| ᠨᠢᠭᠡ᠂ ᠲᠥᠷᠥ ᠶᠢᠨ ᠪᠣᠳᠣᠯᠭ᠎ᠠ ᠶᠢᠨ ᠠᠬᠤᠢ ᠪᠠᠶᠢᠳᠠᠯ ᠲᠣᠭᠠᠴᠢᠯᠠᠭᠰᠠᠨ ᠠᠵᠤ ᠠᠬᠤᠢ ᠶᠢ ᠶᠡᠬᠡᠪᠡᠷ | ᠬᠥᠭᠵᠢᠭᠦᠯᠬᠦ ᠪᠣᠯ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠬᠥᠭᠵᠢᠯᠲᠡ ᠶᠢᠨ ᠰᠢᠨ᠎ᠡ ᠬᠠᠨᠳᠤᠰᠢ | ᠂ ᠰᠢᠨ᠎ᠡ ᠱᠠᠭᠠᠷᠳᠠᠯᠭ᠎ᠠ ᠶᠢ ᠡᠵᠡᠮᠳᠡᠬᠦ ᠪᠠᠶᠢᠯᠳᠤᠬᠤ ᠪᠣᠳᠣᠯᠭ᠎ᠠ ᠶᠢᠨ ᠰᠣᠩᠭᠤᠯᠲᠠ ᠪᠣᠯᠣᠨ᠎ᠠ᠃ ᠲᠣᠭᠠᠴᠢᠯᠠᠭᠰᠠᠨ | ᠠᠵᠤ ᠠᠬᠤᠢ ᠶᠢᠨ ᠬᠥᠭᠵᠢᠯᠲᠡ ᠶᠢ ᠲᠦᠷᠭᠡᠳᠬᠡᠬᠦ ᠲᠤᠬᠠᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ | ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠴᠢᠬᠤᠯᠠ ᠶᠡᠭᠡ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠵᠤ᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠲᠣᠭᠠᠴᠢᠯᠠᠭᠰᠠᠨ ᠠᠵᠤ ᠠᠬᠤᠢ ᠶᠢᠨ | ᠬᠥᠭᠵᠢᠯᠲᠡ ᠶᠢᠨ ᠲᠥᠯᠦᠪᠵᠢᠭᠦᠯᠭᠡ︾ ︽ᠤᠯᠠᠭᠠᠨᠴᠠᠪ ᠬᠤᠲᠠ ᠶᠢᠨ ᠲᠣᠭᠠᠴᠢᠯᠠᠭᠰᠠᠨ ᠠᠵᠤ ᠠᠬᠤᠢ ᠶᠢᠨ | ᠬᠥᠭᠵᠢᠯᠲᠡ ᠶᠢᠨ ᠳᠥᠷᠪᠡᠨ ᠲᠤᠰᠬᠠᠢ ᠲᠥᠰᠥᠯ︾ ᠵᠡᠷᠭᠡ ᠬᠤᠯᠪᠣᠭᠳᠠᠯ ᠪᠦᠬᠦᠢ ᠱᠠᠭᠠᠷᠳᠠᠯᠭ᠎ᠠ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠬᠤ ᠶᠢᠨ ᠲᠤᠰᠠᠳᠠ᠂ ᠮᠠᠨ ᠤ ᠬᠤᠲᠠ ᠪᠣᠳᠠᠲᠠᠢ ᠲᠠᠢ ᠪᠠᠨ ᠤᠶᠠᠯᠳᠤᠭᠤᠯᠤᠨ᠂ ᠲᠣᠰ | ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠣᠨᠴᠠᠭᠠᠶᠢᠯᠠᠨ ᠲᠣᠭᠲᠠᠭᠠᠪᠠ᠃ | ᠬᠤᠶᠠᠷ᠂ ᠨᠡᠶᠢᠲᠡᠯᠡᠭᠰᠡᠨ ᠠᠴᠢ ᠬᠤᠯᠪᠣᠭᠳᠠᠯ ᠪᠦᠬᠦ ᠤᠯᠤᠰ ᠤᠨ ᠨᠢᠭᠡ ᠴᠣᠭᠴᠠᠵᠢᠭᠰᠠᠨ ᠪᠣᠳᠣᠯᠭ᠎ᠠ ᠶᠢᠨ | ᠬᠦᠴᠦᠨ ᠤ ᠰᠦᠯᠵᠢᠶ᠎ᠡ ᠶᠢᠨ ᠤᠯᠤᠰ ᠤᠨ ᠵᠠᠩᠭᠢᠯᠠᠭ᠎ᠠ ᠶᠢᠨ ᠴᠡᠭ ᠪᠣᠯᠬᠤ ᠥᠪᠥᠷ ᠮᠣᠩᠭᠤᠯ ᠤᠨ ᠵᠠᠩᠭᠢᠯᠠᠭ᠎ᠠ ᠶᠢᠨ | ᠭᠤᠣᠯ ᠣᠷᠣᠨ ᠢ ᠪᠠᠶᠢᠭᠤᠯᠬᠤ ᠰᠢᠨ᠎ᠡ ᠠᠵᠠ ᠲᠣᠬᠢᠶᠠᠯ ᠢ ᠠᠮᠵᠢᠨ ᠠᠳᠬᠤᠵᠦ᠂ ᠮᠠᠨ ᠤ ᠬᠤᠲᠠ ᠶᠢᠨ | ᠲᠣᠭᠠᠴᠢᠯᠠᠭᠰᠠᠨ ᠠᠵᠤ ᠠᠬᠤᠢ ᠶᠢ ᠰᠢᠯᠢᠳᠡᠭᠵᠢᠭᠦᠯᠦᠨ ᠬᠦᠴᠦᠷᠬᠡᠭᠵᠢᠭᠦᠯᠬᠦ ᠶᠢ ᠭᠦᠨᠵᠡᠭᠡᠢ ᠠᠬᠢᠭᠤᠯᠵᠤ᠂ | ᠲᠣᠭᠠᠴᠢᠯᠠᠭᠰᠠᠨ ᠠᠵᠤ ᠠᠬᠤᠢ ᠶᠢᠨ ᠭᠤᠣᠯᠯᠠᠬᠤ ᠠᠵᠤ ᠦᠢᠯᠡᠰ ᠢ ᠬᠥᠭᠵᠢᠭᠦᠯᠦᠨ᠂ ᠤᠯᠠᠮᠵᠢᠯᠠᠯᠲᠤ ᠠᠵᠤ | ᠦᠢᠯᠡᠰ ᠤᠨ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠬᠤ ᠶᠢ ᠠᠬᠢᠭᠤᠯᠵᠤ᠂ ᠲᠣᠭᠠᠴᠢᠯᠠᠭᠰᠠᠨ ᠠᠵᠤ ᠠᠬᠤᠢ ᠶᠢᠨ | ᠠᠵᠤ ᠦᠢᠯᠡᠰ ᠤᠨ ᠬᠥᠭᠵᠢᠯᠲᠡ ᠶᠢᠨ ᠠᠮᠢ ᠠᠬᠤᠢ ᠶᠢ ᠰᠢᠯᠢᠳᠡᠭᠵᠢᠭᠦᠯᠦᠨ᠂ ᠠᠵᠤ ᠠᠬᠤᠢ ᠶᠢᠨ ᠬᠥᠭᠵᠢᠯᠲᠡ ᠶᠢᠨ | ᠰᠢᠨ᠎ᠡ ᠬᠥᠳᠡᠯᠭᠡᠬᠦ ᠬᠦᠴᠦᠨ ᠢ ᠪᠤᠶᠢᠵᠢᠭᠤᠯᠤᠨ ᠪᠤᠵᠠᠭᠠᠶᠢᠷᠠᠭᠤᠯᠵᠤ᠂ ᠮᠠᠨ ᠤ ᠬᠤᠲᠠ ᠶᠢᠨ ᠲᠣᠭᠠᠴᠢᠯᠠᠭᠰᠠᠨ ᠠᠵᠤ | ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ | ᠭᠤᠷᠪᠠ᠂ ᠠᠵᠢᠯ ᠤᠨ ᠬᠠᠷᠠᠯᠲᠠ ᠪᠦᠬᠦ ᠬᠤᠳᠠ ᠶᠢᠨ ᠲᠣᠭᠠᠴᠢᠯᠠᠭᠰᠠᠨ ᠠᠵᠤ ᠠᠬᠤᠢ ᠶᠢᠨ ᠠᠵᠢᠯ ᠢ ᠤᠯᠠᠮ | ᠴᠢᠨᠠᠭᠰᠢᠳᠠ ᠵᠢᠯᠤᠭᠤᠳᠴᠤ᠂ ᠪᠦᠬᠦ ᠬᠤᠳᠠ ᠶᠢᠨ ᠲᠣᠭᠠᠴᠢᠯᠠᠭᠰᠠᠨ ᠠᠵᠤ ᠠᠬᠤᠢ ᠶᠢ ᠰᠢᠨ᠎ᠡ ᠳᠡᠭᠲᠡᠷ ᠲᠤ ᠭᠠᠷᠭᠠᠵᠦ | ᠂ ᠲᠣᠭᠠᠴᠢᠯᠠᠭᠰᠠᠨ ᠰᠢᠨ᠎ᠡ ᠶᠢ ᠡᠭᠦᠳᠬᠦ ᠶᠢᠨ ᠬᠥᠲᠥᠯᠥᠨ ᠳᠠᠭᠠᠭᠤᠯᠬᠤ ᠴᠢᠳᠠᠪᠤᠷᠢ ᠶᠢ ᠶᠡᠬᠡᠪᠡᠷ ᠳᠡᠭᠡᠭᠰᠢᠯᠡᠭᠦᠯᠵᠦ᠂ | ᠣᠶᠤᠨᠴᠢᠯᠠᠭᠰᠠᠨ ᠲᠦᠪᠰᠢᠨ ᠢ ᠢᠯᠡᠳᠲᠡ ᠳᠡᠭᠡᠭᠰᠢᠯᠡᠭᠦᠯᠵᠦ᠂ ᠲᠣᠭᠠᠴᠢᠯᠠᠭᠰᠠᠨ ᠮᠡᠷᠭᠡᠵᠢᠯ ᠪᠣᠯᠣᠨ ᠪᠣᠳᠠᠲᠤ | ᠴᠣᠭᠴᠠ ᠶᠢᠨ ᠠᠵᠤ ᠠᠬᠤᠢ ᠶᠢᠨ ᠠᠭᠤᠰᠤᠯᠴᠠᠯ ᠢ ᠢᠯᠡᠳᠲᠡ ᠦᠷ᠎ᠡ ᠪᠦᠲᠦᠮᠵᠢ ᠲᠠᠢ ᠪᠣᠯᠭᠠᠵᠤ᠂ ᠲᠣᠭᠠᠴᠢᠯᠠᠭᠰᠠᠨ | ᠠᠵᠤ ᠠᠬᠤᠢ ᠶᠢᠨ ᠵᠠᠰᠠᠯᠲᠠ ᠶᠢᠨ ᠰᠢᠰᠲ᠋ᠧᠮ ᠢ ᠦᠨᠳᠦᠰᠦᠨ ᠳᠡᠭᠡᠨ ᠪᠦᠷᠢᠨᠰᠢᠭᠦᠯᠵᠦ᠂ ᠲᠣᠭᠠᠴᠢᠯᠠᠭᠰᠠᠨ ᠠᠵᠤ | ᠠᠬᠤᠢ ᠶᠢᠨ ᠥᠷᠢᠰᠦᠯᠳᠦᠬᠦ ᠬᠦᠴᠦᠨ ᠪᠣᠯᠣᠨ ᠨᠥᠯᠥᠭᠡᠯᠡᠬᠦ ᠬᠦᠴᠦᠨ ᠢ ᠲᠣᠭᠲᠠᠭᠤᠨ ᠢᠶᠠᠷ ᠳᠡᠭᠡᠭᠰᠢᠯᠡᠭᠦᠯᠦᠨ᠎ᠡ᠃ | ᠳᠥᠷᠪᠡ᠂ ᠭᠤᠣᠯ ᠠᠭᠤᠯᠭ᠎ᠠ | ︽ᠤᠯᠠᠭᠠᠨᠴᠠᠪ ᠬᠤᠲᠠ ᠶᠢᠨ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢ ᠳᠡᠮᠵᠢᠬᠦ ᠲᠥᠷᠥ ᠶᠢᠨ | ᠪᠣᠳᠣᠯᠭ᠎ᠠ︾ ᠨᠢ ᠨᠡᠶᠢᠲᠡ ᠵᠢᠷᠭᠤᠭᠠᠨ ᠬᠡᠰᠡᠭ ᠠᠭᠤᠯᠭ᠎ᠠ ᠲᠠᠢ᠃ | ᠨᠢᠭᠡᠳᠦᠭᠡᠷ ᠬᠡᠰᠡᠭ᠂ ᠪᠣᠳᠣᠯᠭ᠎ᠠ ᠶᠢᠨ ᠬᠦᠴᠦᠨ ᠤ ᠰᠦᠯᠵᠢᠶ᠎ᠡ ᠶᠢᠨ ᠤᠯᠤᠰ ᠤᠨ ᠵᠠᠩᠭᠢᠯᠠᠭ᠎ᠠ ᠶᠢᠨ ᠴᠡᠭ ᠤᠨ | ᠪᠠᠶᠢᠭᠤᠯᠤᠯᠲᠠ ᠶᠢ ᠳᠡᠮᠵᠢᠨ᠎ᠡ᠃ ᠲᠤᠭ᠎ᠠ ᠪᠠᠷᠢᠮᠲᠠ ᠶᠢᠨ ᠲᠥᠪ ᠤᠨ ᠲᠥᠷᠥᠯ ᠵᠦᠢᠯ ᠤᠨ ᠡᠨᠧᠷᠭᠢ ᠬᠡᠷᠡᠭᠯᠡᠬᠦ ᠪᠠ | ᠭᠠᠵᠠᠷ ᠬᠡᠷᠡᠭᠯᠡᠬᠦ ᠶᠢ ᠪᠠᠲᠤᠯᠠᠬᠤ᠂ ᠲᠤᠭ᠎ᠠ ᠪᠠᠷᠢᠮᠲᠠ ᠶᠢᠨ ᠲᠥᠪ ᠤᠨ ᠲᠥᠷᠥᠯ ᠵᠦᠢᠯ ᠤᠨ ᠴᠠᠬᠢᠯᠭᠠᠨ ᠤ ᠦᠨ᠎ᠡ ᠶᠢ | ᠲᠡᠳᠬᠦᠬᠦ ᠬᠤᠶᠠᠷ ᠲᠠᠯ᠎ᠠ ᠠᠴᠠ ᠲᠥᠷᠥ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠦᠨ᠎ᠡ᠃ | ᠬᠤᠶᠠᠳᠤᠭᠠᠷ ᠬᠡᠰᠡᠭ᠂ ᠲᠣᠭᠠᠴᠢᠯᠠᠭᠰᠠᠨ ᠠᠵᠤ ᠦᠢᠯᠡᠰ ᠤᠨ ᠲᠦᠷᠭᠡᠨ ᠬᠥᠭᠵᠢᠯᠲᠡ ᠶᠢ ᠳᠡᠮᠵᠢᠨ᠎ᠡ᠃ | ᠲᠣᠭᠠᠴᠢᠯᠠᠭᠰᠠᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠢ ᠪᠤᠵᠠᠭᠠᠶᠢᠷᠠᠭᠤᠯᠬᠤ᠂ ᠵᠥᠭᠡᠯᠡᠨ ᠲᠣᠨᠤᠭ | ᠬᠢᠭᠡᠳ ᠮᠡᠳᠡᠭᠡ ᠵᠠᠩᠭᠢ ᠶᠢᠨ ᠦᠢᠯᠡᠴᠢᠯᠡᠭᠡᠨ ᠤ ᠠᠵᠤ ᠠᠬᠤᠶᠢᠯᠠᠯ ᠢ ᠪᠤᠵᠠᠭᠠᠶᠢᠷᠠᠭᠤᠯᠤᠨ ᠰᠢᠯᠢᠳᠡᠭᠵᠢᠭᠦᠯᠬᠦ ᠶᠢ | ᠵᠣᠷᠢᠭᠵᠢᠭᠤᠯᠬᠤ᠂ ᠲᠣᠮᠣ ᠳ᠋ᠠᠶᠢᠲ᠋ᠠ ᠶᠢᠨ ᠠᠵᠤ ᠦᠢᠯᠡᠰ ᠤᠨ ᠬᠡᠯᠬᠢᠶᠡᠨ ᠤ ᠳᠡᠭᠡᠳᠦ ᠳᠣᠣᠷᠠᠳᠤ ᠤᠷᠤᠰᠬᠠᠯ ᠤᠨ | ᠵᠣᠯᠭᠠᠯᠳᠤᠯ ᠢ ᠴᠢᠩᠭᠠᠷᠠᠭᠤᠯᠬᠤ᠂ ᠲᠣᠮᠣ ᠳ᠋ᠠᠶᠢᠲ᠋ᠠ ᠶᠢᠨ ᠦᠢᠯᠡᠴᠢᠯᠡᠭᠡᠨ ᠤ ᠭᠠᠳᠠᠭᠰᠢ ᠳᠠᠭᠠᠭᠠᠴᠢᠯᠠᠭᠤᠯᠬᠤ ᠠᠵᠤ | ᠦᠢᠯᠡᠰ ᠢ ᠶᠡᠬᠡᠪᠡᠷ ᠬᠥᠭᠵᠢᠭᠦᠯᠬᠦ ᠳᠥᠷᠪᠡᠨ ᠲᠠᠯ᠎ᠠ ᠠᠴᠠ ᠲᠥᠷᠥ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠦᠨ᠎ᠡ᠃ | ᠭᠤᠷᠪᠠᠳᠤᠭᠠᠷ ᠬᠡᠰᠡᠭ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ | ᠳᠡᠮᠵᠢᠨ᠎ᠡ᠃ ᠠᠵᠤ ᠠᠬᠤᠶᠢᠯᠠᠯ ᠤᠨ ᠲᠣᠭᠠᠵᠢᠭᠤᠯᠬᠤ ᠥᠭᠡᠷᠡᠴᠢᠯᠡᠯᠲᠡ᠂ ᠠᠵᠤ ᠦᠢᠯᠡᠳᠪᠦᠷᠢ ᠶᠢᠨ ᠢᠨᠲ᠋ᠧᠷ | ᠰᠦᠯᠵᠢᠶ᠎ᠡ ᠶᠢᠨ ᠪᠦᠲᠦᠭᠡᠨ ᠪᠠᠶᠢᠭᠤᠯᠤᠯᠲᠠ᠂ ︽ᠠᠵᠤ ᠦᠢᠯᠡᠳᠪᠦᠷᠢᠵᠢᠯᠲᠡ ᠪᠠ ᠮᠡᠳᠡᠭᠡ ᠵᠠᠩᠭᠢᠵᠢᠯᠲᠠ ᠶᠢ | ᠠᠭᠤᠰᠤᠯᠴᠠᠭᠤᠯᠬᠤ︾ ᠶᠢᠨ ᠪᠠᠷᠢᠮᠵᠢᠶ᠎ᠠ ᠶᠢ ᠲᠤᠭᠤᠰᠢᠯᠠᠭᠤᠯᠬᠤ᠂ ᠲᠠᠷᠢᠶᠠᠯᠠᠩ ᠮᠠᠯ ᠠᠵᠤ ᠠᠬᠤᠢ ᠶᠢᠨ | ᠲᠣᠭᠠᠵᠢᠭᠤᠯᠬᠤ ᠬᠡᠯᠪᠡᠷᠢ ᠶᠢ ᠬᠤᠪᠢᠷᠠᠭᠤᠯᠬᠤ᠂ ᠦᠢᠯᠡᠴᠢᠯᠡᠭᠡᠨ ᠤ ᠦᠢᠯᠡᠰ ᠤᠨ ᠲᠣᠭᠠᠵᠢᠭᠤᠯᠬᠤ ᠬᠡᠯᠪᠡᠷᠢ ᠶᠢ | ᠬᠤᠪᠢᠷᠠᠭᠤᠯᠬᠤ ᠵᠡᠷᠭᠡ ᠲᠠᠯ᠎ᠠ ᠠᠴᠠ ᠲᠥᠷᠥ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠦᠨ᠎ᠡ᠃ | ᠳᠥᠷᠪᠡᠳᠦᠭᠡᠷ ᠬᠡᠰᠡᠭ᠂ ᠲᠣᠭᠠᠴᠢᠯᠠᠭᠰᠠᠨ ᠠᠵᠤ ᠠᠬᠤᠢ ᠶᠢᠨ ᠰᠢᠨ᠎ᠡ ᠶᠢ ᠡᠭᠦᠳᠬᠦ ᠬᠥᠭᠵᠢᠯᠲᠡ ᠶᠢ ᠲᠡᠮᠵᠢᠨ᠎ᠠ | ᠃ ᠲᠣᠭᠠᠴᠢᠯᠠᠭᠰᠠᠨ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠶᠢ ᠳᠡᠮᠵᠢᠬᠦ᠂ ᠲᠣᠭᠠᠴᠢᠯᠠᠭᠰᠠᠨ ᠰᠢᠨ᠎ᠡ ᠶᠢ | ᠡᠭᠦᠳᠬᠦ ᠠᠴᠢᠶᠠᠯᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ | ᠪᠦᠲᠦᠭᠡᠯ ᠢ ᠤᠯᠠᠷᠢᠭᠤᠯᠬᠤ ᠲᠠᠪᠴᠠᠩ ᠤᠨ ᠰᠢᠰᠲ᠋ᠧᠮᠵᠢ ᠶᠢ ᠪᠠᠶᠢᠭᠤᠯᠬᠤ᠂ ᠲᠣᠭᠠᠴᠢᠯᠠᠭᠰᠠᠨ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠤᠯᠠᠷᠢᠭᠤᠯᠬᠤ ᠶᠢ ᠵᠣᠷᠢᠭᠵᠢᠭᠤᠯᠬᠤ᠂ ᠠᠵᠤ | ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠢᠯ ᠢ ᠡᠭᠦᠷᠭᠡᠯᠡᠬᠦ ᠶᠢ | ᠵᠣᠷᠢᠭᠵᠢᠭᠤᠯᠬᠤ ᠵᠡᠷᠭᠡ ᠲᠠᠪᠤᠨ ᠲᠠᠯ᠎ᠠ ᠠᠴᠠ ᠲᠥᠷᠥ ᠶᠢᠨ ᠪᠣᠳᠣᠯᠭ᠎ᠠ ᠶᠢᠨ ᠳᠡᠮᠵᠢᠯᠭᠡ ᠦᠵᠡᠬᠦᠯᠦᠨ᠎ᠡ᠃ | ᠲᠠᠪᠤᠳᠤᠭᠠᠷ ᠬᠡᠰᠡᠭ᠂ ᠲᠣᠭᠠᠴᠢᠯᠠᠭᠰᠠᠨ ᠠᠵᠤ ᠠᠬᠤᠢ ᠶᠢᠨ ᠴᠢᠳᠠᠪᠤᠷᠢᠲᠠᠨ ᠤ ᠲᠤᠯᠭᠠᠭᠤᠷᠢᠯᠠᠯ ᠢ | ᠴᠢᠩᠭᠠᠳᠬᠠᠨ᠎ᠠ᠃ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠨ ᠮᠡᠷᠭᠡᠵᠢᠯ ᠤᠨ ᠴᠢᠳᠠᠪᠤᠷᠢᠲᠠᠨ ᠢ | ᠬᠥᠮᠥᠵᠢᠭᠦᠯᠬᠦ ᠶᠢ ᠵᠣᠷᠢᠭᠵᠢᠭᠤᠯᠬᠤ᠂ ᠲᠣᠭᠠᠴᠢᠯᠠᠭᠰᠠᠨ ᠠᠵᠤ ᠠᠬᠤᠢ ᠶᠢᠨ ᠰᠢᠨ᠎ᠡ ᠶᠢ ᠡᠭᠦᠳᠬᠦ ᠴᠢᠳᠠᠪᠤᠷᠢᠲᠠᠨ ᠢ | ᠶᠡᠬᠡᠪᠡᠷ ᠬᠥᠮᠥᠵᠢᠭᠦᠯᠬᠦ ᠬᠤᠶᠠᠷ ᠲᠠᠯ᠎ᠠ ᠠᠴᠠ ᠲᠥᠷᠥ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠦᠨ᠎ᠡ᠃ | ᠵᠢᠷᠭᠤᠳᠤᠭᠠᠷ ᠬᠡᠰᠡᠭ᠂ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢᠨ ᠣᠷᠴᠢᠨ ᠲᠣᠭᠤᠷᠢᠨ ᠢ | ᠰᠢᠯᠢᠳᠡᠭᠵᠢᠭᠦᠯᠦᠨ᠎ᠡ᠃ ᠲᠣᠭᠠᠵᠢᠭᠤᠯᠤᠭᠰᠠᠨ ᠠᠵᠤ ᠠᠬᠤᠢ ᠶᠢᠨ ᠠᠵᠤ ᠦᠢᠯᠡᠰ ᠤᠨ ᠰᠠᠭᠤᠷᠢ ᠮᠥᠩᠭᠦ ᠪᠠᠶᠢᠭᠤᠯᠬᠤ᠂ | ︽ᠲᠤᠰᠬᠠᠢ ᠨᠠᠷᠢᠯᠢᠭ ᠣᠨᠴᠠ ᠰᠢᠨ᠎ᠡ︾ ᠳᠤᠮᠳᠠ ᠵᠢᠵᠢᠭ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠬᠦ᠂ ᠠᠵᠤ | ᠠᠬᠤᠶᠢᠯᠠᠯ ᠤᠨ ᠦᠢᠯᠡᠳᠪᠦᠷᠢ ᠶᠢᠨ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢ ᠳᠡᠮᠵᠢᠬᠦ᠂ | ᠲᠣᠭᠠᠵᠢᠭᠤᠯᠤᠭᠰᠠᠨ ᠠᠵᠤ ᠠᠬᠤᠢ ᠶᠢᠨ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ᠪᠠ ᠵᠠᠬ᠎ᠠ | ᠳᠡᠯᠭᠡᠭᠦᠷ ᠲᠤ ᠭᠠᠷᠬᠤ ᠠᠵᠤ ᠠᠬᠤᠶᠢᠯᠠᠯ ᠤᠨ ᠰᠢᠯᠵᠢᠨ ᠣᠷᠣᠬᠤ ᠶᠢ ᠵᠣᠷᠢᠭᠵᠢᠭᠤᠯᠬᠤ᠂ ᠬᠤᠲᠠ ᠳᠤ ᠰᠠᠭᠤᠭ᠎ᠠ | ᠠᠵᠤ ᠠᠬᠤᠶᠢᠯᠠᠯ ᠤᠨ ᠬᠤᠭᠤᠷᠣᠨᠳᠤ ᠪᠠᠨ ᠬᠠᠮᠲᠤᠷᠠᠯᠴᠠᠬᠤ ᠬᠠᠷᠢᠴᠠᠭ᠎ᠠ ᠪᠠᠶᠢᠭᠤᠯᠬᠤ ᠶᠢ ᠵᠣᠷᠢᠭᠵᠢᠭᠤᠯᠬᠤ᠂ | ᠲᠣᠭᠠᠵᠢᠭᠤᠯᠤᠭᠰᠠᠨ ᠠᠵᠤ ᠠᠬᠤᠢ ᠶᠢᠨ ᠬᠦᠷᠢᠶᠡᠨ ᠳᠠᠬᠢ ᠠᠳᠠᠯ ᠦᠢᠯᠡᠰ ᠴᠣᠭᠴᠠᠯᠠᠬᠤ ᠲᠠᠭᠠᠭᠠᠯᠳᠠᠳᠤ | ᠵᠢᠭᠡᠯᠡᠯᠭᠡ ᠶᠢᠨ ᠲᠤᠭ᠎ᠠ ᠬᠡᠮᠵᠢᠶ᠎ᠡ ᠶᠢ ᠵᠣᠬᠢᠰᠲᠠᠢ ᠳᠡᠭᠡᠭᠰᠢᠯᠡᠭᠦᠯᠬᠦ ᠵᠡᠷᠭᠡ ᠵᠢᠷᠭᠤᠭᠠᠨ ᠲᠠᠯ᠎ᠠ ᠠᠴᠠ ᠲᠥᠷᠥ ᠶᠢᠨ | ᠪᠣᠳᠣᠯᠭ᠎ᠠ ᠶᠢᠨ ᠳᠡᠮᠵᠢᠯᠭᠡ ᠦᠵᠡᠭᠦᠯᠦᠨ᠎ᠡ᠃ | ᠲᠠᠪᠤ᠂ ᠪᠤᠰᠤᠳ ᠵᠦᠢᠯᠡᠰ | 1. ᠡᠯ᠎ᠡ ᠬᠠᠷᠢᠭᠤᠴᠠᠯᠭᠠᠲᠤ ᠨᠢᠭᠡᠴᠢ ᠤᠳ ᠳᠡᠮᠵᠢᠬᠦ ᠲᠥᠷᠥ ᠶᠢᠨ ᠪᠣᠳᠣᠯᠭ᠎ᠠ ᠶᠢ ᠭᠦᠢᠴᠡᠳ ᠬᠡᠷᠡᠭᠯᠡᠨ᠂ | ᠲᠣᠭᠠᠴᠢᠯᠠᠭᠰᠠᠨ ᠠᠵᠤ ᠠᠬᠤᠢ ᠶᠢᠨ ᠠᠵᠤ ᠠᠬᠤᠶᠢᠯᠠᠯ ᠢ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ | ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢᠨ ᠬᠦᠴᠦᠨ ᠢ ᠴᠢᠩᠭᠠᠷᠠᠭᠤᠯᠬᠤ ᠬᠡᠷᠡᠭᠲᠡᠢ᠃ | 2. ᠳᠡᠮᠵᠢᠬᠦ ᠲᠥᠷᠥ ᠶᠢᠨ ᠪᠣᠳᠣᠯᠭ᠎ᠠ ᠳᠤ ᠬᠤᠯᠪᠣᠭᠳᠠᠭᠰᠠᠨ ᠡᠯ᠎ᠡ ᠵᠦᠢᠯ ᠤᠨ ᠱᠠᠩᠨᠠᠵᠤ ᠨᠥᠬᠦᠪᠦᠷᠢᠯᠡᠬᠦ ᠶᠢ | ᠠᠵᠤ ᠠᠬᠤᠶᠢᠯᠠᠯ ᠠᠴᠠ ᠪᠣᠳᠠᠲᠤ ᠪᠠᠶᠢᠳᠠᠯ ᠢ ᠦᠨᠳᠦᠰᠦᠯᠡᠨ ᠪᠡᠶ᠎ᠡ ᠪᠠᠨ ᠳᠠᠭᠠᠭᠠᠨ ᠮᠡᠳᠡᠭᠦᠯᠵᠦ᠂ ᠬᠤᠲᠠ ᠶᠢᠨ | ᠰᠢᠭᠤᠳ ᠬᠠᠷᠢᠶ᠎ᠠ ᠬᠠᠮᠢᠶ᠎ᠠ ᠪᠦᠬᠦᠢ ᠬᠠᠷᠢᠭᠤᠴᠠᠯᠭᠠᠲᠤ ᠨᠢᠭᠡᠴᠢ ᠠᠴᠠ ᠬᠢᠨᠠᠨ ᠬᠠᠷᠭᠤᠭᠤᠯᠵᠤ᠂ ᠥᠪᠡᠷᠲᠡᠭᠡᠨ ᠵᠠᠰᠠᠬᠤ | ᠣᠷᠣᠨ ᠪᠤᠶᠤ ᠬᠤᠲᠠ ᠶᠢᠨ ᠱᠠᠲᠤᠨ ᠳᠤ ᠮᠡᠳᠡᠭᠦᠯᠦᠨ᠎ᠡ᠃ ᠬᠡᠷᠡᠭᠵᠢᠭᠦᠯᠬᠦ ᠶᠠᠪᠤᠴᠠ ᠳᠤ ᠠᠵᠤ ᠠᠬᠤᠶᠢᠯᠠᠯ ᠪᠤᠶᠤ | ᠬᠤᠪᠢ ᠬᠥᠮᠥᠨ ᠢ ᠬᠥᠭᠵᠢᠭᠦᠯᠬᠦ ᠳᠤ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠬᠤ ᠦᠶ᠋ᠯᠡ ᠠᠵᠢᠯᠯᠠᠭ᠎ᠠ ᠲᠠᠢ | ᠪᠠᠶᠢᠪᠠᠯ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠬᠦᠷᠳᠡᠬᠦ ᠬᠢᠷᠢ ᠬᠡᠮ ᠢ ᠨᠢ ᠬᠦᠴᠦᠨ ᠦᠭᠡᠢ ᠪᠣᠯᠭᠠᠨ᠎ᠠ᠃ | 3. ᠪᠤᠰᠤᠳ ᠬᠢᠵᠦ ᠳᠠᠭᠤᠰᠤᠭᠠᠳᠤᠢ ᠵᠦᠢᠯᠡᠰ ᠢ ᠲᠣᠭᠠᠴᠢᠯᠠᠭᠰᠠᠨ ᠠᠵᠤ ᠠᠬᠤᠢ ᠶᠢᠨ ᠠᠵᠢᠯ ᠤᠨ | ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠬᠠᠮᠢᠶ᠎ᠠ ᠪᠦᠬᠦᠢ ᠬᠠᠷᠢᠭᠤᠴᠠᠯᠭᠠᠲᠤ ᠰᠠᠯᠠᠭ᠎ᠠ ᠮᠥᠴᠢᠷ ᠲᠠᠢ | ᠬᠠᠮᠲᠤᠷᠠᠨ ᠬᠠᠷᠢᠭᠤᠴᠠᠨ ᠲᠠᠶᠢᠯᠪᠤᠷᠢᠯᠠᠨ᠎ᠠ᠃ | |