ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ᠄ ᠢᠳᠡᠰᠢᠨ ᠨᠣᠭᠤᠭ᠎ᠠ ᠶᠢᠨ ᠬᠦᠯᠡᠮᠵᠢ ᠶᠢᠨ ᠬᠠᠮᠲᠤ ᠶᠢᠨ ᠠᠵᠤ ᠠᠬᠤᠶ ᠶᠢ ᠪᠤᠵᠠᠭᠠᠶᠢᠷᠠᠭᠤᠯᠵᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2023/8/17
     

      ᠤᠨᠴᠠᠯᠢᠬᠳᠤ ᠲᠠᠷᠢᠮᠠᠯ ᠤᠨ ᠠᠵᠤ ᠦᠢᠯᠡᠰ᠂ ᠤᠨᠴᠠᠯᠢᠬᠳᠤ ᠬᠦᠷᠢᠶ᠎ᠡ ᠬᠠᠰᠢᠶᠠᠨ ᠤ ᠠᠵᠤ ᠠᠬᠤᠢ ᠶᠢ

ᠬᠦᠭᠵᠢᠬᠦᠯᠥᠨ ᠪᠤᠵᠠᠭᠠᠶᠢᠷᠠᠭᠤᠯᠵᠤ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢᠨ ᠨᠡᠮᠡᠭᠳᠡᠯ ᠢ

ᠳᠠᠶᠢᠴᠢᠯᠠᠬᠤ ᠶᠢᠨ ᠲᠥᠯᠥᠭᠡ᠂ ᠤᠢᠢᠷ᠎ᠠ ᠶᠢᠨ ᠵᠢᠯ ᠳᠤ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ

ᠬᠥᠬᠡᠪᠦᠷ ᠪᠠᠯᠭᠠᠰᠤᠨ ᠤ ᠨᠢᠭᠡᠳᠣᠭᠡᠷ ᠲᠣᠰᠬᠤᠨ ᠲᠣᠰᠬᠤᠨ ᠤ ᠠᠷᠠᠳ ᠤᠨ ᠬᠦᠯᠡᠮᠵᠢ ᠶᠢᠨ ᠲᠠᠷᠢᠮᠠᠯ ᠢ

ᠬᠥᠭᠵᠢᠭᠦᠯᠬᠦ ᠶᠢ ᠢᠳᠡᠪᠬᠢᠲᠡᠢ ᠵᠣᠷᠢᠭᠵᠢᠭᠤᠯᠤᠨ ᠬᠦᠳᠦᠯᠦᠨ ᠵᠢᠯᠣᠭᠤᠳᠴᠤ᠂ ᠪᠦᠬᠦ ᠲᠣᠰᠬᠤᠨ ᠤ ᠬᠦᠯᠡᠮᠵᠢ ᠶᠢᠨ

ᠠᠵᠤ ᠦᠢᠯᠡᠰ ᠢ ᠠᠯᠬᠤᠮ ᠠᠯᠬᠤᠮ ᠢᠶᠠᠷ ᠰᠢᠨᠵᠢᠯᠡᠬᠦ ᠤᠬᠠᠭᠠᠨᠴᠢᠯᠠᠭᠰᠠᠨ ᠲᠠᠷᠢᠮᠠᠯ᠂ ᠬᠡᠪᠴᠢᠶᠡᠵᠢᠭᠰᠡᠨ ᠬᠥᠭᠵᠢᠯᠲᠡ᠂

ᠠᠵᠤ ᠦᠢᠯᠡᠰᠵᠢᠭᠰᠡᠨ ᠡᠵᠡᠩᠨᠡᠯᠲᠡ ᠲᠡᠰᠢ ᠬᠤᠪᠢᠷᠠᠭᠤᠯᠬᠤ ᠶᠢ ᠠᠬᠢᠭᠤᠯᠵᠤ᠂ ᠲᠣᠰᠬᠤᠨ ᠤ ᠠᠷᠠᠳ ᠢ ᠳᠠᠭᠠᠭᠤᠯᠤᠨ

ᠠᠵᠤ ᠦᠢᠯᠡᠰ ᠤᠨ ᠬᠥᠭᠵᠢᠯᠲᠡ ᠶᠢᠨ ᠪᠠᠶᠠᠵᠢᠯ ᠤᠨ ᠵᠠᠮ ᠢᠶᠠᠷ ᠵᠠᠮᠨᠠᠭᠤᠯᠣᠨᠨᠰᠠᠨ ᠪᠠᠶᠢᠨ᠎ᠠ᠃

     ᠨᠢᠭᠡᠳᠣᠭᠡᠷ ᠲᠣᠰᠬᠤᠨ ᠤ ᠠᠷᠠᠳ ᠳ᠋ᠤᠸᠠᠨ ᠢᠦᠢ ᠯᠢᠶᠠᠨ᠄ ︽ᠮᠠᠨ ᠤ ᠬᠦᠯᠡᠮᠵᠢ ᠳᠠᠬᠢ ᠢᠳᠡᠰᠢᠨ

ᠨᠣᠭᠤᠭ᠎ᠠ ᠶᠢ ᠨᠢᠭᠡ ᠵᠢᠯ ᠬᠤᠶᠠᠷ ᠤᠳᠠᠭ᠎ᠠ ᠲᠠᠷᠢᠳᠠᠭ᠂ ᠨᠢᠭᠡ ᠣᠳᠠᠭ᠎ᠠ ᠨᠢ ᠬᠤᠶᠡᠷ ᠰᠠᠷ᠎ᠠ ᠪᠣᠯᠳᠠᠭ᠂ ᠲᠠᠷᠢᠭᠰᠠᠨ

ᠲᠥᠪᠡᠳ ᠬᠠᠰᠢ ᠰᠠᠶ᠋ᠢ ᠵᠠᠬ᠎ᠠ ᠳᠡᠯᠭᠡᠭᠦᠷ ᠲᠤ ᠭᠠᠷᠴᠤ᠂ ᠲᠥᠪᠡᠳ ᠬᠠᠰᠢ ᠨᠢᠭᠡ ᠤᠳᠠᠭ᠎ᠠ᠂ ᠥᠷᠭᠡᠰᠦᠲᠦ ᠬᠡᠮᠬᠡ

ᠨᠢᠭᠡ ᠣᠳᠠᠭ᠎ᠠ᠂ ᠶᠡᠭᠡ ᠲᠥᠯᠥᠪ ᠨᠢᠭᠡ ᠵᠢᠯ 3 ᠲᠦᠮᠡᠨ ᠲᠥᠭᠦᠷᠢᠭ ᠤᠨ ᠣᠷᠣᠯᠭ᠎ᠠ ᠲᠠᠢ︾  ᠭᠡᠵᠦ ᠪᠠᠶᠠᠷᠳᠠᠶᠢᠬᠠᠨ

ᠬᠡᠯᠡᠨ᠎ᠡ᠃

     ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠥᠬᠡᠪᠦᠷ ᠪᠠᠯᠭᠠᠰᠤᠨ ᠤ ᠨᠢᠭᠡᠳᠣᠭᠡᠷ ᠲᠣᠰᠬᠤᠨ ᠤ

ᠨᠠᠮ ᠤᠨ ᠬᠤᠷᠢᠶᠠᠨ ᠤ ᠱᠦᠵᠢ ᠶᠠᠨ ᠯᠢ ᠸᠧᠨ᠄ ︽ᠲᠠᠷᠠᠭᠠᠴᠢ ᠶᠢᠨ ᠠᠯᠬᠤᠮ ᠳᠤ᠂  ᠨᠢᠭᠡᠳᠣᠭᠡᠷ ᠲᠣᠰᠬᠤᠨ

ᠬᠠᠮᠲᠤ ᠶᠢᠨ ᠠᠵᠤ ᠠᠬᠤᠢ ᠶᠢᠨ ᠣᠷᠣᠯᠭ᠎ᠠ ᠡᠭᠦᠳᠬᠦ ᠠᠷᠭ᠎ᠠ ᠵᠠᠮ ᠢ ᠤᠯᠠᠮ ᠨᠢᠭᠡ ᠠᠯᠬᠤᠮ ᠥᠷᠭᠡᠳᠬᠡᠵᠦ᠂

ᠲᠠᠷᠢᠶᠠᠯᠠᠩ ᠤᠨ ᠬᠥᠭᠵᠢᠯᠲᠡ ᠶᠢᠨ ᠴᠢᠭᠯᠡᠯ ᠢ ᠰᠢᠨ᠎ᠡ ᠪᠠᠷ ᠡᠭᠦᠳᠴᠦ᠂ ︿ᠬᠦᠯᠡᠮᠵᠢ ᠶᠢᠨ ᠠᠵᠤ ᠠᠬᠤᠢ﹀ ᠳᠡᠭᠡᠷ᠎ᠡ

ᠬᠦᠴᠦ ᠲᠠᠯᠪᠢᠵᠤ᠂ ᠤᠨᠴᠠᠯᠢᠬᠳᠤ ᠥᠨᠳᠥᠷ ᠪᠦᠲᠦᠮᠵᠢᠲᠡᠢ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠨᠢᠭᠡᠳᠦᠭᠡᠷ

ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ︾ ᠭᠡᠪᠡ᠃

     ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠠᠵᠤ ᠦᠢᠯᠡᠰ ᠢ ᠤᠷᠢᠳᠠᠪᠠᠷ ᠬᠥᠭᠵᠢᠭᠦᠯᠦᠨ᠎ᠡ᠃

ᠤᠢᠢᠷ᠎ᠠ ᠶᠢᠨ ᠵᠢᠯ ᠠᠴᠠ᠂  ᠨᠢᠭᠡᠳᠣᠭᠡᠷ ᠲᠣᠰᠬᠤᠨ ᠪᠣᠳᠠᠲᠠᠢ ᠳᠤ ᠰᠠᠭᠤᠷᠢᠯᠠᠵᠤ᠂ ᠠᠵᠤ ᠦᠢᠯᠡᠰ ᠤᠨ

ᠬᠥᠭᠵᠢᠯᠲᠡ ᠶᠢᠨ ᠰᠢᠪᠲᠤᠯᠤᠯᠲᠠ ᠶᠢᠨ ᠴᠡᠭ ᠢ ᠣᠨᠣᠪᠴᠢᠲᠠᠢ ᠣᠯᠵᠤ᠂ ᠬᠦᠯᠡᠮᠵᠢ ᠶᠢᠨ ᠢᠳᠡᠰᠢᠨ ᠨᠣᠭᠤᠭ᠎ᠠ ᠲᠠᠷᠢᠬᠤ

ᠠᠵᠤ ᠦᠢᠯᠡᠰ ᠢ ᠶᠡᠬᠡᠪᠡᠷ ᠬᠥᠭᠵᠢᠭᠦᠯᠵᠦ᠂ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠠᠷᠭ᠎ᠠ

ᠵᠠᠮ ᠢ ᠥᠷᠭᠡᠳᠬᠡᠵᠦ᠂ ᠥᠪᠡᠷ ᠢ ᠪᠠᠨ ᠬᠦᠴᠦᠷᠭᠡᠭᠵᠢᠬᠦᠯᠬᠦ ᠴᠢᠳᠠᠪᠬᠢ ᠶᠢ ᠴᠢᠩᠭᠠᠳᠬᠠᠵᠤ᠂ ᠲᠣᠰᠬᠤᠨ ᠤ

ᠬᠠᠮᠲᠤ ᠶᠢᠨ ᠠᠵᠤ ᠠᠬᠤᠢ ᠶᠢᠨ ᠬᠥᠭᠵᠢᠯᠲᠡ ᠳᠤ ᠠᠮᠢᠵᠢᠷᠠᠯ ᠤᠨ ᠬᠦᠴᠦᠨ ᠨᠡᠮᠡᠷᠢᠯᠡᠪᠡ᠃

          ᠵᠣᠬᠢᠶ᠋ᠬᠠᠴᠢ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ

          ᠣᠷᠴᠢᠭᠤᠯᠣᠨᠨᠴᠢ᠄  ᠭᠧ ᠲᠣᠸᠠᠨ ᠯᠢᠶᠡᠨ

       

 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号