ᠵᠡᠭᠡᠷᠡᠲᠦ ᠬᠤᠲᠠ ᠪᠠᠯᠭᠠᠰᠤ 7 ᠳ᠋ᠤᠭᠠᠷ ᠰᠠᠷ᠎ᠠ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠲᠣᠭᠤᠷᠢᠨ ᠰᠣᠨᠣᠰᠬᠤ ᠰᠤᠯᠠ ᠰᠣᠨᠣᠰᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/8/7
           ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠰᠤᠷᠤᠯᠴᠠᠯᠭ᠎ᠠ ᠶᠢᠨ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ 7 ᠰᠠᠷ᠎ᠠ ᠶᠢᠨ 28 ᠤ ᠡᠳᠦᠷ ᠤᠨ ᠦᠳᠡ ᠶᠢᠨ ᠡᠮᠦᠨ᠎ᠡ᠂ ᠵᠡᠭᠡᠷᠡᠲᠦ ᠬᠤᠲᠠ ᠪᠠᠯᠭᠠᠰᠤᠨ ᠤ ᠨᠠᠮ ᠤᠨ ᠬᠤᠷᠢᠶ᠎ᠠ 7 ᠰᠠᠷ᠎ᠠ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠲᠣᠭᠤᠷᠢᠨ ᠰᠣᠨᠣᠰᠬᠤ ᠰᠤᠯᠠ ᠰᠣᠨᠣᠰᠬᠤ ᠬᠤᠷᠠᠯ ᠬᠤᠷᠠᠯᠳᠤᠭᠤᠯᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠭᠲᠠᠭᠠᠯ︾ ᠢ ᠲᠤᠰᠬᠠᠶ ᠰᠡᠳᠦᠪ ᠢᠶᠠᠷ ᠰᠤᠳᠤᠯᠪᠠ᠃ ᠬᠤᠷᠠᠯ ᠢ ᠵᠡᠭᠡᠷᠡᠲᠦ ᠬᠤᠲᠠ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠪᠠᠯᠭᠠᠰᠤᠨ ᠳᠠᠷᠤᠭ᠎ᠠ ᠮᠧᠩ ᠴᠢᠩ ᠢᠦᠶ ᠡᠷᠭᠢᠯᠡᠵᠦ᠂ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠴᠧᠨ ᠳ᠋ᠢᠶᠠᠨ ᠳ᠋ᠢᠶᠠᠨ ᠂ ᠤᠬᠠᠭᠤᠯᠬᠤ ᠬᠡᠯᠲᠡᠰ ᠤᠨ ᠵᠣᠣ ᠰᠢᠤᠢ ᠳ᠋ᠦᠩ ᠬᠤᠷᠠᠯ ᠳᠤ ᠣᠷᠣᠯᠴᠠᠨ ᠵᠢᠭᠠᠨ ᠵᠢᠯᠣᠭᠤᠳᠴᠤ᠂ ᠪᠠᠯᠭᠠᠰᠤᠨ ᠤ ᠤᠳᠤᠷᠢᠳᠬᠤ ᠪᠠᠭ ᠤᠨ ᠪᠥᠬᠦ ᠪᠦᠷᠢᠯᠳᠦᠬᠦᠨ ᠬᠤᠷᠠᠯ ᠳᠤ ᠣᠷᠣᠯᠴᠠᠵᠠᠶ᠃

     ᠬᠤᠷᠠᠯ ᠠᠴᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ

ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠭᠲᠠᠭᠠᠯ︾ ᠢ ᠨᠠᠷᠢᠨ

ᠬᠢᠨᠠᠮᠠᠭᠠᠶ ᠰᠤᠷᠤᠯᠴᠠᠨ ᠰᠤᠳᠤᠯᠵᠤ᠂ ᠪᠥᠬᠦ ᠪᠠᠭ ᠤᠨ ᠪᠦᠷᠢᠯᠳᠦᠬᠦᠨ ᠨᠡᠷ ᠰᠤᠷᠤᠯᠴᠠᠭᠰᠠᠨ ᠲᠥᠷᠥᠭᠳᠡᠯ ᠪᠠ

ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠤ᠂

ᠰᠤᠷᠤᠯᠴᠠᠭᠰᠠᠨ ᠣᠯᠤᠯᠲᠠ ᠪᠠ ᠲᠥᠷᠥᠭᠳᠡᠯ ᠢᠶᠠᠨ ᠰᠣᠯᠢᠯᠴᠠᠭᠰᠠᠨ ᠪᠥᠭᠡᠳ ᠪᠠᠰᠠ ᠲᠠᠷᠠᠭᠠᠴᠢ ᠶᠢᠨ ᠠᠯᠬᠤᠮ ᠤᠨ

ᠠᠵᠢᠯ ᠤᠨ ᠰᠡᠳᠬᠢᠮᠵᠢ ᠪᠠᠨ ᠶᠠᠷᠢᠪᠠ᠃

      ᠵᠢᠯᠣᠭᠤᠳᠬᠤ ᠳᠤᠭᠤᠶᠢᠯᠠᠩ ᠤᠨ ᠭᠡᠰᠢᠭᠦᠨ ᠵᠣᠣ ᠰᠢᠤᠢ ᠳ᠋ᠦᠩ ᠮᠠᠨ ᠤ ᠪᠠᠯᠭᠠᠰᠤᠨ ᠤ ᠲᠣᠰ ᠤᠳᠠᠭᠠᠨ ᠤ

ᠲᠤᠰᠬᠠᠶ ᠰᠡᠳᠦᠪᠲᠦ ᠰᠤᠳᠤᠯᠤᠨ ᠶᠠᠷᠢᠯᠴᠠᠭᠰᠠᠨ ᠪᠠᠶᠢᠳᠠᠯ ᠢ ᠭᠦᠢᠴᠡᠳ ᠨᠤᠲᠠᠯᠠᠭᠰᠠᠨ ᠤ ᠬᠠᠮᠲᠤ᠂ ᠨᠢᠭᠡ ᠲᠠᠯ᠎ᠠ ᠪᠠᠷ

ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭᠠᠨ ᠤ

ᠴᠢᠬᠤᠯᠠ ᠴᠢᠨᠠᠷ ᠢ ᠲᠠᠨᠢᠵᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠂ ᠵᠢᠱᠢᠶᠡᠴᠢ ᠥᠪᠡᠷᠲᠡᠭᠡᠨ

ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠲᠤᠬᠠᠶ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ

ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ︔ ᠨᠥᠭᠦᠭᠡ ᠲᠠᠯ᠎ᠠ ᠪᠠᠷ ᠰᠤᠷᠤᠯᠴᠠᠬᠤ ᠴᠠᠭ ᠪᠠ ᠰᠤᠷᠤᠯᠴᠠᠬᠤ ᠶᠠᠰᠤ

ᠴᠢᠨᠠᠷ ᠢ ᠪᠠᠲᠤᠯᠠᠵᠤ᠂ ᠰᠤᠷᠤᠯᠴᠠᠬᠤ ᠪᠠ ᠠᠵᠢᠯᠯᠠᠬᠤ ᠶᠢ ᠤᠶᠠᠯᠳᠤᠭᠤᠯᠬᠤ ᠶᠢ ᠪᠠᠷᠢᠮᠲᠠᠯᠠᠨ᠂ ᠰᠤᠷᠤᠯᠴᠠᠯᠭ᠎ᠠ ᠶᠢᠨ

ᠪᠣᠳᠠᠲᠤ ᠦᠷ᠎ᠡ ᠪᠦᠲᠦᠮᠵᠢ ᠶᠢ ᠦᠨᠡᠨ ᠬᠦ ᠪᠦᠲᠦᠮᠵᠢᠲᠡᠶ ᠰᠢᠢᠳᠪᠦᠷᠢᠲᠦ ᠪᠣᠳᠣᠯᠭ᠎ᠠ ᠶᠢᠨ ᠠᠷᠭ᠎ᠠ ᠬᠡᠮᠵᠢᠶ᠎ᠡ ᠪᠣᠯᠭᠠᠨ

ᠬᠤᠪᠢᠷᠠᠭᠤᠯᠬᠤ ᠬᠡᠷᠡᠭᠲᠡᠶ᠃

             ᠵᠣᠬᠢᠶ᠋ᠬᠠᠴᠢ᠄  ᠵᠡᠭᠡᠷᠡᠲᠦ ᠬᠤᠳᠡ ᠪᠠᠯᠭᠠᠰᠦ

            ᠣᠷᠴᠢᠭᠤᠯᠣᠨᠨᠴᠢ᠄  ᠭᠧ ᠲᠣᠸᠠᠨ ᠯᠢᠶᠡᠨ

     

 
ᠢᠷᠡᠯᠲᠡ᠄ ᠵᠡᠭᠡᠷᠡᠲᠦ ᠬᠤᠳᠡ ᠪᠠᠯᠭᠠᠰᠦ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号