ᠪᠠᠶᠠᠨ ᠰᠢᠶᠠᠩ᠄ ᠵᠢᠯᠣᠭᠤᠴᠢ ᠥᠬᠡᠶ ᠨᠢᠰᠬᠡᠯ ᠢᠶᠠᠷ ᠲᠠᠷᠢᠶᠠᠨ ᠡᠮ ᠰᠦᠷᠴᠢᠵᠦ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠠᠷᠢᠶᠠᠯᠠᠩ ᠢ ᠲᠣᠭᠲᠠᠪᠤᠷᠢᠵᠢᠭᠤᠯᠵᠤ ᠣᠷᠣᠯᠭ᠎ᠠ ᠶᠢ ᠨᠡᠮᠡᠭᠳᠡᠭᠦᠯᠪᠡ
ᠨᠡᠶᠢᠲᠡᠯᠡᠭᠰᠡᠨ ᠴᠠᠭ᠄
2023/8/25
         ᠣᠳᠣᠬᠠᠨ ᠳᠤ ᠶᠠᠭ ᠰᠠᠶᠢᠬᠠᠨ ᠲᠠᠷᠢᠮᠠᠯ ᠤᠨ ᠤᠷᠭᠤᠯᠲᠠ ᠶᠢᠨ ᠬᠤᠭᠤᠴᠠᠭ᠎ᠠ ᠪᠣᠯᠬᠤ ᠪᠥᠭᠡᠳ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭ᠎ᠠ ᠪᠣᠯᠤᠨ᠎ᠠ᠃ ᠣᠶᠢᠷ᠎ᠠ ᠳᠤ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠠᠶᠠᠨ ᠰᠢᠶᠠᠩ ᠤᠨ ᠲᠠᠷᠢᠮᠠᠯ ᠤᠨ ᠡᠷᠦᠬᠡ ᠲᠤᠩᠭᠠᠯᠠᠭ ᠰᠠᠶᠢᠬᠠᠨ ᠠᠭᠤᠷ ᠠᠮᠢᠰᠬᠤᠯ ᠢ ᠵᠠᠪᠳᠤᠨ᠂ ᠵᠢᠯᠣᠭᠤᠴᠢ ᠥᠬᠡᠶ ᠨᠢᠰᠬᠡᠯ ᠢᠶᠠᠷ ᠬᠥᠮᠦᠨ ᠤ ᠬᠦᠴᠦᠨ ᠢ ᠣᠷᠣᠯᠠᠭᠤᠯᠤᠨ ᠲᠠᠷᠢᠶᠠᠨ ᠡᠮ ᠰᠦᠷᠴᠢᠨ ᠠᠵᠢᠯᠯᠠᠵᠤ᠂ ᠣᠲᠣ ᠦᠶ᠎ᠡ ᠶᠢᠨ ᠲᠠᠷᠢᠶᠠᠯᠠᠩ ᠤᠨ ᠬᠥᠭᠵᠢᠯᠲᠡ ᠳᠤ ︽ᠰᠢᠨᠵᠢᠯᠡᠬᠦ ᠤᠬᠠᠭᠠᠨ ᠮᠡᠷᠭᠡᠵᠢᠯ ᠤᠨ ᠵᠢᠭᠦᠷ︾ ᠣᠷᠭᠤᠭᠤᠯᠪᠠ᠃

      ᠨᠢᠭᠡ ᠵᠢᠯᠣᠭᠤᠴᠢ ᠥᠬᠡᠶ ᠨᠢᠰᠬᠡᠯ ᠳᠤ 40 ᠯᠢᠲᠷ ᠲᠠᠷᠢᠶᠠᠨ ᠡᠮ ᠪᠠᠭᠳᠠᠵᠦ᠂ ᠬᠤᠶᠠᠷ ᠯᠢᠲᠷ ᠲᠠᠷᠢᠶᠠᠨ ᠡᠮ

 ᠨᠢ ᠨᠢᠭᠡ ᠮᠥ ᠲᠠᠷᠢᠶᠠᠨ ᠭᠠᠵᠡᠷ ᠰᠦᠷᠴᠢᠨ᠎ᠡ᠂ ᠨᠢᠭᠡ ᠲᠦᠩᠰᠡ ᠨᠡᠮᠡᠪᠡᠯ 20 ᠮᠥ ᠲᠠᠷᠢᠶᠠᠨ ᠭᠠᠵᠠᠷ ᠢ ᠰᠦᠷᠴᠢᠵᠦ

ᠲᠡᠶᠢᠯᠥᠨ᠎ᠡ᠃ ᠤᠤᠯ ᠨᠢ ᠬᠥᠮᠦᠨ ᠤ ᠬᠦᠴᠦᠨ ᠳᠤ ᠲᠦᠰᠢᠭᠯᠡᠨ ᠬᠡᠳᠦᠨ ᠡᠳᠦᠷ ᠬᠢᠳᠡᠭ ᠠᠵᠢᠯ ᠢ ᠣᠳᠣ ᠵᠢᠯᠣᠭᠤᠴᠢ

ᠥᠬᠡᠶ ᠨᠢᠰᠭᠡᠯ ᠢᠶᠠᠷ ᠨᠢᠭᠡ ᠦᠳᠡ ᠶᠢᠨ ᠡᠮᠦᠨ᠎ᠡ  ᠰᠦᠷᠴᠢᠭᠡᠳ ᠪᠠᠷᠠᠴᠢᠬᠠᠨ᠎ᠠ᠃

      ᠤᠯᠠᠮᠵᠢᠯᠠᠯᠲᠤ ᠬᠥᠮᠦᠨ ᠤ ᠬᠦᠴᠦ ᠪᠠᠷ ᠡᠮ ᠰᠦᠷᠴᠢᠬᠦ ᠵᠠᠭᠪᠤᠷ ᠲᠠᠢ ᠬᠠᠷᠢᠴᠠᠭᠤᠯᠪᠠᠯ᠂ ᠵᠢᠯᠣᠭᠤᠴᠢ ᠥᠬᠡᠶ

ᠨᠢᠰᠬᠡᠯ ᠤᠨ ᠲᠠᠷᠢᠶᠠᠨ ᠡᠮ ᠰᠦᠷᠴᠢᠬᠦ ᠨᠢ ᠬᠤᠷᠳᠤᠴᠠ ᠲᠦᠷᠭᠡᠨ᠂ ᠦᠷ᠎ᠡ ᠪᠦᠲᠦᠮᠵᠢ ᠥᠨᠳᠥᠷ᠂

ᠬᠡᠪᠴᠢᠶᠡᠵᠢᠭᠦᠯᠦᠨ ᠠᠵᠢᠯᠯᠠᠵᠤ ᠪᠣᠯᠬᠤ ᠵᠡᠷᠭᠡ ᠣᠨᠴᠠᠯᠢᠭ ᠲᠠᠢ ᠪᠠᠶᠢᠵᠤ᠂ ᠥᠪᠡᠷ ᠤᠨ ᠥᠷᠲᠡᠭ᠂ ᠴᠠᠭ ᠪᠠ

ᠵᠠᠷᠤᠳᠠᠯ ᠤᠨ ᠲᠠᠯ᠎ᠠ ᠪᠠᠷ᠂ ᠵᠢᠯᠣᠭᠤᠴᠢ ᠥᠬᠡᠶ ᠨᠢᠰᠬᠡᠯ ᠤᠨ ᠡᠮ ᠰᠦᠷᠴᠢᠬᠦ ᠨᠢ ᠬᠥᠮᠦᠨ ᠤ ᠬᠦᠴᠦᠨ ᠤ ᠥᠪᠡᠷ ᠤᠨ

ᠥᠷᠲᠡᠭ ᠢ ᠶᠡᠭᠡ ᠪᠠᠷ ᠪᠠᠭᠠᠰᠬᠠᠵᠤ᠂ ᠤᠰᠤ ᠬᠡᠷᠡᠭᠯᠡᠬᠦ ᠬᠡᠮᠵᠢᠶ᠎ᠡ ᠶᠢ ᠠᠷᠪᠢᠯᠠᠭᠰᠠᠨ ᠢᠶᠠᠷ ᠪᠠᠷᠠᠬᠤ ᠥᠬᠡᠶ ᠪᠠᠰᠠ

ᠲᠠᠷᠢᠶᠠᠨ ᠡᠮ ᠤᠨ ᠠᠰᠢᠭᠯᠠᠯᠲᠠ ᠶᠢᠨ ᠨᠣᠷᠮ᠎ᠠ ᠶᠢ ᠳᠡᠭᠡᠭᠰᠢᠯᠡᠭᠦᠯᠵᠦ᠂ ᠨᠢᠭᠡ ᠵᠢᠯᠣᠭᠤᠴᠢ ᠥᠬᠡᠶ ᠨᠢᠰᠬᠡᠯ ᠤᠨ ᠨᠢᠭᠡ

ᠡᠳᠦᠷ ᠤᠨ ᠠᠵᠢᠯ ᠤᠨ ᠬᠡᠮᠵᠢᠶ᠎ᠡ 400 ᠮᠥ ᠳᠤ ᠬᠦᠷᠴᠦ᠂ ᠦᠷ᠎ᠡ ᠪᠦᠲᠦᠮᠵᠢ ᠨᠢ ᠬᠥᠮᠦᠨ ᠤ ᠬᠦᠴᠦᠨ ᠤ 15

ᠳᠠᠬᠢᠨ ᠪᠣᠯᠤᠨ᠎ᠠ᠃

      ᠦᠷ᠎ᠡ ᠪᠦᠲᠦᠮᠵᠢ ᠶᠡᠭᠡ ᠪᠠᠷ ᠲᠡᠭᠡᠭᠰᠢᠯᠡᠭᠰᠡᠨ ᠠᠴᠠ ᠭᠠᠳᠠᠨ᠎ᠠ᠂ ᠵᠢᠯᠣᠭᠤᠴᠢ ᠥᠬᠡᠶ ᠨᠢᠰᠭᠡᠯ ᠢ ᠬᠡᠷᠡᠭᠯᠡᠨ

ᠠᠥ᠋ᠲ᠋ᠤᠴᠢᠯᠠᠨ ᠡᠭᠦᠷᠭᠡ ᠪᠠᠨ ᠪᠡᠶᠡᠯᠡᠭᠦᠯᠵᠦ ᠪᠣᠯᠤᠨ᠎ᠠ᠂ ᠬᠥᠮᠦᠨ ᠲᠠᠷᠢᠶᠠᠨ ᠭᠠᠵᠠᠷ ᠲᠤ ᠣᠷᠣᠬᠤ ᠴᠢᠬᠤᠯᠠ ᠥᠬᠡᠶ

ᠪᠣᠯᠬᠤᠷ ᠲᠠᠷᠢᠶᠠᠴᠢᠨ ᠡᠷᠦᠬᠡ ᠶᠢᠨ ᠪᠡᠶ᠎ᠡ ᠮᠠᠬᠠᠪᠣᠳ ᠢ ᠬᠠᠮᠠᠭᠠᠯᠠᠵᠤ ᠴᠢᠳᠠᠬᠤ ᠪᠠᠷ ᠪᠠᠷᠠᠬᠤ ᠥᠬᠡᠶ ᠪᠠᠰᠠ ᠬᠥᠷᠥᠰᠥ

ᠰᠢᠷᠣᠶ ᠶᠢᠨ ᠪᠦᠲᠦᠴᠡ ᠪᠠ ᠠᠮᠢ ᠠᠬᠤᠶ ᠶᠢᠨ ᠰᠢᠰᠲ᠋ᠧᠮ ᠡᠪᠳᠡᠭᠳᠡᠬᠦ ᠳᠤ ᠰᠠᠨᠠᠭ᠎ᠠ ᠵᠣᠪᠠᠭ᠋ᠤ ᠬᠡᠷᠡᠭ ᠥᠬᠡᠶ᠃

     ᠰᠢᠨᠵᠢᠯᠡᠬᠦ ᠤᠬᠠᠭᠠᠨ ᠮᠡᠷᠭᠡᠵᠢᠯ ᠪᠣᠯ ᠨᠢᠭᠡᠳᠦᠭᠡᠷ ᠦᠢᠯᠡᠳᠪᠦᠷᠢᠯᠡᠯ ᠤᠨ ᠬᠦᠴᠦᠨ ᠮᠥᠨ᠂ ᠨᠡᠩ ᠴᠤ

ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠬᠤ ᠵᠠᠩᠭᠢᠯᠠᠭ᠎ᠠ ᠮᠥᠨ᠃ ᠲᠠᠷᠢᠶᠠᠯᠠᠩ ᠤᠨ ᠠᠵᠤ

ᠦᠢᠯᠡᠰ ᠤᠨ ᠮᠠᠰᠢᠨᠴᠢᠯᠠᠯᠲᠠ᠂ ᠰᠢᠨᠵᠢᠯᠡᠬᠦ ᠤᠬᠠᠭᠠᠨᠴᠢᠯᠠᠭᠰᠠᠨ ᠠᠵᠢᠯ ᠢ ᠳᠡᠯᠭᠡᠷᠡᠭᠦᠯᠵᠦ᠂ ᠠᠵᠤ ᠦᠢᠯᠡᠰ ᠤᠨ

ᠣᠷᠣᠯᠭ᠎ᠠ ᠶᠢ ᠨᠡᠮᠡᠭᠳᠡᠭᠦᠯᠬᠦ ᠴᠢᠬᠤᠯᠠ ᠵᠠᠩᠭᠢᠯᠠᠭ᠎ᠠ ᠪᠣᠯᠤᠭᠰᠠᠨ ᠪᠠᠶᠢᠨ᠎ᠠ᠃ ᠢᠷᠡᠭᠡᠳᠦᠢ ᠳᠤ᠂ ᠵᠢᠯᠣᠭᠤᠴᠢ ᠦᠭᠡᠢ

ᠨᠢᠰᠬᠡᠯ ᠢᠶᠠᠷ ᠲᠠᠷᠢᠶᠠᠨ ᠡᠮ ᠰᠦᠷᠴᠢᠬᠦ ᠨᠢ ᠬᠥᠳᠡᠭᠡ ᠲᠣᠰᠬᠤᠨ ᠳᠤ ᠨᠡᠩ ᠲᠦᠭᠡᠮᠡᠯᠵᠢᠭᠳᠡᠵᠦ᠂ ᠮᠡᠷᠭᠡᠵᠢᠯ ᠤᠨ

ᠤᠯᠠᠮ ᠨᠢᠭᠡ ᠠᠯᠬᠤᠮ ᠳᠡᠭᠡᠭᠰᠢᠯᠡᠬᠦ ᠶᠢ ᠳᠠᠭᠠᠯᠳᠤᠨ᠂ ᠵᠢᠯᠣᠭᠤᠴᠢ ᠦᠭᠡᠢ ᠨᠢᠰᠬᠡᠯ ᠲᠠᠷᠢᠮᠠᠯ ᠤᠨ ᠤᠷᠭᠤᠯᠲᠠ ᠶᠢᠨ

ᠶᠠᠪᠤᠴᠠ ᠳᠤ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ ᠬᠡᠷᠡᠭᠴᠡᠭᠡ ᠶᠢ ᠨᠠᠩ ᠲᠦᠷᠭᠡᠨ ᠳᠠᠭᠠᠵᠤ᠂

ᠲᠠᠷᠢᠶᠠᠨ ᠡᠮ ᠢ ᠴᠠᠭ ᠲᠤᠬᠠᠶ ᠳᠤᠨᠢ ᠰᠦᠷᠴᠢᠵᠦ᠂ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠪᠠ

ᠤᠨᠠᠯᠲᠠ ᠶᠢ ᠪᠠᠲᠤᠯᠠᠵᠤ᠂ ᠨᠠᠩ ᠣᠯᠠᠨ ᠠᠵᠤ ᠠᠬᠤᠶ ᠶᠢᠨ ᠠᠰᠢᠭ ᠣᠷᠣᠯᠭ᠎ᠠ ᠶᠢ ᠡᠭᠦᠳᠴᠦ᠂ ᠲᠠᠷᠢᠶᠠᠯᠠᠩ ᠤᠨ

ᠶᠡᠷᠦᠩᠬᠡᠶᠢᠯᠡᠭᠰᠡᠨ ᠦᠷ᠎ᠡ ᠠᠰᠢᠭ ᠢ ᠳᠡᠭᠡᠭᠰᠢᠯᠡᠭᠦᠯᠬᠦ ᠪᠣᠯᠤᠨ᠎ᠠ᠃

         ᠰᠤᠷᠪᠤᠯᠵᠢᠯᠠᠭᠴᠢ᠄ ᠺᠠᠩ ᠢᠦᠢ

         ᠣᠷᠴᠢᠭᠤᠯᠣᠨᠨᠴᠢ᠄  ᠭᠧ ᠲᠣᠸᠠᠨ ᠯᠢᠶᠡᠨ

       

 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号