ᠬᠦᠷᠢᠶ᠎ᠡ ᠰᠤᠮᠤ ᠨᠢᠭᠡᠳᠦᠮᠡᠯ ᠹᠷᠣᠨᠲ ᠤᠨ ᠠᠵᠢᠯ ᠤᠨ ᠬᠤᠯᠪᠣᠭᠠᠴᠢᠨ ᠢ ᠤᠷᠢᠵᠤ ᠬᠡᠷᠡᠭᠯᠡᠬᠦ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2023/8/17
                 ᠮᠠᠨ ᠤ ᠰᠤᠮᠤ ᠶᠢᠨ ᠨᠢᠭᠡᠳᠦᠮᠡᠯ ᠹᠷᠣᠨᠲ ᠤᠨ ᠠᠵᠢᠯ ᠤᠨ ᠬᠦᠴᠦᠨ ᠢ ᠴᠢᠩᠭᠠᠳᠬᠠᠵᠤ᠂ ᠨᠢᠭᠡᠳᠦᠮᠡᠯ ᠹᠷᠣᠨᠲ ᠤᠨ ᠠᠵᠢᠯ ᠤᠨ ᠲᠣᠤᠷ ᠰᠦᠯᠵᠢᠶ᠎ᠡ ᠶᠢ ᠤᠯᠠᠮ ᠨᠢᠭᠡ ᠠᠯᠬᠤᠮ ᠪᠦᠷᠢᠨᠰᠢᠬᠦᠯᠵᠦ᠂ ᠲᠥᠪ᠂ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤᠨ ᠤ ᠨᠢᠭᠡᠳᠦᠮᠡᠯ ᠹᠷᠣᠨᠲ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠢᠭᠡᠳᠦᠮᠡᠯ ᠹᠷᠣᠨᠲ ᠤᠨ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠬᠤ ᠶᠢᠨ ᠲᠥᠯᠥᠭᠡ᠂ 8 ᠰᠠᠷ᠎ᠠ ᠶᠢᠨ 7 ᠤ ᠡᠳᠦᠷ᠂ ᠬᠦᠷᠢᠶ᠎ᠡ ᠰᠤᠮᠤ ᠨᠢᠭᠡᠳᠦᠮᠡᠯ ᠹᠷᠣᠨᠲ ᠤᠨ ᠠᠵᠢᠯ ᠤᠨ ᠬᠤᠯᠪᠣᠭᠠᠴᠢᠨ ᠢ ᠤᠷᠢᠵᠤ ᠬᠡᠷᠡᠭᠯᠡᠬᠦ ᠶᠣᠰᠣᠯᠠᠯ ᠶᠠᠪᠤᠭᠤᠯᠪᠠ᠃

     ᠰᠤᠮᠤᠨ ᠤ ᠭᠤᠣᠯ ᠤᠳᠤᠷᠢᠳᠤᠯᠭ᠎ᠠ ᠠᠵᠢᠯᠯᠠᠭ᠎ᠠ ᠳᠤ ᠣᠷᠣᠯᠴᠠᠭᠰᠠᠨ ᠪᠥᠭᠡᠳ ᠮᠠᠨ ᠤ ᠰᠤᠮᠤᠨ ᠤ ᠨᠢᠭᠡᠳᠦᠮᠡᠯ

ᠹᠷᠣᠨᠲ ᠤᠨ ᠠᠵᠢᠯ ᠤᠨ 4 ᠬᠤᠯᠪᠣᠭᠠᠭᠴᠢ ᠳᠤ ᠤᠷᠢᠯᠭ᠎ᠠ ᠶᠢᠨ ᠪᠢᠴᠢᠭ ᠭᠠᠷᠳᠠᠭᠤᠯᠪᠠ᠃ ᠡᠯ᠎ᠡ ᠭᠠᠴᠠᠭᠠᠨ ᠤ

ᠨᠢᠭᠡᠳᠦᠮᠡᠯ ᠹᠷᠣᠨᠲ ᠤᠨ ᠬᠤᠯᠪᠣᠭᠠᠴᠢᠨ᠂ ᠨᠢᠭᠡᠳᠦᠮᠡᠯ ᠹᠷᠣᠨᠲ ᠤᠨ ᠠᠵᠢᠯ ᠳᠠᠬᠢ ᠨᠠᠮ ᠤᠨ ᠤᠳᠤᠷᠢᠳᠤᠯᠭ᠎ᠠ ᠶᠢ

ᠢᠮᠠᠭᠲᠠ ᠪᠠᠷᠢᠮᠲᠠᠯᠠᠨ ᠴᠢᠩᠭᠠᠳᠬᠠᠵᠤ᠂ ᠰᠢᠨ᠎ᠡ ᠪᠠᠶᠢᠳᠠᠯ ᠳᠣᠣᠷᠠᠬᠢ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ

ᠬᠢᠬᠦ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠦᠨᠳᠦᠰᠦᠨ

ᠱᠠᠲᠤᠨ ᠤ ᠨᠢᠭᠡᠳᠦᠮᠡᠯ ᠹᠷᠣᠨᠲ ᠤᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ

ᠠᠬᠢᠭᠤᠯᠤᠨ᠎ᠠ ᠭᠡᠵᠦ ᠢᠯᠡᠳᠬᠡᠪᠡ᠃

     ᠳᠠᠷᠠᠭᠠᠴᠢ ᠶᠢᠨ ᠠᠯᠬᠤᠮ ᠳᠤ᠂ ᠬᠦᠷᠢᠶ᠎ᠡ ᠰᠤᠮᠤ ᠨᠢᠭᠡᠳᠦᠮᠡᠯ ᠹᠷᠣᠨᠲ ᠤᠨ ᠠᠵᠢᠯ ᠢ ᠬᠦᠴᠦᠯᠡᠨ ᠰᠠᠶᠢᠲᠤᠷ

ᠠᠳᠬᠤᠵᠤ᠂ ᠭᠤᠯᠳᠤ ᠴᠢᠭᠯᠡᠯ ᠢᠶᠠᠷ ᠨᠡᠪᠲᠡᠷᠡᠬᠦ᠂ ᠬᠥᠨᠳᠡᠯᠡᠨ ᠴᠢᠭᠯᠡᠯ ᠢᠶᠠᠷ ᠬᠠᠮᠤᠷᠬᠤ᠂ ᠦᠢᠯᠡᠴᠢᠯᠡᠭᠡ ᠪᠠᠷ

ᠦᠨᠳᠦᠰᠦ ᠪᠣᠯᠭᠠᠬᠤ ᠨᠢᠭᠡᠳᠦᠮᠡᠯ ᠹᠷᠣᠨᠲ ᠤᠨ ᠲᠣᠣᠷᠵᠢᠯ ᠤᠨ ᠰᠢᠰᠲ᠋ᠧᠮ ᠢ ᠪᠠᠶᠢᠭᠤᠯᠵᠤ᠂ ᠦᠨᠳᠦᠰᠦᠨ ᠱᠠᠲᠤᠨ ᠤ

ᠨᠢᠭᠡᠳᠦᠮᠡᠯ ᠹᠷᠣᠨᠲ ᠤᠨ ᠠᠵᠢᠯ ᠤᠨ ᠰᠢᠨ᠎ᠡ ᠪᠠᠶᠢᠷᠢᠰᠢᠯ ᠢ ᠡᠭᠦᠳᠬᠦ ᠪᠣᠯᠤᠨ᠎ᠠ᠃

         ᠵᠣᠬᠢᠶᠠᠭᠴᠢ᠄ ᠬᠦᠷᠢᠶ᠎ᠡ ᠰᠤᠮᠤ ᠶᠢᠨ ᠠᠷᠠᠳ ᠤᠨ ᠵᠠᠰᠠᠭ ᠤᠨ ᠣᠷᠳᠣᠨ

        ᠣᠷᠴᠢᠭᠤᠯᠣᠨᠨᠴᠢ᠄  ᠭᠧ ᠲᠣᠸᠠᠨ ᠯᠢᠶᠡᠨ

     

 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号