ᠬᠦᠷᠢᠶ᠎ᠡ ᠰᠤᠮᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠦᠷᠭᠦᠯᠵᠢᠯᠡᠨ ᠠᠬᠢᠭᠤᠯᠪᠠ
ᠨᠡᠶᠢᠲᠡᠯᠡᠭᠰᠡᠨ ᠴᠠᠭ᠄
2023/8/17
                       8 ᠰᠠᠷ᠎ᠠ ᠶᠢᠨ 8 ᠤ ᠡᠳᠦᠷ᠂ ᠬᠦᠷᠢᠶ᠎ᠡ ᠰᠤᠮᠤ ᠶᠢᠨ ᠨᠠᠮ ᠤᠨ ᠬᠤᠷᠢᠶᠠᠨ ᠤ ᠱᠦᠵᠢ ᠭᠤᠤ ᠪᠠᠶᠠᠷ ᠪᠦᠯᠬᠦᠮ ᠳᠠᠭᠠᠭᠤᠯᠤᠨ ᠱᠠᠨᠳᠦ᠋ᠩ ᠤᠨ ᠠᠷᠠᠯᠵᠢᠶᠠᠴᠢᠳ ᠲᠠᠢ ᠬᠦᠢᠳᠡᠨᠰᠢᠯᠢ ᠲᠣᠭᠤᠷᠢᠭ ᠲᠤ ᠬᠦᠷᠴᠦ ᠠᠷᠠᠳ ᠤᠨ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠰᠢᠨᠵᠢᠯᠡᠨ ᠪᠠᠶᠢᠴᠠᠭᠠᠪᠠ᠃

    ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ ᠬᠡᠯᠡᠯᠴᠡᠭᠡ ᠬᠢᠬᠦ ᠶᠠᠪᠤᠴᠠ ᠳᠤ᠂ ᠬᠦᠢᠲᠡᠨᠰᠢᠯᠢ

ᠬᠦᠷᠢᠶᠡᠯᠡᠩ ᠲᠣᠭᠤᠷᠢᠭ ᠤᠨ ᠥᠪᠡᠷᠮᠢᠴᠡ ᠣᠷᠣᠨ ᠪᠠᠶᠢᠷᠢ ᠶᠢᠨ ᠳᠠᠪᠠᠭᠤᠯᠢᠭ᠂ ᠡᠬᠢ ᠪᠠᠶᠠᠯᠢᠭ ᠤᠨ ᠳᠠᠪᠠᠭᠤᠯᠢᠭ᠂

ᠬᠥᠭᠵᠢᠯᠲᠡ ᠶᠢᠨ ᠢᠷᠡᠭᠡᠳᠦᠢ᠂ ᠬᠤᠳᠠᠯᠳᠤᠭᠠᠴᠢᠨ ᠤᠷᠢᠬᠤ ᠲᠥᠷᠥ ᠶᠢᠨ ᠪᠣᠳᠣᠯᠭ᠎ᠠ ᠶᠢᠨ ᠲᠣᠭᠤᠷᠢᠨ ᠳᠤ

ᠱᠠᠨᠳᠦ᠋ᠩ ᠤᠨ ᠠᠷᠠᠯᠵᠢᠶᠠᠴᠢᠳ ᠲᠤ ᠨᠠᠷᠢᠨ ᠲᠠᠨᠢᠯᠴᠠᠭᠤᠯᠵᠤ᠂ ᠤᠨᠴᠠᠯᠢᠬᠳᠤ ᠢᠳᠡᠭᠡᠨ ᠤᠮᠳᠠᠭᠠᠨ᠂ ᠬᠤᠨᠤᠭ

ᠪᠠᠭᠤᠳᠠᠯ᠂ ᠦᠨᠳᠦᠰᠦᠲᠡᠨ ᠤ ᠤᠨᠴᠠᠯᠢᠬᠳᠤ ᠪᠦᠲᠦᠭᠡᠭᠳᠡᠬᠦᠨ ᠢ ᠬᠥᠭᠵᠢᠭᠦᠯᠬᠦ ᠵᠡᠷᠭᠡ ᠠᠷᠠᠳ ᠤᠨ ᠣᠷᠣᠨ

ᠰᠠᠭᠤᠴᠠ ᠶᠢᠨ ᠠᠵᠤ ᠦᠢᠯᠡᠰ ᠤᠨ ᠬᠡᠯᠬᠢᠶ᠎ᠡ ᠶᠢ ᠰᠤᠳᠤᠯᠤᠨ ᠶᠠᠷᠢᠯᠴᠠᠵᠤ᠂ ᠤᠨᠴᠠᠯᠢᠬᠳᠤ ᠵᠢᠭᠤᠯᠴᠢᠯᠠᠯ ᠤᠨ

ᠰᠣᠶᠣᠯ ᠤᠨ ᠦᠢᠯᠡᠰ ᠢ ᠠᠬᠢᠭᠤᠯᠬᠤ ᠳᠤ ᠰᠢᠨ᠎ᠡ ᠴᠢᠭᠯᠡᠯ ᠬᠠᠩᠭᠠᠪᠠ᠃

     ᠲᠠᠷᠠᠭᠠᠴᠢ ᠶᠢᠨ ᠠᠯᠬᠤᠮ ᠳᠤ ᠬᠦᠷᠢᠶ᠎ᠡ ᠰᠤᠮᠤ ᠶᠢᠨ ᠬᠢᠨ ᠲᠥᠷᠥᠯ ᠵᠦᠢᠯ ᠤᠨ ᠠᠬᠢᠴᠠ ᠶᠢ ᠦᠷᠭᠦᠯᠵᠢᠯᠡᠨ

ᠳᠠᠭᠠᠵᠤ᠂ ᠬᠠᠮᠲᠤᠷᠠᠯᠴᠠᠭᠠᠨ ᠤ ᠨᠡᠶᠢᠯᠡᠯᠲᠡ ᠶᠢᠨ ᠴᠡᠭ ᠢ ᠣᠨᠣᠪᠴᠢᠲᠠᠶ ᠣᠯᠵᠤ᠂ ᠭᠡᠷ᠎ᠡ ᠲᠣᠭᠲᠠᠬᠤ ᠲᠥᠷᠥᠯ

ᠵᠦᠢᠯ ᠢ ᠡᠷᠲᠡ ᠨᠠᠶᠢᠳᠠᠪᠤᠷᠢᠵᠢᠭᠤᠯᠵᠤ᠂ ᠲᠥᠷᠥᠯ ᠵᠦᠢᠯ ᠢ ᠡᠷᠲᠡ ᠠᠵᠢᠯ ᠡᠬᠢᠯᠡᠭᠦᠯᠵᠦ᠂ ᠠᠵᠢᠯ ᠡᠬᠢᠯᠡᠭᠦᠯᠬᠦ

ᠲᠥᠷᠥᠯ ᠵᠦᠢᠯ ᠢ ᠡᠷᠲᠡ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠵᠤ᠂ ᠴᠠᠬᠠᠷ ᠪᠠᠷᠠᠭᠤᠨ ᠭᠠᠷᠤᠨ ᠳᠤᠮᠳᠠᠳᠤ

ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ

ᠨᠡᠮᠡᠷᠢᠯᠡᠨ᠎ᠡ᠃

 

           ᠵᠣᠬᠢᠶ᠋ᠬᠠᠴᠢ᠄  ᠬᠦᠷᠢᠶ᠎ᠡ ᠰᠣᠮᠣ ᠶᠢᠨ ᠠᠷᠠᠳ ᠤᠨ ᠵᠠᠰᠠᠭ ᠤᠨ ᠣᠷᠳᠣᠨ

           ᠣᠷᠴᠢᠭᠤᠯᠣᠨᠨᠴᠢ᠄  ᠭᠧ ᠲᠣᠸᠠᠨ ᠯᠢᠶᠡᠨ

         

 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号