ᠪᠥᠬᠦ ᠤᠯᠤᠰ ᠤᠨ ᠨᠢᠭᠡᠳᠣᠭᠡᠷ ᠪᠦᠯᠦᠭ ᠠᠵᠤ ᠦᠢᠯᠡᠰ ᠤᠨ ᠵᠥᠪᠯᠡᠭᠴᠢ ᠶᠢᠨ ᠳᠤᠭᠤᠶᠢᠯᠠᠩ ᠵᠡᠭᠡᠷᠡᠲᠦ ᠬᠤᠲᠠ ᠪᠠᠯᠭᠠᠰᠤᠨ ᠤ ᠲᠥᠮᠥᠰᠥ ᠶᠢᠨ ᠠᠵᠤ ᠦᠢᠯᠡᠰ ᠤᠨ ᠬᠥᠭᠵᠢᠯᠲᠡ ᠶᠢ ᠳᠡᠮᠵᠢᠬᠦ ᠠᠵᠢᠯ ᠤᠨ ᠬᠤᠷᠠᠯ ᠵᠡᠭᠡᠷᠡᠲᠦ ᠬᠤᠲᠠ ᠪᠠᠯᠭᠠᠰᠤᠨ ᠳᠤ ᠬᠤᠷᠠᠯᠳᠤᠪᠠ
ᠨᠡᠶᠢᠲᠡᠯᠡᠭᠰᠡᠨ ᠴᠠᠭ᠄
2023/8/17
            8 ᠰᠠᠷ᠎ᠠ ᠶᠢᠨ 15 ᠤ ᠡᠳᠦᠷ ᠤᠨ ᠦᠳᠡ ᠶᠢᠨ ᠬᠤᠶᠢᠨ᠎ᠠ᠂ ᠪᠦᠬᠦ ᠤᠯᠤᠰ ᠤᠨ ᠨᠢᠭᠡᠳᠣᠭᠡᠷ ᠪᠦᠯᠦᠭ ᠠᠵᠤ ᠦᠢᠯᠡᠰ ᠤᠨ ᠵᠥᠪᠯᠡᠭᠴᠢ ᠶᠢᠨ ᠳᠤᠭᠤᠶᠢᠯᠠᠩ ᠵᠡᠭᠡᠷᠡᠲᠦ ᠬᠤᠲᠠ ᠪᠠᠯᠭᠠᠰᠤᠨ ᠤ ᠲᠥᠮᠥᠰᠥ ᠶᠢᠨ ᠠᠵᠤ ᠦᠢᠯᠡᠰ ᠤᠨ ᠬᠥᠭᠵᠢᠯᠲᠡ ᠶᠢ ᠳᠡᠮᠵᠢᠬᠦ ᠠᠵᠢᠯ ᠤᠨ ᠬᠤᠷᠠᠯ ᠵᠡᠭᠡᠷᠡᠲᠦ ᠬᠤᠲᠠ ᠪᠠᠯᠭᠠᠰᠤᠨ ᠳᠤ ᠬᠤᠷᠠᠯᠳᠤᠪᠠ᠃ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ ᠬᠦᠷᠢᠶᠡᠯᠡᠩ᠂ ᠤᠯᠠᠭᠠᠨᠴᠠᠪ ᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ ᠤᠯᠠᠭᠠᠨᠴᠠᠪ ᠬᠤᠲᠠ ᠶᠢᠨ ᠲᠠᠷᠢᠶᠠᠯᠠᠩ ᠣᠶ ᠰᠢᠭᠤᠶ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠤᠨ ᠬᠤᠯᠪᠣᠭᠳᠠᠯ ᠪᠥᠬᠦᠶ ᠤᠳᠤᠷᠢᠳᠤᠯᠭ᠎ᠠ᠂ ᠲᠤᠰᠬᠠᠶ ᠮᠡᠷᠭᠡᠵᠢᠯᠲᠡᠨ ᠂ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠬᠤᠰᠢᠭᠤᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠬᠤᠰᠢᠭᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠬᠤᠰᠢᠭᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶᠠᠨ ᠤ ᠤᠳᠤᠷᠢᠳᠤᠯᠭ᠎ᠠ᠂ ᠪᠠᠯᠭᠠᠰᠤᠨ ᠤ ᠨᠠᠮ ᠵᠠᠰᠠᠭ ᠤᠨ ᠭᠤᠤᠯ ᠤᠳᠤᠷᠢᠳᠤᠯᠭ᠎ᠠ ᠵᠢᠴᠢ ᠲᠥᠮᠥᠰᠥ ᠳᠠᠷᠢᠬᠤ ᠲᠣᠮᠣ ᠡᠷᠦᠬᠡ ᠶᠢᠨ ᠲᠥᠯᠥᠭᠡᠯᠡᠭᠴᠢ ᠣᠷᠣᠯᠴᠠᠪᠠ᠃

     ᠬᠤᠷᠠᠯ ᠠᠴᠠ ᠡᠮᠦᠨ᠎ᠡ᠂ ᠪᠠᠯᠭᠠᠰᠤᠨ ᠤ ᠤᠳᠤᠷᠢᠳᠤᠯᠭ᠎ᠠ ᠪᠠᠷ᠎ᠠ ᠪᠣᠯᠵᠤ ᠠᠵᠤ ᠦᠢᠯᠡᠰ ᠤᠨ ᠵᠥᠪᠯᠡᠭᠴᠢ ᠶᠢᠨ

ᠳᠤᠭᠤᠶᠢᠯᠠᠩ ᠰᠠᠨ ᠬᠤᠤ ᠳ᠋ᠢ ᠲᠣᠰᠬᠤᠨ᠂ ᠮᠤᠣᠨ᠋ᠣᠰᠣ ᠲᠣᠰᠬᠤᠨ᠂ ᠭᠤᠸᠠᠩ ᠴᠠᠩ ᠯᠦᠩ ᠲᠣᠰᠬᠤᠨ ᠤ ᠲᠥᠮᠥᠰᠥ

ᠲᠠᠷᠢᠬᠤ ᠲᠤᠮᠤ ᠡᠷᠦᠬᠡ ᠶᠢᠨ ᠲᠠᠷᠢᠶᠠᠨ ᠭᠠᠵᠠᠷ ᠲᠤ ᠭᠦᠨᠵᠡᠭᠡᠶᠢᠷᠡᠨ ᠲᠤᠬᠠᠢ ᠶᠢᠨ ᠭᠠᠵᠠᠷ ᠲᠤᠨᠢ ᠪᠠᠶᠢᠴᠠᠭᠠᠨ

ᠰᠤᠳᠤᠯᠤᠯᠲᠠ ᠬᠢᠵᠦ᠂ ᠲᠠᠷᠢᠮᠠᠯ ᠤᠨ ᠲᠤᠮᠤ ᠡᠷᠦᠬᠡ ᠵᠥᠪᠯᠡᠭᠴᠢ ᠶᠢᠨ ᠳᠤᠭᠤᠶᠢᠯᠠᠩ ᠤᠨ ᠲᠤᠰᠬᠠᠢ

ᠮᠡᠷᠭᠡᠵᠢᠯᠲᠡᠨ ᠠᠴᠠ ᠲᠥᠮᠥᠰᠥ ᠲᠠᠷᠢᠬᠤ ᠶᠠᠪᠤᠴᠠ ᠳᠤ᠂ ᠬᠤᠯᠪᠣᠭᠳᠠᠯ ᠪᠦᠬᠦᠢ ᠮᠡᠷᠭᠡᠵᠢᠯ ᠪᠣᠯᠤᠨ ᠲᠤᠯᠭᠠᠷᠠᠭᠰᠠᠨ

ᠠᠰᠠᠭᠤᠳᠠᠯ ᠢ ᠠᠰᠠᠭᠤᠨ ᠯᠠᠪᠯᠠᠵᠤ᠂ ᠲᠤᠰᠬᠠᠢ ᠮᠡᠷᠭᠡᠵᠢᠯᠲᠡᠳ ᠲᠥᠮᠥᠰᠥ ᠶᠢᠨ ᠦᠷ᠎ᠡ ᠰᠣᠩᠭᠤᠬᠤ᠂ ᠭᠠᠵᠠᠷ

ᠰᠣᠩᠭᠤᠬᠤ᠂ ᠲᠠᠷᠢᠬᠤ᠂ ᠲᠠᠷᠢᠶᠠᠨ ᠭᠠᠵᠠᠷ ᠤᠨ ᠬᠠᠮᠢᠶᠠᠷᠤᠯᠲᠠ᠂ ᠡᠪᠡᠳᠴᠢᠨ ᠬᠤᠷᠣᠬᠠᠢ ᠶᠢᠨ ᠬᠥᠨᠥᠭᠡᠯ ᠢ

ᠰᠡᠷᠭᠡᠶᠢᠯᠡᠨ ᠵᠠᠰᠠᠬᠤ ᠵᠡᠷᠭᠡ ᠲᠠᠯ᠎ᠠ ᠪᠠᠷ ᠨᠠᠷᠢᠨ ᠨᠢᠭᠲᠠ ᠬᠠᠷᠢᠭᠤᠯᠲᠠ ᠥᠭᠴᠡᠢ᠃

      ᠬᠤᠷᠠᠯ ᠳᠡᠭᠡᠷ᠎ᠡ᠂ ᠠᠵᠤ ᠦᠢᠯᠡᠰ ᠤᠨ ᠵᠥᠪᠯᠡᠭᠴᠢ ᠶᠢᠨ ᠳᠤᠭᠤᠶᠢᠯᠠᠩ ᠤᠨ ᠲᠤᠰᠬᠠᠶ ᠮᠡᠷᠭᠡᠵᠢᠯᠲᠡᠳ

ᠬᠤᠷᠠᠯ ᠳᠤ ᠣᠷᠣᠯᠴᠠᠭᠰᠠᠳ ᠲᠠᠢ ᠲᠥᠮᠥᠰᠥ ᠶᠢᠨ ᠠᠵᠤ ᠦᠢᠯᠡᠰ ᠤᠨ ᠣᠳᠣᠬᠠᠨ ᠤ ᠬᠠᠮᠢᠶ᠎ᠠ ᠪᠥᠬᠦᠶ ᠲᠥᠷᠥ ᠶᠢᠨ

ᠪᠣᠳᠣᠯᠭ᠎ᠠ᠂ ᠡᠮᠦᠨᠡᠬᠢ ᠬᠤᠭᠤᠴᠠᠭᠠᠨ ᠤ ᠲᠠᠷᠢᠮᠠᠯ ᠢ ᠪᠤᠶᠢᠵᠢᠭᠤᠯᠬᠤ᠂ ᠮᠡᠷᠭᠡᠵᠢᠯ ᠤᠨ ᠵᠢᠯᠣᠭᠤᠳᠣᠯᠭ᠎ᠠ ᠬᠢᠬᠦ᠂

ᠰᠡᠭᠦᠯᠴᠢ ᠶᠢᠨ ᠬᠤᠭᠤᠴᠠᠭᠠᠨ ᠤ ᠡᠳ᠋ᠰᠢᠭᠦᠯᠦᠨ ᠪᠣᠷᠣᠯᠠᠭᠤᠯᠬᠤ᠂ ᠲᠥᠮᠥᠰᠥ ᠶᠢᠨ ᠠᠵᠤ ᠦᠢᠯᠡᠰ ᠤᠨ ᠬᠥᠭᠵᠢᠨ

ᠪᠤᠵᠠᠭᠠᠢᠢᠷᠠᠬᠤ ᠪᠦᠬᠦ᠋ᠢᠯᠡ ᠠᠵᠤ ᠦᠢᠯᠡᠰ ᠤᠨ ᠬᠡᠯᠬᠢᠶ᠎ᠡ ᠶᠢᠨ ᠲᠤᠬᠠᠶ ᠶᠠᠷᠢᠯᠴᠠᠨ ᠰᠣᠯᠢᠯᠴᠠᠪᠠ᠃ ᠲᠤᠰᠬᠠᠶ

ᠮᠡᠷᠭᠡᠵᠢᠯᠲᠡᠨ ᠤ ᠳᠤᠭᠤᠶᠢᠯᠠᠩ ᠨᠢ ᠵᠡᠭᠡᠷᠡᠲᠦ ᠬᠤᠲᠠ ᠪᠠᠯᠭᠠᠰᠤᠨ ᠤ ᠲᠥᠮᠥᠰᠥ ᠶᠢᠨ ᠠᠵᠤ ᠦᠢᠯᠡᠰ ᠤᠨ

ᠬᠥᠭᠵᠢᠯᠲᠡ ᠳᠤ ᠡᠷᠬᠢᠮ ᠨᠠᠨᠳᠢᠨ ᠰᠠᠨᠠᠯ ᠰᠠᠨᠠᠭᠤᠯᠭ᠎ᠠ ᠳᠤᠷᠠᠳᠴᠤ᠂ ᠲᠣᠰ ᠤᠳᠠᠭᠠᠨ ᠤ ᠲᠤᠰᠬᠠᠶ ᠮᠡᠷᠭᠡᠵᠢᠯᠲᠡᠨ ᠤ

ᠳᠤᠭᠤᠶᠢᠯᠠᠩ ᠤᠨ ᠵᠢᠯᠣᠭᠤᠳᠤᠯᠭ᠎ᠠ ᠪᠠᠷ ᠳᠠᠮᠵᠢᠭᠤᠯᠤᠨ᠂ ᠵᠡᠭᠡᠷᠡᠲᠦ ᠬᠤᠲᠠ ᠪᠠᠯᠭᠠᠰᠤ ᠲᠥᠮᠥᠰᠥ ᠶᠢᠨ ᠠᠵᠤ

ᠦᠢᠯᠡᠰ ᠢ ᠨᠡᠩ ᠰᠠᠶᠢᠨ ᠬᠥᠭᠵᠢᠭᠦᠯᠦᠨ ᠪᠤᠵᠠᠭᠠᠶᠢᠷᠠᠭᠤᠯᠬᠤ ᠶᠢ ᠬᠦᠰᠡᠪᠡ᠃

   

         ᠵᠣᠬᠢᠶ᠋ᠬᠠᠴᠢ᠄ ᠵᠡᠭᠡᠷᠡᠲᠦ ᠬᠤᠳᠡ ᠪᠠᠯᠭᠠᠰᠦᠨ ᠤ ᠠᠷᠠᠳ ᠤᠨ ᠵᠠᠰᠠᠭ ᠤᠨ ᠣᠷᠳᠣᠨ

         ᠣᠷᠴᠢᠭᠤᠯᠣᠨᠨᠴᠢ᠄  ᠭᠧ ᠲᠣᠸᠠᠨ  ᠯᠢᠶᠡᠨ

 

 
ᠢᠷᠡᠯᠲᠡ᠄ ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号