ᠨᠠᠮᠤᠷ ᠤᠨ ᠬᠤᠷᠢᠶᠠᠯᠲᠠ ᠶᠢᠨ ᠴᠠᠭ ᠬᠦᠷᠴᠦ ᠢᠷᠡᠨ᠂ ᠰᠢᠷᠭᠠᠯ ᠨᠠᠮᠣᠷ ᠤᠨ ᠦᠩᠭᠡ ᠦᠵᠡᠮᠵᠢ ᠵᠢᠷᠤᠭ ᠮᠡᠳᠥ | ᠲᠣᠳᠣᠷᠠᠵᠦ᠂ ᠡᠯᠪᠡᠭ ᠬᠤᠷᠢᠶᠠᠯᠲᠡ ᠶᠢᠨ ᠢᠷᠠᠭᠤ ᠲᠠᠭᠤᠨ ᠴᠣᠣᠷᠢᠶᠠᠳᠣᠨᠠ᠃ ᠣᠳᠣᠬᠠᠨ ᠳᠤ ᠴᠠᠬᠠᠷ ᠪᠠᠷᠠᠭᠤᠨ | ᠭᠠᠷᠤᠨ ᠳᠤᠮᠳᠠᠳᠤ ᠬᠤᠰᠢᠭᠤᠨ ᠤ ᠤᠰᠤᠲᠤ ᠪᠠᠯᠭᠠᠰᠤᠨ ᠤ ᠤᠯᠠᠭᠠᠨ ᠯᠤᠤᠪᠠᠩ ᠡᠯᠪᠡᠭ ᠬᠤᠷᠢᠶᠠᠯᠲᠠ ᠣᠯᠵᠦ᠂ | ᠲᠠᠷᠢᠶᠠᠨ ᠭᠠᠵᠠᠷ ᠲᠤ ᠡᠯᠪᠡᠭ ᠬᠤᠷᠢᠶᠠᠯᠲᠡ ᠵᠢᠨᠪᠠᠶᠡᠷ ᠪᠠᠶᠠᠰᠣᠯ ᠵᠢᠴᠢ ᠶᠠᠭᠠᠷᠠᠯᠲᠠᠶ ᠪᠠᠶᠢᠳᠡᠯ ᠢᠯᠡᠷᠡᠵᠡᠢ᠃ | | | | | ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠰᠤᠲᠤ ᠪᠠᠯᠭᠠᠰᠤᠨ ᠤ ᠤᠯᠠᠭᠠᠨ ᠯᠤᠤᠪᠠᠩ ᠲᠠᠷᠢᠬᠤ | ᠰᠠᠭᠤᠷᠢᠨ ᠭᠠᠵᠠᠷ ᠲᠤ ᠬᠦᠷᠬᠦ ᠳᠤ᠂ ᠤᠯᠠᠭᠠᠨ ᠯᠤᠤᠪᠠᠩ ᠢᠭᠴᠤ ᠰᠠᠬᠤᠯᠢᠭ ᠣᠷᠭᠤᠵᠦ᠂ ᠤᠷᠭᠤᠴᠠ ᠨᠢ | ᠬᠦᠮᠦᠰ ᠤᠨ ᠰᠡᠳᠬᠢᠯ ᠢ ᠪᠠᠶᠠᠰᠬᠠᠨ᠎ᠠ᠃ ᠲᠠᠷᠢᠶᠠᠨ ᠭᠠᠵᠡᠷ ᠲᠤ ᠲᠠᠷᠢᠶᠠᠯᠠᠩ ᠤᠨ ᠮᠠᠰᠢᠨ ᠤ ᠬᠦᠩᠭᠢᠨᠡᠬᠦ ᠳᠠᠭᠤᠨ ᠢ | ᠳᠠᠭᠠᠯᠳᠤᠨ ᠤᠯᠠᠭᠠᠨ ᠯᠤᠤᠪᠠᠩ ᠭᠠᠵᠡᠷ ᠲᠣᠣᠷ᠎ᠡ ᠠᠴᠠ ᠣᠨᠳᠣᠷᠣᠨ ᠭᠠᠷᠴᠦ ᠢᠷᠡᠨ᠂ ᠲᠠᠷᠢᠶᠠᠴᠢᠳ ᠡᠮᠬᠢᠯᠡᠬᠦ᠂ | ᠣᠭᠤᠳᠡᠨ ᠳᠤ ᠰᠠᠪᠠᠯᠠᠬᠤ᠂ ᠵᠥᠭᠡᠭᠡᠪᠦᠷᠢᠯᠡᠬᠦ ᠢᠶᠠᠷ ᠶᠠᠭᠠᠷᠠᠯᠳᠣᠵᠦ ᠪᠠᠶᠢᠯ᠎ᠠ᠃ ᠲᠡᠭᠦᠵᠦ ᠬᠤᠷᠢᠶᠠᠭᠰᠠᠨ ᠤ ᠳᠠᠷᠠᠭᠠᠬᠢ | ᠤᠯᠠᠭᠠᠨ ᠯᠤᠤᠪᠠᠩ ᠢ ᠲᠡᠷᠡ ᠳᠠᠷᠤᠶ ᠳᠤᠨᠢ ᠲᠤᠬᠠᠶ ᠶᠢᠨ ᠭᠠᠵᠠᠷ ᠤᠨ ᠡᠳ᠋ᠰᠢᠭᠦᠯᠬᠦ ᠠᠵᠤ ᠠᠬᠤᠶᠢᠯᠠᠯ ᠳᠤ | ᠵᠥᠭᠡᠭᠡᠪᠦᠷᠢᠯᠡᠨ ᠡᠳ᠋ᠰᠢᠭᠦᠯᠵᠦ᠂ ᠦᠢᠯᠡᠳᠪᠦᠷᠢ ᠶᠢᠨ ᠲᠠᠰᠤᠭ ᠲᠤ᠂ ᠠᠵᠢᠯᠴᠢᠳ ᠤᠬᠢᠶᠠᠵᠤ ᠴᠡᠪᠡᠷᠯᠡᠬᠦ᠂ ᠢᠯᠭᠠᠬᠤ᠂ | ᠣᠭᠤᠳᠡᠨ ᠳᠤ ᠰᠠᠪᠠᠯᠠᠵᠦ᠂ ᠪᠠᠭᠯᠬᠠᠰᠠᠨ ᠤᠯᠠᠭᠠᠨ ᠯᠤᠤᠪᠠᠩ ᠢ ᠲᠡᠷᠢ ᠲᠡᠭᠰᠢ ᠪᠠᠷ ᠲᠡᠷᠭᠡᠨ ᠳᠤ ᠲᠡᠭᠡᠭᠡᠵᠦ᠂ | ᠬᠦᠮᠦᠷᠭᠡᠯᠡᠬᠦ ᠳᠤ ᠪᠡᠯᠡᠬᠡᠨ ᠪᠣᠯᠣᠯ᠎ᠠ᠃ | | | | | ᠦᠢᠯᠡᠳᠪᠦᠷᠢ ᠶᠢᠨ ᠲᠠᠰᠤᠭ ᠤᠨ ᠠᠵᠢᠯᠴᠢᠨ ᠵᠦ ᠾᠦᠢ᠄ ︽ᠪᠢ ᠾᠧᠨᠠᠨ ᠠᠴᠠ ᠢᠷᠡᠭᠰᠡᠨ ᠶᠤᠮ᠂ ᠪᠢᠳᠡ | ᠤᠯᠠᠭᠠᠨ ᠯᠤᠤᠪᠠᠩ ᠣᠭᠤᠳᠠᠯᠬᠤ ᠪᠠᠷ ᠢᠷᠡᠪᠡ᠂ ᠨᠢᠭᠡ ᠡᠳᠦᠷ ᠳᠥᠷᠪᠡ ᠲᠠᠪᠤᠨ ᠵᠠᠭᠤᠨ ᠲᠥᠭᠦᠷᠢᠭ ᠣᠯᠣᠴᠢᠬᠠᠨᠠ︾ | ᠭᠡᠵᠦ ᠪᠠᠶᠠᠷᠳᠠᠶᠢᠬᠠᠨ ᠬᠡᠯᠡᠪᠡ᠃ | ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠰᠤᠲᠤ ᠪᠠᠯᠭᠠᠰᠤ ᠡᠯᠡᠰᠦᠷᠬᠡᠭ ᠭᠠᠵᠡᠷ ᠲᠤ | ᠪᠠᠶᠢᠷᠢᠯᠠᠵᠤ᠂ ᠬᠥᠷᠥᠰᠥ ᠰᠢᠷᠣᠶ ᠨᠢ ᠵᠥᠭᠡᠯᠡᠨ᠂ ᠬᠡᠷᠡᠯ ᠤᠨ ᠲᠤᠰᠤᠯᠲᠠ ᠣᠷᠳᠣ᠂ ᠳᠤᠯᠠᠭᠠᠨ ᠤ ᠵᠥᠷᠢᠶ᠎ᠡ ᠶᠡᠭᠡ | ᠪᠠᠶᠢᠳᠠᠭ᠂ ᠣᠯᠠᠨ ᠵᠢᠯ ᠤᠨ ᠬᠥᠭᠵᠢᠯᠲᠡ ᠪᠠᠷ ᠳᠠᠮᠵᠢᠨ᠂ ᠤᠯᠠᠭᠠᠨ ᠯᠤᠤᠪᠠᠩ ᠳᠠᠷᠢᠬᠤ ᠨᠢ ᠨᠢᠭᠡᠨᠲᠡ ᠲᠤᠬᠠᠶ ᠶᠢᠨ | ᠭᠠᠵᠠᠷ ᠤᠨ ᠲᠠᠷᠢᠶᠠᠯᠠᠩ ᠤᠨ ᠭᠠᠷᠤᠯᠲᠠ ᠪᠠᠨ ᠨᠡᠮᠡᠭᠳᠡᠭᠦᠯᠵᠦ ᠣᠷᠣᠯᠭ᠎ᠠ ᠪᠠᠨ ᠨᠡᠮᠡᠭᠳᠡᠭᠦᠯᠬᠦ ᠭᠤᠤᠯ ᠠᠵᠤ | ᠦᠢᠯᠡᠰ ᠤᠨ ᠨᠢᠭᠡ ᠨᠢ ᠪᠣᠯᠵᠣ᠂ ᠠᠳᠡᠬᠢ ᠤᠯᠠᠭᠠᠨ ᠯᠤᠤᠪᠠᠩ ᠨᠢ ᠲᠣᠮᠣ᠂ ᠬᠠᠯᠢᠰᠦ ᠨᠢ ᠨᠢᠮᠭᠡᠨ ᠪᠥᠭᠡᠳ | ᠠᠮᠳᠠᠳᠠᠢ᠂ ᠥᠩᠭᠡ ᠨᠢ ᠣᠯᠠᠭᠠᠨ᠂ ᠸᠢᠲ᠋ᠠᠮᠢᠨ ᠡᠯᠪᠡᠭ ᠠᠭᠤᠯᠣᠨᠨᠳᠠᠵᠦ ᠪᠠᠶᠢᠬᠤ ᠪᠠᠷ ᠢᠶᠠᠨ ᠨᠡᠷ᠎ᠡ ᠠᠯᠳᠠᠷᠰᠢᠵᠦ᠂ | ᠪᠥᠬᠦ ᠤᠯᠤᠰ ᠤᠨ ᠡᠯ᠎ᠡ ᠭᠠᠵᠠᠷ ᠲᠤ ᠪᠣᠷᠣᠯᠠᠭᠤᠯᠣᠨᠨᠳᠠᠵᠦ ᠪᠠᠶᠢᠨ᠎ᠠ᠃ | | | | | ᠤᠰᠤᠲᠤ ᠶᠢᠨ ᠬᠤᠳᠠᠯᠳᠤᠭᠠᠴᠢᠨ ᠱᠠᠩ ᠯᠢ ᠶᠢᠩ᠄ ︽ᠪᠢ ᠡᠨᠡ ᠵᠢᠯ ᠭᠤᠷᠪᠠᠨ ᠵᠠᠭᠤ ᠭᠠᠷᠤᠢ ᠮᠦ | ᠤᠯᠠᠭᠠᠨ ᠯᠤᠤᠪᠠᠩ ᠲᠠᠷᠢᠵᠠᠢ᠂ ᠮᠦ ᠪᠦᠷᠢ ᠶᠢᠨ ᠤᠨᠠᠯᠲᠠ 5 ᠲᠣᠨ ᠣᠷᠴᠢᠮ᠂ ᠲᠠᠷᠣᠢ ᠲᠦᠮᠡ ᠭᠠᠷᠤᠢ ᠵᠢᠩ | ᠪᠣᠯᠣᠨ᠎ᠠ᠃ ᠡᠳᠦᠷ ᠪᠦᠷᠢ ᠲᠠᠷᠢᠶᠠᠨ ᠳᠤ 30 ᠭᠠᠷᠤᠢ ᠠᠵᠢᠯᠴᠢᠨ᠂ ᠦᠢᠯᠡᠳᠪᠦᠷᠢ ᠶᠢᠨ ᠲᠠᠰᠤᠭ ᠲᠤ ᠯᠣᠣᠪᠠᠩ | ᠤᠬᠢᠶᠠᠵᠤ ᠪᠠᠭᠤᠳᠠᠯᠯᠠᠬᠤ ᠠᠵᠢᠯᠴᠢᠨ 30 ᠭᠠᠷᠤᠢ ᠬᠦᠯᠥᠰᠦᠯᠡᠨ ᠵᠠᠷᠣᠵᠦ ᠪᠠᠶᠢᠨ᠎ᠠ᠂ ᠤᠯᠠᠭᠠᠨ ᠯᠤᠤᠪᠠᠩ ᠢ | ᠭᠤᠣᠯᠳᠠᠭᠤ ᠱᠢ ᠠᠨ᠂ ᠾᠧᠨᠠᠨ ᠤ ᠵᠧᠩᠵᠸᠤ ᠡᠨᠡ ᠬᠤᠶᠡᠷ ᠭᠠᠵᠡᠷ ᠲᠤ ᠪᠣᠷᠣᠯᠠᠭᠤᠯᠵᠦ ᠪᠠᠶᠢᠨ᠎ᠠ᠂ ᠪᠠᠰᠠ ᠪᠤᠭᠤᠲᠤ | ᠂ ᠬᠥᠬᠡᠬᠤᠲᠠ ᠠᠴᠠ ᠵᠢᠵᠢᠭ ᠢᠶᠠᠷ ᠪᠣᠷᠣᠯᠠᠭᠤᠯᠳᠠᠭ ᠬᠤᠳᠠᠯᠳᠣᠭᠠᠴᠢᠳ ᠣᠬᠢᠶ᠋ᠬᠠᠰᠠᠨ ᠯᠤᠤᠪᠠᠩ ᠢ ᠬᠤᠳᠠᠯᠳᠤᠨ | ᠠᠪᠴᠤ ᠪᠠᠶᠢᠨ᠎ᠠ᠃ ᠤᠰᠤᠲᠤ ᠶᠢᠨ ᠤᠯᠠᠭᠠᠨ ᠯᠤᠤᠪᠠᠩ ᠤᠨ ᠶᠠᠰᠤ ᠴᠢᠨᠠᠷ ᠨᠢ ᠨᠡᠯᠢᠶᠡᠳ ᠰᠠᠶᠢᠨ᠂ ᠨᠢᠭᠡ ᠳᠤ | ᠦᠷ᠎ᠡ ᠢ ᠰᠠᠶᠢᠨ ᠰᠣᠩᠭᠤᠵᠦ ᠴᠢᠳᠠᠵᠦ ᠪᠠᠶᠢᠨ᠎ᠠ᠂ ᠬᠤᠶᠡᠷ ᠲᠤ ᠠᠮᠲᠠ ᠨᠢ ᠮᠠᠰᠢ ᠰᠠᠶᠢᠨ᠂ ᠡᠶᠢᠮᠦ ᠠᠴᠠ | ᠤᠰᠤᠲᠤ ᠶᠢᠨ ᠤᠯᠠᠭᠠᠨ ᠯᠤᠤᠪᠠᠩ ᠪᠦᠬᠦ ᠤᠯᠤᠰ ᠤᠨ ᠡᠯ᠎ᠡ ᠭᠠᠵᠠᠷ ᠤᠨ ᠬᠡᠷᠡᠭᠯᠡᠭᠴᠢᠳ ᠤᠨ ᠪᠠᠭ᠋ᠠᠷᠬᠠᠯ ᠢ ᠶᠡᠬᠡᠳᠡ | ᠲᠠᠲᠠᠵᠤ ᠪᠠᠶᠢᠨ᠎ᠠ︾ ᠭᠡᠪᠡ᠃ | | | | | ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠯᠠᠭᠠᠨ ᠯᠤᠤᠪᠠᠩ ᠪᠣᠯ ᠴᠠᠬᠠᠷ ᠪᠠᠷᠠᠭᠤᠨ ᠭᠠᠷᠤᠨ | ᠳᠤᠮᠳᠠᠳᠤ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠢᠯᠡᠰ ᠤᠨ | ᠬᠥᠭᠵᠢᠯᠲᠡ ᠶᠢᠨ ᠬᠤᠷᠢᠶᠠᠩᠭᠤᠢ ᠳᠦᠷᠰᠦ ᠪᠣᠯᠤᠨ᠎ᠠ᠃ ᠤᠢᠢᠷ᠎ᠠ ᠶᠢᠨ ᠵᠢᠯ ᠠᠴᠠ᠂ ᠴᠠᠬᠠᠷ ᠪᠠᠷᠠᠭᠤᠨ ᠭᠠᠷᠤᠨ | ᠳᠤᠮᠳᠠᠳᠤ ᠬᠤᠰᠢᠭᠤ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠤᠨᠴᠠᠯᠢᠬᠳᠤ ᠲᠠᠷᠢᠮᠠᠯ ᠤᠨ ᠦᠢᠯᠡᠰ ᠢ | ᠬᠥᠭᠵᠢᠭᠦᠯᠵᠦ᠂ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠵᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠠᠷᠭ᠎ᠠ ᠵᠠᠮ ᠢ ᠬᠦᠴᠦᠯᠡᠨ ᠰᠦᠪᠡᠭᠴᠢᠯᠡᠵᠦ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠬᠤ ᠶᠢ | ᠪᠠᠷᠢᠮᠲᠠᠯᠠᠵᠤ᠂ ᠣᠨᠴᠠᠯᠢᠭ ᠢᠶᠠᠷ ᠢᠯᠡ ᠲᠣᠳᠣ᠂ ᠪᠠᠶᠢᠷᠢᠰᠢᠭᠤᠯᠤᠯ ᠨᠢ ᠵᠦᠢ ᠵᠣᠬᠢᠰᠲᠠᠢ᠂ ᠬᠡᠪᠴᠢᠶᠡᠵᠢᠭᠦᠯᠦᠨ | ᠡᠵᠡᠩᠨᠡᠵᠦ᠂ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠦᠷᠭᠦᠯᠵᠢᠯᠡᠨ | ᠠᠬᠢᠭᠤᠯᠵᠤ᠂ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠠᠯᠬᠤᠴᠠ ᠶᠢ ᠲᠦᠷᠭᠡᠳᠬᠡᠵᠦ᠂ ᠲᠠᠷᠢᠶᠠᠴᠢᠳ ᠢ | ᠲᠠᠶᠢᠴᠢᠯᠠᠨ ᠤᠨᠴᠠᠯᠢᠬᠳᠤ ᠠᠵᠤ ᠦᠢᠯᠡᠰ ᠢᠶᠠᠷ ᠳᠠᠮᠵᠢᠨ ᠣᠷᠣᠯᠭ᠎ᠠ ᠶᠢ ᠨᠢ ᠨᠡᠮᠡᠭᠳᠡᠭᠦᠯᠵᠦ᠂ ᠲᠠᠷᠢᠶᠠᠴᠢᠨ ᠡᠷᠦᠬᠡ ᠳᠤ | ᠠᠰᠢᠭ ᠬᠦᠷᠲᠡᠭᠡᠪᠡ᠃ | | | | | ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠰᠤᠲᠤ ᠪᠠᠯᠭᠠᠰᠤᠨ ᠤ ᠨᠠᠮ ᠤᠨ ᠬᠤᠷᠢᠶᠠᠨ ᠤ | ᠱᠦᠵᠢ ᠮᠠ ᡁᠢ ᠵᠢᠶᠦ᠋ᠨ᠄ ︽ᠣᠶᠢᠷ᠎ᠠ ᠶᠢᠨ ᠵᠢᠯ ᠳᠤ᠂ ᠤᠰᠤᠲᠤ ᠪᠠᠯᠭᠠᠰᠤ ᠨᠠᠮ ᠤᠨ ᠪᠠᠶᠢᠭᠤᠯᠤᠯᠲᠠ ᠪᠠᠷ | ᠵᠢᠯᠣᠭᠤᠳᠤᠮᠵᠢ ᠪᠣᠯᠭᠠᠬᠤ ᠶᠢ ᠪᠠᠷᠢᠮᠲᠠᠯᠠᠵᠤ᠂ ᠣᠨᠴᠠᠯᠢᠭᠲᠤ ᠠᠵᠤ ᠦᠢᠯᠡᠰ ᠢᠶᠠᠷ ᠭᠠᠷᠳᠠᠴᠠ ᠪᠣᠯᠭᠠᠵᠤ᠂ ᠤᠯᠠᠭᠠᠨ | ᠯᠤᠤᠪᠠᠩ ᠤᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ ︽ᠤᠯᠠᠭᠠᠨ ᠯᠤᠤᠪᠠᠩ ᠤᠨ ᠵᠢᠵᠢᠭ ᠪᠠᠯᠭᠠᠰᠤ︾ ᠶᠢ | ᠴᠣᠭᠴᠠᠯᠠᠪᠠ᠃ ᠡᠨᠡ ᠵᠢᠯ ᠤᠰᠤᠲᠤ ᠪᠠᠯᠭᠠᠰᠤᠨ ᠤ ᠲᠠᠷᠢᠮᠠᠯ ᠤᠨ ᠶᠡᠷᠦᠩᠬᠡᠢ ᠲᠠᠯᠠᠪᠠᠢ 8.7 ᠲᠦᠮᠡᠨ ᠮᠦ᠂ | ᠡᠭᠦᠨ ᠳᠤ ᠤᠯᠠᠭᠠᠨ ᠯᠤᠤᠪᠠᠩ 1.4 ᠲᠦᠮᠡᠨ ᠮᠦ᠂ ᠮᠦ ᠪᠦᠷᠢ ᠶᠢᠨ ᠤᠨᠠᠯᠲᠠ 4 ᠲᠣᠨ ᠢᠶᠠᠷ ᠪᠣᠳᠣᠪᠠᠯ᠂ | ᠵᠢᠱᠢᠯᠲᠡ ᠪᠠᠷ ᠶᠡᠷᠦᠩᠬᠡᠶ ᠦᠢᠯᠡᠳᠬᠦᠨ ᠤ ᠥᠷᠲᠡᠭ ᠨᠢ 4000 ᠲᠦᠮᠡᠨ ᠲᠥᠭᠦᠷᠢᠭ ᠲᠤ ᠬᠦᠷᠬᠦ ᠪᠣᠯᠤᠨ᠎ᠠ᠃ | ᠡᠭᠦᠨ ᠤ ᠬᠠᠮᠲᠤ ᠠᠵᠤ ᠦᠢᠯᠡᠰ ᠤᠨ ᠬᠡᠯᠬᠢᠶ᠎ᠡ ᠶᠢ ᠤᠯᠠᠮ ᠨᠢᠭᠡ ᠠᠯᠬᠤᠮ ᠴᠢᠩᠭᠠᠳᠬᠠᠨ ᠤᠷᠲᠤᠳᠬᠠᠵᠤ᠂ ᠨᠢᠭᠡᠨᠳᠡ | 6 ᠬᠥᠮᠥᠷᠭᠡᠯᠡᠨ ᠬᠠᠳᠠᠭᠠᠯᠠᠬᠤ ᠲᠣᠭᠲᠠᠮᠠᠯ ᠳᠤᠯᠠᠭᠠᠨ ᠤ ᠬᠥᠮᠥᠷᠭᠡ ᠶᠢ ᠪᠠᠶᠢᠭᠤᠯᠵᠤ᠂ ᠪᠠᠰᠠ 2 ᠢ ᠪᠠᠶᠢᠭᠤᠯᠵᠤ | ᠪᠠᠶᠢᠨ᠎ᠠ᠂ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ ᠬᠥᠮᠥᠷᠭᠡᠯᠡᠨ ᠬᠠᠳᠠᠭᠠᠯᠠᠬᠤ ᠴᠢᠳᠠᠪᠤᠷᠢ ᠨᠢ 6.3 ᠲᠦᠮᠡᠨ | ᠲᠣᠨ ᠳᠤ ᠬᠦᠷᠦᠨ᠎ᠡ᠃ ᠤᠰᠤ ᠦᠭᠡᠶᠢᠳᠡᠭᠦᠯᠦᠭᠰᠡᠨ ᠢᠳᠡᠰᠢᠨ ᠨᠣᠭᠤᠭ᠎ᠠ ᠶᠢᠨ ᠲᠥᠷᠥᠯ ᠵᠦᠢᠯ ᠢ ᠪᠠᠶᠢᠭᠤᠯᠵᠤ᠂ | ᠵᠢᠯ ᠳᠤ 5 ᠲᠦᠮᠡᠨ ᠲᠣᠨ ᠢᠳᠡᠰᠢᠨ ᠨᠣᠭᠤᠭ᠎ᠠ ᠶᠢ ᠡᠳ᠋ᠰᠢᠭᠦᠯᠦᠨ ᠪᠣᠯᠪᠠᠰᠤᠷᠠᠭᠤᠯᠵᠠᠶ᠃ ᠳᠠᠷᠠᠭᠠᠴᠢ ᠶᠢᠨ | ᠠᠯᠬᠤᠮ ᠳᠤ᠂ ᠤᠰᠤᠲᠤ ᠪᠠᠯᠭᠠᠰᠤ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠵᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠠᠷ ᠶᠡᠷᠦᠩᠬᠡᠢ ᠬᠠᠷᠠᠯᠲᠠ ᠪᠣᠯᠭᠠᠵᠤ᠂ ᠠᠵᠤ ᠦᠢᠯᠡᠰ ᠢ ᠬᠥᠭᠵᠢᠭᠦᠯᠦᠨ | ᠮᠠᠨᠳᠤᠭᠤᠯᠬᠤ ᠪᠠᠷ ᠬᠦᠳᠡᠯᠭᠡᠭᠴᠢ ᠬᠦᠴᠦᠨ ᠪᠣᠯᠭᠠᠵᠤ᠂ ᠲᠠᠷᠢᠶᠠᠴᠢᠨ ᠡᠷᠦᠬᠡ ᠶᠢ ᠤᠯᠠᠮ ᠴᠢᠨᠠᠭᠰᠢᠳᠠ ᠬᠦᠳᠦᠯᠦᠨ | ᠵᠢᠯᠣᠭᠤᠳᠴᠤ ᠪᠠᠶᠢᠭᠠᠳ ᠤᠨᠴᠠᠯᠢᠬᠳᠤ ᠳᠠᠪᠠᠭᠤᠯᠢᠭ ᠠᠵᠤ ᠦᠢᠯᠡᠰ ᠤᠨ ᠲᠠᠷᠢᠮᠠᠯ ᠳᠤ ᠣᠷᠣᠯᠴᠠᠭᠤᠯᠵᠤ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠠᠮᠢᠵᠢᠷᠠᠯ ᠤᠨ ᠬᠦᠴᠦᠨ ᠨᠡᠮᠡᠷᠢᠯᠡᠨ᠎ᠡ︾ ᠭᠡᠪᠡ᠃ | | ᠵᠣᠬᠢᠶ᠋ᠬᠠᠴᠢ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ | ᠣᠷᠴᠢᠭᠤᠯᠣᠨᠨᠴᠢ᠄ ᠭᠧ ᠲᠣᠸᠠᠨ ᠯᠢᠶᠡᠨ | | |