴᠦᠲᠡᠶ | ᠳᠡᠮᠵᠢᠯᠭᠡ ᠳᠣᠤᠷ᠎ᠠ ᠬᠦᠢᠳᠡᠨᠰᠢᠯᠢ ᠲᠠᠯ᠎ᠠ ᠨᠤᠲᠤᠭ ᠤᠨ ᠤᠷᠠᠨ ᠰᠠᠶᠢᠬᠠᠨ ᠤ ᠲᠣᠭᠯᠠᠭᠴᠢ ᠶᠢᠨ ᠵᠢᠷᠤᠮᠵᠢᠭᠰᠠᠨ | ᠬᠠᠮᠢᠶᠠᠷᠤᠯᠲᠠ ᠶᠢᠨ ᠪᠣᠯᠪᠠᠰᠤᠷᠠᠯ ᠢ ᠡᠷᠭᠢᠯᠡᠪᠡ᠃ ᠲᠣᠰ ᠤᠳᠠᠭᠠᠨ ᠤ ᠪᠣᠯᠪᠠᠰᠤᠷᠠᠯ ᠳᠤ ᠤᠯᠠᠭᠠᠨᠴᠠᠪ ᠬᠤᠲᠠ ᠶᠢᠨ | ᠬᠠᠮ ᠵᠠᠭᠤᠴᠢᠯᠠᠭᠤᠷ ᠤᠨ ᠲᠥᠪ ᠤᠨ ᠳᠡᠳ᠋ ᠡᠷᠬᠢᠯᠡᠭᠴᠢ ᠮᠥᠷᠡᠨ ᠪᠠᠭᠰᠢ ᠶᠢ ᠣᠨᠴᠠ ᠤᠷᠢᠵᠤ᠂ ᠬᠤᠷᠠᠯ ᠢ | ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶᠠᠨ ᠤ ᠳᠡᠳ᠋ ᠲᠣᠪᠴᠢᠶᠠᠨ ᠳᠠᠷᠤᠭ᠎ᠠ ᠵᠠᠩ ᠢᠦᠶ ᠡᠷᠭᠢᠯᠡᠵᠦ᠂ | ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ ᠯᠢᠶᠠᠩ ᠷᠦᠩ᠂ | ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶᠠᠨ ᠤ ᠳᠠᠷᠤᠭ᠎ᠠ ᠯᠢᠦ ᠹᠧᠩ᠂ ᠬᠤᠰᠢᠭᠤᠨ ᠤ ᠰᠣᠶᠣᠯ ᠪᠠ | ᠵᠢᠭᠤᠯᠴᠢᠯᠠᠯ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶᠠᠨ ᠳᠠᠷᠤᠭ᠎ᠠ ᠯᠢᠦ ᡁᠢ | ᠯᠦᠩ ᠵᠢᠴᠢ ᠭᠦᠢᠳᠡᠨᠰᠢᠯᠢ ᠶᠢᠨ ᠦᠵᠡᠮᠵᠢ ᠶᠢᠨ ᠣᠷᠣᠨ ᠤ ᠪᠣᠶ ᠪᠥᠬᠦᠶ ᠲᠣᠭᠯᠠᠭᠴᠢᠳ ᠬᠤᠷᠠᠯ ᠳᠤ ᠣᠷᠣᠯᠴᠠᠪᠠ ᠃ | | | | | | ᠮᠦᠷᠡᠨ ᠪᠠᠭᠰᠢ ᠤᠷᠠᠨ ᠰᠠᠶᠢᠬᠠᠨ ᠤ ᠲᠣᠭᠯᠠᠭᠴᠢ ᠶᠢᠨ ᠠᠵᠢᠯ ᠮᠡᠷᠭᠡᠵᠢᠯ ᠤᠨ ᠬᠡᠪ ᠪᠣᠯᠪᠠᠰᠤᠷᠠᠯ ᠵᠢᠴᠢ | ᠬᠦᠯᠢᠶᠡᠨ ᠠᠪᠬᠤ ᠶᠣᠰᠣᠯᠠᠯ ᠤᠨ ᠠᠵᠢᠯᠯᠠᠭ᠎ᠠ ᠶᠢᠨ ᠵᠢᠷᠤᠮᠵᠢᠯ ᠵᠡᠷᠭᠡ ᠲᠠᠯ᠎ᠠ ᠪᠠᠷ ᠤᠯᠠᠨ ᠳᠤ ᠬᠢᠴᠢᠶᠡᠯ ᠣᠷᠣᠵᠤ᠂ | ᠬᠠᠳᠠᠭ ᠪᠠᠷᠢᠬᠤ ᠠᠷᠭ᠎ᠠ ᠬᠡᠯᠪᠡᠷᠢ᠂ ᠳᠠᠭᠤᠤ ᠬᠥᠭᠵᠢᠮ ᠤᠨ ᠬᠥᠮᠥᠷᠭᠡ ᠶᠢ ᠥᠷᠭᠡᠳᠬᠡᠬᠦ᠂ ᠲᠠᠯ᠎ᠠ ᠨᠤᠲᠤᠭ ᠤᠨ | ᠠᠮᠲᠠᠲᠤ ᠢᠳᠡᠭᠡᠨ ᠤ ᠰᠣᠶᠣᠯ ᠵᠡᠷᠭᠡ ᠲᠠᠯ᠎ᠠ ᠶᠢᠨ ᠬᠠᠮᠢᠶ᠎ᠠ ᠪᠦᠬᠦᠢ ᠮᠡᠳᠡᠯᠭᠡ ᠶᠢ ᠶᠠᠷᠢᠵᠤ᠂ ᠰᠢᠯᠢᠳᠡᠭ | ᠦᠨᠳᠦᠰᠦᠲᠡᠨ ᠤ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠵᠤ᠂ ᠡᠷᠬᠢᠮ ᠳᠡᠭᠡᠳᠦ ᠠᠵᠢᠯ ᠮᠡᠷᠭᠡᠵᠢᠯ ᠤᠨ | ᠬᠡᠪ ᠰᠤᠷᠲᠠᠯ᠂ ᠰᠠᠶᠢᠨ ᠰᠠᠶᠢᠬᠠᠨ ᠨᠡᠶᠢᠭᠡᠮ ᠤᠨ ᠳᠦᠷᠢ ᠲᠥᠷᠬᠦ ᠪᠠᠷ ᠲᠠᠯ᠎ᠠ ᠨᠤᠲᠤᠭ ᠤᠨ ᠵᠤᠭᠠᠴᠠᠭᠰᠠᠳ ᠢ | ᠬᠦᠯᠢᠶᠡᠨ ᠠᠪᠬᠤ ᠶᠢ ᠤᠷᠢᠶᠠᠯᠠᠪᠠ᠃ | ᠯᠢᠦ ᡁᠢ ᠯᠦᠩ ᠵᠢᠭᠤᠯᠴᠢᠯᠠᠯ ᠤᠨ ᠬᠠᠮᠢᠶᠠᠷᠤᠯᠲᠠ᠂ ᠵᠢᠭᠤᠯᠴᠢᠯᠠᠯ ᠤᠨ ᠦᠢᠯᠡᠴᠢᠯᠡᠭᠡ ᠵᠡᠷᠭᠡ ᠬᠤᠯᠪᠣᠭᠳᠠᠯ | ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠤᠯᠠᠮᠵᠢᠯᠠᠨ ᠰᠤᠷᠤᠯᠴᠠᠵᠤ᠂ ᠬᠠᠤᠯᠢ ᠴᠠᠭᠠᠵᠠ ᠶᠢᠨ ᠤᠬᠠᠮᠰᠠᠷ ᠢᠶᠠᠨ | ᠴᠢᠩᠭᠠᠳᠬᠠᠵᠤ᠂ ᠠᠷᠠᠳ ᠢᠷᠭᠡᠳ ᠤᠨ ᠬᠠᠤᠯᠢ ᠶᠣᠰᠣᠨ ᠤ ᠡᠷᠬᠡ ᠠᠰᠢᠭ ᠪᠠ ᠵᠢᠭᠤᠯᠴᠢᠯᠠᠯ ᠤᠨ ᠵᠠᠬ᠎ᠠ | ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠪᠠ᠃ | ᠲᠣᠰ ᠤᠳᠠᠭᠠᠨ ᠤ ᠪᠣᠯᠪᠠᠰᠤᠷᠠᠯ ᠨᠢ ᠬᠦᠢᠲᠡᠨᠰᠢᠯᠢ ᠶᠢᠨ ᠦᠵᠡᠮᠵᠢ ᠶᠢᠨ ᠣᠷᠣᠨ ᠤ ᠤᠳᠬ᠎ᠠ ᠤᠷᠠᠯᠢᠭ ᠤᠨ | ᠵᠣᠬᠢᠶᠠᠨ ᠪᠦᠲᠦᠭᠡᠬᠦ ᠪᠠ ᠲᠣᠭᠯᠠᠯᠲᠠ ᠭᠠᠷᠭᠠᠬᠤ ᠲᠠᠯ᠎ᠠ ᠪᠠᠷ ᠤᠯᠠᠮ ᠨᠢᠭᠡ ᠠᠯᠬᠤᠮ ᠪᠠᠷᠢᠮᠵᠢᠶᠠᠵᠢᠭᠤᠯᠤᠨ | ᠵᠢᠷᠤᠮᠵᠢᠭᠤᠯᠵᠤ᠂ ᠣᠯᠠᠨ ᠤ ᠤᠯᠤᠰ ᠲᠥᠷᠥ ᠦᠵᠡᠯ ᠰᠠᠨᠠᠭᠠᠨ ᠤ ᠤᠬᠠᠮᠰᠠᠷ ᠪᠠ ᠶᠣᠰᠣ ᠮᠣᠷᠠᠯ ᠤᠷᠠᠯᠢᠭ ᠤᠨ ᠬᠡᠪ | ᠪᠣᠯᠪᠠᠰᠤᠷᠠᠯ ᠤᠨ ᠤᠬᠠᠮᠰᠠᠷ ᠢ ᠦᠨᠡᠨ ᠬᠦ ᠳᠡᠭᠡᠭᠰᠢᠯᠡᠭᠦᠯᠵᠦ᠂ ᠦᠭᠡ ᠶᠠᠷᠢᠶ᠎ᠠ ᠦᠢᠯᠡ ᠠᠵᠢᠯᠯᠠᠭ᠎ᠠ ᠶᠢ | ᠵᠢᠷᠤᠮᠵᠢᠭᠤᠯᠬᠤ᠂ ᠬᠢᠵᠠᠭᠠᠷᠯᠠᠨ ᠰᠡᠷᠡᠮᠵᠢᠯᠡᠭᠦᠯᠬᠦ ᠦᠢᠯᠡᠳᠦᠯ ᠦᠵᠡᠭᠦᠯᠬᠦ ᠪᠣᠯᠤᠨ᠎ᠠ᠃ ᠰᠤᠷᠤᠭᠴᠢᠳ ᠤᠨ ᠲᠤᠰᠬᠠᠶ | ᠮᠡᠷᠭᠡᠵᠢᠯ ᠤᠨ ᠬᠢᠷᠢ ᠲᠦᠪᠰᠢᠨ ᠪᠠ ᠤᠷᠠᠯᠢᠭ ᠤᠨ ᠪᠣᠯᠪᠠᠰᠤᠷᠠᠯ ᠢ ᠳᠡᠭᠡᠭᠰᠢᠯᠡᠭᠦᠯᠬᠦ ᠪᠠᠷ ᠳᠠᠮᠵᠢᠨ᠂ ᠮᠠᠨ ᠤ | ᠬᠤᠰᠢᠭᠤᠨ ᠤ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠬᠢᠷᠢ ᠲᠦᠪᠰᠢᠨ ᠢ ᠲᠠᠰᠤᠷᠠᠯᠲᠠ ᠦᠭᠡᠢ | ᠳᠡᠭᠡᠭᠰᠢᠯᠡᠭᠦᠯᠵᠦ᠂ ᠨᠠᠩ ᠣᠯᠠᠨ ᠳᠠᠯᠳᠠ ᠬᠦᠴᠦᠨ ᠲᠠᠢ ᠲᠣᠭᠯᠠᠯᠲᠠ ᠶᠢᠨ ᠴᠢᠳᠠᠪᠤᠷᠢᠲᠠᠨ ᠢ ᠬᠥᠮᠦᠵᠢᠭᠦᠯᠵᠦ᠂ | ᠵᠤᠭᠠᠴᠠᠭᠰᠠᠳ ᠲᠤ ᠨᠠᠩ ᠰᠠᠶᠢᠨ ᠰᠣᠶᠣᠯ ᠤᠷᠠᠯᠢᠭ ᠤᠨ ᠪᠦᠲᠦᠭᠡᠯ ᠬᠠᠩᠭᠠᠵᠤ᠂ ᠬᠦᠢᠲᠡᠨᠰᠢᠯᠢ ᠶᠢᠨ ᠦᠵᠡᠮᠵᠢ ᠶᠢᠨ | ᠣᠷᠣᠨ ᠤ ᠵᠤᠭᠠᠴᠠᠯ ᠤᠨ ᠦᠢᠯᠡᠰ ᠤᠨ ᠴᠡᠴᠡᠭᠯᠡᠨ ᠬᠥᠭᠵᠢᠬᠦ ᠶᠢ ᠬᠦᠴᠦᠯᠡᠨ ᠠᠭᠢᠭᠤᠯᠤᠨ᠎ᠠ᠃ | | ᠵᠣᠬᠢᠶᠠᠭᠴᠢ᠄ ᠵᠣᠣ ᠰᠢᠨ ᠷᠠᠨ | ᠣᠷᠴᠢᠭᠤᠯᠣᠨᠨᠴᠢ᠄ ᠬᠠᠶᠢᠷᠬᠠᠨ | |