| 7 ᠰᠠᠷ᠎ᠠ ᠶᠢᠨ 27 ᠠᠴᠠ 29 ᠤ ᠡᠳᠦᠷ ᠪᠣᠯᠲᠠᠯ᠎ᠠ᠂ ᠬᠤᠰᠢᠭᠤ ᠨᠠᠮ ᠤᠨ ᠬᠤᠷᠢᠶᠠᠨ ᠤ ᠱᠦᠵᠢ ᠭᠤᠤ ᠰᠧᠨ | ᠪᠦᠯᠬᠦᠮ ᠳᠠᠭᠠᠭᠤᠯᠤᠨ ᠪᠡᠭᠡᠵᠢᠩ ᠬᠤᠲᠠ ᠶᠢᠨ ᠹᠠᠩ ᠱᠠᠨ ᠲᠣᠭᠤᠷᠢᠭ ᠲᠤ ᠬᠦᠷᠴᠦ ᠬᠤᠳᠠᠯᠳᠤᠭᠠᠴᠢᠨ ᠤᠷᠢᠵᠤ | ᠪᠠᠯᠠ ᠣᠷᠣᠭᠤᠯᠤᠨ ᠰᠢᠨᠵᠢᠯᠡᠨ ᠪᠠᠶᠢᠴᠠᠭᠠᠵᠤ᠂ ᠭᠤᠤᠯᠳᠠᠯᠭ᠎ᠠ ᠲᠠᠢ ᠠᠵᠤ ᠠᠬᠤᠶᠢᠯᠠᠯ ᠢ ᠰᠤᠷᠪᠤᠯᠵᠢᠯᠠᠨ | ᠵᠣᠯᠭᠠᠭᠤᠯᠵᠤ᠂ ᠨᠢᠭᠤᠷᠲᠠᠨ ᠵᠥᠪᠳᠡᠯᠴᠡᠨ ᠶᠠᠷᠢᠯᠴᠠᠵᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠤᠨ | ᠠᠪᠴᠢᠷᠠᠵᠤ᠂ ᠬᠠᠮᠲᠤᠷᠠᠯᠴᠠᠭᠠᠨ ᠤ ᠰᠠᠶᠢᠨ ᠲᠣᠬᠢᠶᠠᠯ ᠢ ᠢᠳᠡᠪᠬᠢᠲᠡᠶ ᠡᠷᠢᠯᠬᠢᠯᠡᠪᠡ᠃ | | | | | ᠰᠢᠨ ᠶᠤᠸᠠᠨ ᠣᠶᠣᠨᠳᠣ ᠡᠨᠧᠷᠭᠢ ᠶᠢᠨ ᠬᠥᠭᠵᠢᠯᠲᠡ ︵ᠪᠡᠭᠡᠵᠢᠩ︶ ᠶᠢᠨ ᠬᠢᠵᠠᠭᠠᠷᠲᠤ ᠺᠣᠮᠫᠠᠨᠢ ᠳᠤ᠂ | ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠹᠣᠰᠹᠣᠷ ᠬᠦᠴᠢᠯ ᠤᠨ ᠲᠡᠮᠦᠷ ᠯᠢᠲ᠋ᠢ ᠶᠢᠨ ᠴᠠᠬᠢᠯᠭᠠᠨ ᠴᠡᠨᠡᠭ ᠤᠨ | ᠡᠨᠧᠷᠭᠢ ᠬᠠᠳᠠᠭᠠᠯᠠᠬᠤ ᠲᠦᠷᠦᠯ ᠵᠦᠢᠯ ᠢ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ ᠵᠥᠪᠳᠡᠯᠴᠡᠬᠦ ᠶᠢᠨ | ᠬᠠᠮᠲᠤ ᠶᠠᠷᠢᠯᠴᠠᠬᠤ ᠬᠤᠷᠠᠯ ᠬᠤᠷᠠᠯᠳᠤᠭᠤᠯᠪᠠ᠃ ᠭᠤᠤ ᠰᠧᠨ᠂ ᠴᠠᠬᠠᠷ ᠪᠠᠷᠠᠭᠤᠨ ᠭᠠᠷᠤᠨ ᠳᠤᠮᠳᠠᠳᠤ | ᠬᠤᠰᠢᠭᠤᠨ ᠤ ᠥᠩᠭᠡ ᠦᠵᠡᠮᠵᠢ ᠶᠢᠨ ᠡᠬᠢ ᠪᠠᠶᠠᠯᠢᠭ ᠡᠯᠪᠡᠭ ᠳᠡᠯᠪᠡᠭ᠂ ᠴᠠᠬᠢᠯᠭᠠᠨ ᠲᠣᠤᠷ ᠤᠨ ᠪᠦᠲᠦᠴᠡ ᠶᠢᠨ | ᠪᠠᠶᠢᠷᠢᠰᠢᠭᠤᠯᠤᠯᠲᠠ ᠣᠯᠠᠨ ᠡᠰᠢᠵᠢᠵᠦ᠂ ᠰᠢᠨ᠎ᠡ ᠬᠡᠯᠪᠡᠷᠢ ᠶᠢᠨ ᠡᠨᠧᠷᠭᠢ ᠬᠠᠳᠠᠭᠠᠯᠠᠬᠤ ᠲᠥᠷᠥᠯ ᠵᠦᠢᠯ ᠢ | ᠬᠥᠭᠵᠢᠭᠦᠯᠬᠦ ᠨᠡᠯᠢᠶᠡᠳ ᠳᠠᠪᠠᠭᠤᠯᠢᠭ ᠢᠯᠡᠷᠬᠡᠶ ᠪᠠᠶᠢᠨ᠎ᠠ᠂ ᠠᠵᠤ ᠠᠬᠤᠶᠢᠯᠠᠯ ᠤᠨ ᠬᠢᠨ ᠲᠤᠰᠬᠠᠶ ᠮᠡᠷᠭᠡᠵᠢᠯ ᠤᠨ | ᠪᠦᠯᠬᠦᠮ ᠢ ᠠᠯᠢ ᠲᠦᠷᠭᠡᠨ ᠢᠶᠠᠷ ᠳᠣᠭᠢᠷᠠᠭᠤᠯᠤᠨ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠰᠢᠨᠵᠢᠯᠡᠨ | ᠪᠠᠶᠢᠴᠠᠭᠠᠵᠤ᠂ ᠲᠥᠷᠥᠯ ᠵᠦᠢᠯ ᠢ ᠨᠠᠶᠢᠳᠠᠪᠤᠷᠢᠵᠢᠭᠤᠯᠤᠨ ᠪᠥᠲᠥᠭᠡᠨ ᠪᠠᠶᠢᠭᠤᠯᠬᠤ ᠶᠢ ᠬᠦᠰᠡᠵᠦ ᠪᠠᠶᠢᠨ᠎ᠠ ᠭᠡᠪᠡ᠃ | ᠪᠡᠭᠡᠵᠢᠩ ᠤᠨ ᠸᠧᠢ ᠯᠠᠨ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ᠂ | ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠠᠵᠤ ᠠᠬᠤᠶᠢᠯᠠᠯ ᠤᠨ ᠦᠵᠡᠭᠦᠯᠦᠯᠭᠡ ᠶᠢᠨ ᠲᠢᠩᠬᠢᠮ ᠢ ᠲᠣᠭᠤᠷᠢᠨ | ᠦᠵᠡᠵᠦ᠂ ᠠᠵᠤ ᠠᠬᠤᠶᠢᠯᠠᠯ ᠤᠨ ᠲᠥᠯᠥᠪᠵᠢᠭᠦᠯᠭᠡ ᠬᠥᠭᠵᠢᠯᠲᠡ ᠶᠢᠨ ᠪᠠᠶᠢᠳᠠᠯ ᠢ ᠨᠠᠷᠢᠨ ᠣᠶᠢᠯᠠᠭᠠᠵᠤ᠂ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠠᠵᠤ ᠦᠢᠯᠡᠰ ᠤᠨ ᠬᠥᠭᠵᠢᠯᠲᠡ ᠶᠢ ᠬᠦᠳᠦᠯᠦᠨ ᠳᠠᠭᠠᠭᠤᠯᠤᠭᠰᠠᠨ | ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ ᠬᠤᠶᠠᠷ ᠲᠠᠯ᠎ᠠ ᠪᠠᠷ ᠢᠶᠠᠨ ᠪᠦᠷᠢᠨ ᠬᠠᠲᠠᠭᠤ ᠪᠡᠶᠡᠲᠦ ᠯᠢᠲ᠋ᠢ ᠶᠢ | ᠰᠤᠳᠤᠯᠤᠨ ᠨᠡᠭᠡᠭᠡᠬᠦ ᠪᠠ ᠦᠢᠯᠡᠳᠪᠦᠷᠢᠯᠡᠬᠦ ᠵᠡᠷᠭᠡ ᠪᠠᠶᠢᠳᠠᠯ ᠤᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃ | ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠬᠤᠰᠢᠭᠤᠨ ᠤ ᠨᠠᠮ ᠤᠨ ᠬᠤᠷᠢᠶᠠᠨ ᠤ ᠠᠯᠪᠠᠨ ᠬᠡᠷ ᠤᠨ ᠡᠷᠬᠢᠯᠡᠭᠴᠢ ᠵᠠᠩ ᠪᠢᠨ᠂ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠪᠠᠯᠠ | ᠣᠷᠣᠭᠤᠯᠤᠯᠲᠠ ᠶᠢ ᠠᠬᠢᠭᠤᠯᠬᠤ ᠲᠥᠪ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠰᠢᠨᠵᠢᠯᠡᠨ | ᠪᠠᠶᠢᠴᠠᠭᠠᠬᠤ ᠳᠤ ᠣᠷᠣᠯᠴᠠᠵᠠᠶ᠃ | | | | ᠵᠣᠬᠢᠶ᠋ᠬᠠᠴᠢ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ | ᠣᠷᠴᠢᠭᠤᠯᠣᠨᠨᠴᠢ᠄ ᠭᠧ ᠲᠣᠸᠠᠨ ᠯᠢᠶᠡᠨ |