ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳ᠋ᠢᠩ ᠱᠧᠩ ᠬᠤᠸᠠᠷ ᠫᠤᠤᠵᠢᠩ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠤᠸᠠᠷ ᠫᠤᠤᠵᠢᠩ ᠤᠨ ᠬᠥᠮᠥᠷᠭᠡ ᠶᠢᠨ ᠰᠠᠭᠤᠷᠢᠨ ᠭᠠᠵᠠᠷ  ᠵᠡᠭᠡᠷᠡᠲᠦ ᠬᠤᠲᠠ ᠪᠠᠯᠭᠠᠰᠤᠨ ᠳᠤ ᠠᠵᠢᠯ ᠡᠬᠢᠯᠡᠭᠦᠯᠦᠨ ᠰᠠᠭᠤᠷᠢ ᠲᠠᠯᠪᠢᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2023/9/18
      ᠲᠣᠰᠬᠤᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠦᠨ ᠪᠤᠵᠠᠭᠠᠶᠢᠷᠠᠭᠤᠯᠬᠤ ᠶᠢᠨ ᠲᠥᠯᠥᠭᠡ᠂ ᠨᠠᠷᠢᠨ ᠬᠢᠨᠠᠮᠠᠭᠠᠶ ᠪᠠᠶᠢᠴᠠᠭᠠᠨ ᠰᠤᠳᠤᠯᠤᠯᠲᠠ ᠬᠢᠬᠦ ᠪᠠᠷ ᠳᠡᠮᠵᠢᠨ᠂ ᠲᠣᠰᠬᠤᠨ ᠤ ᠠᠷᠠᠳ ᠤᠨ ᠬᠦᠰᠡᠯ ᠰᠠᠨᠠᠭ᠎ᠠ ᠶᠢ ᠭᠦᠢᠴᠡᠳ ᠬᠦᠨᠳᠦᠳᠬᠡᠭᠰᠡᠨ ᠰᠠᠭᠤᠷᠢᠨ ᠳᠡᠭᠡᠷ᠎ᠡ᠂ ᠵᠡᠭᠡᠷᠡᠲᠦ ᠬᠤᠲᠠ ᠪᠠᠯᠭᠠᠰᠤ ᠶᠢᠨ ᠮᠢᠷᠠᠯᠵᠠᠭᠤᠷ ᠲᠣᠰᠬᠤᠨ ᠤ ᠵᠡᠭᠦᠨ ᠡᠮᠦᠨ᠎ᠡ ᠲᠠᠯ᠎ᠠ ᠶᠢᠨ ᠡᠵᠡᠭᠦᠶ ᠬᠥᠲᠥᠯ ᠢᠶᠠᠷ ᠡᠳ᠋ ᠬᠥᠷᠥᠩᠭᠡ ᠪᠣᠯᠭᠠᠵᠤ᠂ ᠳ᠋ᠢᠩ ᠱᠧᠩ ᠬᠤᠸᠠᠷ ᠫᠤᠤᠵᠢᠩ ᠲᠠᠯᠪᠢᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠲᠠᠢ ᠬᠠᠮᠲᠤᠷᠠᠨ ᠬᠤᠸᠠᠷ ᠫᠤᠤᠵᠢᠩ ᠨᠥᠭᠡᠴᠡᠯᠡᠬᠦ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠨᠡᠭᠡᠭᠡᠨ ᠬᠥᠭᠵᠢᠭᠦᠯᠬᠦ ᠪᠠᠷ ᠲᠣᠭᠲᠠᠪᠠ᠃ 3 ᠰᠠᠷ᠎ᠠ ᠭᠠᠷᠤᠶ ᠶᠢᠨ ᠪᠡᠯᠡᠳᠬᠡᠯ ᠢᠶᠠᠷ ᠳᠡᠮᠵᠢᠨ᠂ 9 ᠰᠠᠷ᠎ᠠ ᠶᠢᠨ 3 ᠤ ᠡᠳᠦᠷ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳ᠋ᠢᠩ ᠱᠧᠩ ᠬᠤᠸᠠᠷ ᠫᠤᠤᠵᠢᠩ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠬᠤᠸᠠᠷ ᠫᠤᠤᠵᠢᠩ ᠨᠥᠭᠡᠴᠡᠯᠡᠬᠦ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠰᠠᠭᠤᠷᠢ ᠲᠠᠯᠪᠢᠬᠤ ᠶᠣᠰᠣᠯᠠᠯ ᠶᠠᠪᠤᠭᠤᠯᠵᠤ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠠᠵᠢᠯᠲᠠᠨ ᠪᠣᠯᠤᠨ ᠵᠡᠭᠡᠷᠡᠲᠦ ᠬᠤᠲᠠ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠨᠥᠬᠦᠳ ᠠᠵᠢᠯᠯᠠᠭ᠎ᠠ ᠳᠤ ᠣᠷᠣᠯᠴᠠᠵᠠᠶ᠃

     ᠪᠠᠯᠭᠠᠰᠦᠨ ᠤ ᠳᠠᠷᠤᠭ᠎ᠠ ᠮᠧᠩ ᠴᠢᠩ ᠢᠦᠶ ᠵᠢᠭᠠᠵᠤ ᠭᠠᠷᠭᠠᠭᠰᠠᠨ ᠨᠢ᠂ ᠳ᠋ᠢᠩ ᠱᠧᠩ ᠬᠤᠸᠠᠷ ᠫᠤᠤᠵᠢᠩ ᠤᠨ

ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠣᠯ ᠮᠠᠨ ᠤ ᠬᠤᠰᠢᠭᠤᠨ ᠤ ᠴᠣᠷ ᠤᠨ ᠭᠠᠭᠴᠠ ᠲᠣᠮᠣ ᠬᠡᠯᠪᠡᠷᠢ ᠶᠢᠨ

ᠬᠤᠸᠠᠷ ᠫᠤᠤᠵᠢᠩ ᠤᠨ ᠺᠣᠮᠫᠠᠨᠢ ᠪᠣᠯᠬᠤ ᠪᠥᠭᠡᠳ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ

ᠲᠣᠯᠣᠭᠠᠶᠢᠯᠠᠭᠴᠢ ᠠᠵᠤ ᠠᠬᠤᠶᠢᠯᠠᠯ ᠪᠣᠯᠤᠨ᠎ᠠ᠃ ᠤᠢᠢᠷ᠎ᠠ ᠶᠢᠨ ᠵᠢᠯ ᠤᠳ ᠲᠤ᠂ ᠪᠣᠷᠣᠯᠠᠭᠤᠯᠭ᠎ᠠ ᠶᠢᠨ ᠬᠡᠮᠵᠢᠶ᠎ᠡ ᠨᠢ

ᠲᠠᠰᠤᠷᠠᠯᠲᠠ ᠦᠭᠡᠢ ᠨᠡᠮᠡᠭᠳᠡᠵᠦ᠂ ᠴᠥᠭᠡᠨ ᠪᠤᠰᠤ ᠬᠥᠮᠦᠰ ᠤᠨ ᠠᠵᠢᠯ ᠣᠯᠭᠤᠯᠲᠠ ᠶᠢ ᠳᠠᠶᠢᠴᠢᠯᠠᠭᠰᠠᠨ ᠪᠠᠶᠢᠨ᠎ᠠ᠃

ᠬᠤᠸᠠᠷ ᠫᠤᠤᠵᠢᠩ ᠬᠥᠮᠥᠷᠭᠡᠯᠡᠨ ᠬᠠᠳᠠᠭᠠᠯᠠᠬᠤ ᠰᠠᠭᠤᠷᠢᠨ ᠭᠠᠵᠠᠷ ᠢ ᠰᠠᠶᠢᠲᠤᠷ ᠪᠦᠳᠦᠭᠡᠨ ᠪᠠᠶᠢᠭᠤᠯᠤᠭᠰᠠᠨ ᠤ

ᠲᠠᠷᠠᠭ᠎ᠠ᠂ ᠲᠣᠰᠬᠤᠨ ᠤ ᠬᠠᠮᠲᠤ ᠶᠢᠨ ᠠᠵᠤ ᠠᠬᠤᠶ ᠶᠢ ᠬᠦᠴᠦᠲᠡᠶ ᠬᠥᠭᠵᠢᠭᠦᠯᠦᠨ ᠪᠤᠵᠠᠭᠠᠶᠢᠷᠠᠭᠤᠯᠵᠤ᠂ ᠡᠷᠬᠢᠨ

ᠲᠣᠭᠤᠷᠢᠨ ᠤ ᠲᠣᠰᠬᠤᠨ ᠤ ᠤᠯᠠᠨ ᠲᠦᠮᠡᠨ ᠤ ᠤᠢᠢᠷ᠎ᠠ ᠬᠠᠪᠢ ᠳᠠᠭᠠᠨ ᠠᠵᠢᠯ ᠬᠢᠬᠦ ᠶᠢ ᠤᠯᠠᠮ ᠨᠢᠭᠡ ᠠᠯᠬᠤᠮ

ᠲᠠᠶᠢᠴᠢᠯᠠᠵᠦ᠂ ᠤᠯᠠᠨ ᠲᠦᠮᠡᠨ ᠤ ᠣᠷᠣᠯᠭ᠎ᠠ ᠶᠢ ᠳᠡᠭᠡᠭᠰᠢᠯᠡᠭᠦᠯᠵᠦ ᠴᠢᠳᠠᠨ᠎ᠠ᠃

    ᠳ᠋ᠢᠩ ᠱᠧᠩ ᠬᠤᠸᠠᠷ ᠫᠤᠤᠵᠢᠩ ᠤᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠪᠠᠶᠠᠷ ᠤᠨ ᠦᠭᠡ

ᠬᠡᠯᠡᠬᠦ ᠳᠡᠭᠡᠨ᠂ ᠲᠥᠷᠥᠯ ᠵᠦᠢᠯ ᠢ ᠨᠠᠶᠢᠳᠠᠪᠤᠷᠢᠵᠢᠭᠤᠯᠤᠨ ᠬᠡᠷᠡᠭᠵᠢᠭᠦᠯᠦᠭᠰᠡᠨ ᠨᠢ ᠬᠤᠰᠢᠭᠤ ᠪᠠᠯᠭᠠᠰᠤ ᠬᠤᠶᠠᠷ

ᠱᠠᠲᠤᠨ ᠤ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠬᠠᠯᠠᠮᠵᠢᠯᠠᠯ ᠳᠡᠮᠵᠢᠯᠭᠡ ᠶᠢᠨ ᠠᠴᠢ ᠪᠠᠷ ᠶᠤᠮ᠂ ᠲᠥᠷᠥᠯ

ᠵᠦᠢᠯ ᠢ ᠥᠷᠨᠢᠭᠦᠯᠦᠭᠰᠡᠨ ᠤ ᠳᠠᠷᠠᠭ᠎ᠠ᠂ ᠤᠷᠢᠳᠴᠢᠯᠠᠨ ᠲᠥᠯᠥᠪᠵᠢᠭᠦᠯᠬᠦ ᠶᠢ ᠴᠢᠩᠭ᠎ᠠ ᠵᠢᠷᠤᠮᠯᠠᠨ᠂ ᠪᠠᠯᠠ

ᠣᠷᠣᠭᠤᠯᠤᠯᠲᠠ ᠶᠢᠨ ᠠᠮᠠᠯᠠᠯᠲᠠ ᠪᠠᠨ ᠢᠳᠡᠪᠬᠢᠲᠡᠶ ᠪᠡᠶᠡᠯᠡᠭᠦᠯᠵᠦ᠂ ᠲᠥᠷᠥᠯ ᠵᠦᠢᠯ ᠢ ᠠᠯᠢ ᠲᠦᠷᠭᠡᠨ ᠢᠶᠠᠷ

ᠪᠥᠲᠥᠭᠡᠨ ᠪᠠᠶᠢᠭᠤᠯᠵᠤ ᠠᠰᠢᠭᠯᠠᠯᠲᠠ ᠳᠤ ᠣᠷᠣᠭᠤᠯᠵᠤ᠂ ᠠᠰᠢᠭ ᠣᠷᠣᠯᠭ᠎ᠠ ᠶᠢ ᠡᠷᠲᠡ ᠠᠴᠠ ᠡᠭᠦᠳᠦᠨ᠎ᠡ ᠭᠡᠵᠡᠶ᠃

    ᠲᠠᠷᠠᠭᠠᠴᠢ ᠶᠢᠨ ᠠᠯᠬᠤᠮ ᠳᠤ᠂ ᠵᠡᠭᠡᠷᠡᠲᠦ ᠬᠤᠲᠠ ᠪᠠᠯᠭᠠᠰᠤ ᠨᠢ ᠲᠣᠰ ᠤᠳᠠᠭᠠᠨ ᠤ ᠠᠵᠢᠯ ᠡᠬᠢᠯᠡᠭᠦᠯᠬᠦ ᠪᠠᠷ

ᠡᠬᠢᠯᠡᠯᠲᠡ ᠪᠣᠯᠭᠠᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂

ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ ᠰᠠᠶᠢᠲᠤᠷ ᠠᠳᠬᠤᠵᠤ᠂ ᠨᠠᠩ ᠰᠠᠶᠢᠨ ᠣᠷᠴᠢᠨ ᠨᠥᠬᠦᠴᠡᠯ ᠢᠶᠠᠷ

ᠲᠥᠷᠥᠯ ᠵᠦᠢᠯ ᠦᠯᠡᠳᠡᠭᠡᠵᠦ᠂ ᠵᠡᠭᠡᠷᠡᠲᠦ ᠬᠤᠲᠠ ᠪᠠᠯᠭᠠᠰᠤ ᠶᠢᠨ ᠠᠵᠤ ᠠᠬᠤᠶ ᠶᠢᠨ ᠰᠠᠶᠢᠨ ᠪᠥᠭᠡᠳ ᠲᠦᠷᠭᠡᠨ

ᠬᠥᠭᠵᠢᠯᠲᠡ ᠶᠢ ᠳᠥᠯᠭᠢᠨ ᠠᠬᠢᠭᠤᠯᠤᠨ᠎ᠠ᠃

          ᠵᠣᠬᠢᠶ᠋ᠬᠠᠴᠢ᠄  ᠵᠡᠭᠡᠷᠡᠲᠦ ᠬᠤᠳᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ

          ᠣᠷᠴᠢᠭᠤᠯᠣᠨᠨᠴᠢ᠄  ᠭᠧ ᠲᠣᠸᠠᠨ ᠯᠢᠶᠡᠨ

         

 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号