| ᠡᠨᠡ ᠵᠢᠯ ᠠᠴᠠ ᠨᠠᠰᠢ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ ᠵᠢᠭᠤᠯᠴᠢᠯᠠᠯ ᠤᠨ ᠵᠠᠬ᠎ᠠ | ᠳᠡᠯᠭᠡᠭᠦᠷ ᠤᠨ ᠬᠠᠤᠯᠢ ᠬᠡᠷᠡᠭᠵᠢᠭᠦᠯᠦᠯᠲᠡ ᠶᠢ ᠦᠷᠭᠦᠯᠵᠢᠯᠡᠨ ᠴᠢᠩᠭᠠᠳᠬᠠᠵᠤ᠂ ᠮᠠᠨ ᠤ ᠬᠤᠰᠢᠭᠤᠨ ᠤ | ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠤᠯᠠᠮ ᠨᠢᠭᠡ ᠠᠯᠬᠤᠮ ᠵᠢᠷᠤᠮᠵᠢᠭᠤᠯᠵᠤ᠂ | ᠵᠤᠭᠠᠴᠠᠭᠰᠠᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠵᠢᠭᠤᠯᠴᠢᠯᠠᠯ ᠤᠨ ᠦᠢᠯᠡᠰ ᠲᠤ ᠰᠠᠶᠢᠨ | ᠰᠠᠶᠢᠬᠠᠨ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠣᠶ ᠪᠣᠯᠭᠠᠵᠤ ᠥᠭᠴᠡᠶ᠃ 8 ᠰᠠᠷ᠎ᠠ ᠶᠢᠨ 7 ᠤ ᠡᠳᠦᠷ᠂ | ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠲᠣᠪᠴᠢᠶ᠎ᠠ ᠦᠵᠡᠮᠵᠢ ᠶᠢᠨ ᠣᠷᠣᠨ ᠤ ᠰᠡᠭᠦᠳᠡᠷᠯᠡᠬᠦ ᠲᠤᠬᠠᠶᠢᠯᠠᠭᠰᠠᠨ ᠠᠵᠢᠯ ᠤᠨ ᠬᠠᠤᠯᠢ ᠲᠣᠭᠲᠠᠭᠠᠯ ᠠᠴᠠ | ᠵᠥᠷᠢᠴᠡᠭᠰᠡᠨ ᠡᠵᠡᠩᠨᠡᠯᠲᠡ ᠶᠢᠨ ᠦᠢᠯᠡ ᠠᠵᠢᠯᠯᠠᠭ᠎ᠠ ᠶᠢ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢ | ᠭᠤᠤᠯᠳᠠᠯᠭ᠎ᠠ ᠲᠠᠢ ᠥᠷᠨᠢᠭᠦᠯᠪᠡ᠃ | ᠲᠤᠰᠬᠠᠶ ᠠᠵᠢᠯᠯᠠᠭ᠎ᠠ ᠳᠤᠮᠳᠠ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠣᠶᠣᠯ | ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ | ᠲᠠᠪᠤᠨ ᠳᠤᠭᠤᠶᠢᠯᠠᠩ ᠬᠤᠪᠢᠶᠠᠵᠤ᠂ ᠬᠦᠢᠲᠡᠨᠰᠢᠯᠢ ᠶᠢᠨ ᠬᠤᠩᠬᠤᠷ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠤ | ᠲᠣᠭᠲᠠᠭᠠᠯ ᠠᠴᠠ ᠵᠥᠷᠢᠴᠡᠨ ᠰᠡᠭᠦᠳᠡᠷ ᠲᠠᠲᠠᠬᠤ ᠲᠤᠬᠠᠶᠢᠯᠠᠭᠰᠠᠨ ᠠᠵᠢᠯ ᠳᠤ ᠲᠤᠰᠬᠠᠶ ᠪᠠᠶᠢᠴᠠᠭᠠᠯᠲᠠ ᠶᠢᠨ ᠠᠵᠢᠯ | ᠥᠷᠨᠢᠭᠦᠯᠵᠦ᠂ ᠡᠵᠡᠩᠨᠡᠯᠲᠡ ᠨᠢ ᠵᠢᠷᠤᠮᠵᠢᠯ ᠦᠭᠡᠢ 8 ᠰᠡᠭᠦᠳᠡᠷᠯᠡᠬᠦ ᠲᠠᠯᠠᠪᠤᠷ ᠢ ᠪᠠᠶᠢᠴᠠᠭᠠᠨ ᠰᠢᠢᠳᠪᠦᠷᠢᠯᠡᠵᠦ᠂ | ᠵᠠᠷᠯᠢᠭᠳᠠᠵᠤ ᠪᠠᠶᠢᠭᠠᠳ ᠴᠡᠭᠴᠡᠯᠡᠨ ᠰᠠᠶᠢᠵᠢᠷᠠᠭᠤᠯᠬᠤ ᠪᠤᠶᠤ ᠠᠵᠢᠯ ᠢ ᠨᠢ ᠵᠣᠭᠰᠣᠭᠠᠵᠤ ᠴᠡᠭᠴᠡᠯᠡᠪᠡ᠃ | ᠡᠭᠦᠨ ᠤ ᠬᠠᠮᠲᠤ᠂ ᠬᠤᠰᠢᠭᠤᠨ ᠤ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠪᠥᠬᠦ ᠬᠤᠰᠢᠭᠤᠨ ᠤ ᠬᠡᠪᠴᠢᠶᠡᠨ ᠳᠤ ᠲᠤᠰᠬᠠᠶ ᠴᠡᠭᠴᠡᠯᠡᠨ | ᠵᠠᠰᠠᠬᠤ ᠠᠵᠢᠯᠯᠠᠭ᠎ᠠ ᠥᠷᠨᠢᠭᠦᠯᠵᠦ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠰᠠᠮᠠᠭᠤᠨ ᠦᠵᠡᠭᠳᠡᠯ ᠢ ᠴᠢᠩᠭ᠎ᠠ | ᠠᠩᠬᠠᠷᠴᠤ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠡᠷᠴᠢᠮ ᠢᠶᠠᠨ ᠤᠯᠠᠮ ᠨᠢᠭᠡ ᠠᠯᠬᠤᠮ | ᠴᠢᠩᠭᠠᠷᠠᠭᠤᠯᠵᠤ᠂ ᠬᠠᠤᠯᠢ ᠬᠡᠷᠡᠭᠵᠢᠭᠦᠯᠬᠦ ᠠᠷᠭ᠎ᠠ ᠮᠠᠶ᠋ᠢᠭ ᠢᠶᠠᠨ ᠲᠠᠰᠤᠷᠠᠯᠲᠠ ᠥᠬᠡᠶ ᠰᠢᠯᠢᠳᠡᠭᠵᠢᠭᠦᠯᠦᠨ᠂ | ᠬᠡᠪᠰᠢᠭᠰᠡᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠡᠯ᠎ᠡ | ᠲᠥᠷᠥᠯ ᠤᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠰᠠᠶᠢᠨ ᠰᠠᠶᠢᠬᠠᠨ ᠣᠷᠴᠢᠨ | ᠲᠣᠭᠤᠷᠢᠨ ᠢ ᠪᠣᠶ ᠪᠣᠯᠭᠠᠵᠤ᠂ ᠮᠠᠨ ᠤ ᠬᠤᠰᠢᠭᠤᠨ ᠤ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠠᠮᠤᠷ ᠲᠦᠪᠰᠢᠨ᠂ | ᠡᠷᠡᠭᠦᠯ ᠴᠢᠬᠢᠷᠠᠭ᠂ ᠡᠮᠬᠢ ᠵᠢᠷᠤᠮ ᠲᠠᠢ ᠪᠠᠶᠢᠬᠤ ᠶᠢ ᠪᠠᠲᠤᠯᠠᠵᠤ᠂ ᠮᠠᠨ ᠤ ᠬᠤᠰᠢᠭᠤᠨ ᠤ ᠵᠢᠭᠤᠯᠴᠢᠯᠠᠯ ᠤᠨ | ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ᠎ᠡ᠃ | ᠵᠣᠬᠢᠶ᠋ᠬᠠᠴᠢ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ | ᠣᠷᠴᠢᠭᠤᠯᠣᠨᠨᠴᠢ᠄ ᠭᠧ ᠲᠣᠸᠠᠨ ᠯᠢᠶᠡᠨ | |