ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠬᠦᠢᠳᠡᠨᠰᠢᠯᠢ ᠪᠣᠬᠢᠷᠲᠤᠯ ᠦᠭᠡᠢ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠤᠰᠤᠨ ᠤ ᠡᠬᠢ ᠪᠠᠶᠠᠯᠢᠭ ᠢ ᠠᠷᠪᠢᠯᠠᠨ ᠡᠷᠴᠢᠮᠵᠢᠭᠦᠯᠦᠨ ᠠᠰᠢᠭᠯᠠᠬᠤ ᠪᠠᠶᠢᠴᠠᠭᠠᠨ ᠰᠤᠳᠤᠯᠤᠯᠲᠠ ᠶᠢᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/9/18
     8 ᠰᠠᠷ᠎ᠠ ᠶᠢᠨ 18 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠤᠯᠤᠰ ᠲᠥᠷᠥ ᠶᠢᠨ ᠰᠤᠳᠤᠯᠭᠠᠨ ᠤ ᠲᠠᠰᠤᠭ ᠤᠨ ᠪᠠᠶᠢᠴᠠᠭᠠᠨ ᠰᠤᠳᠤᠯᠬᠤ ᠳᠤᠭᠤᠶᠢᠯᠠᠩ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠭᠦᠢᠳᠡᠨᠰᠢᠯᠢ ᠪᠣᠬᠢᠷᠲᠤᠯ ᠥᠬᠡᠶ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠭᠰᠠᠨ ᠪᠠᠶᠢᠳᠠᠯ ᠤᠨ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠬᠢᠵᠦ᠂ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠬᠤᠶᠠᠳᠤᠭᠠᠷ ᠳᠠᠪᠬᠤᠷᠯᠢᠭ ᠤᠨ ᠬᠤᠷᠠᠯ ᠤᠨ ᠬᠡᠷ ᠲᠤ ᠶᠠᠷᠢᠯᠴᠠᠬᠤ ᠬᠤᠷᠠᠯ ᠬᠤᠷᠠᠯᠳᠤᠭᠤᠯᠪᠠ᠃

     ᠬᠤᠷᠠᠯ ᠠᠴᠠ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠰᠤᠨ ᠠᠰᠢᠭᠯᠠᠯᠲᠠ ᠶᠢᠨ

ᠲᠣᠪᠴᠢᠶ᠎ᠠ ᠶᠢᠨ ᠭᠦᠢᠳᠡᠨᠰᠢᠯᠢ ᠶᠢᠨ ᠪᠣᠬᠢᠷᠲᠤᠯ ᠦᠭᠡᠢ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ

ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠭᠰᠠᠨ ᠪᠠᠶᠢᠳᠠᠯ ᠤᠨ ᠲᠤᠬᠠᠢ ᠲᠤᠰᠬᠠᠢ ᠰᠡᠳᠦᠪᠲᠦ

ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠬᠠᠮᠢᠶ᠎ᠠ ᠪᠦᠬᠦᠢ ᠠᠵᠢᠯ ᠢ ᠭᠦᠢᠴᠡᠳ ᠨᠤᠲᠠᠯᠠᠪᠠ᠃

     ᠬᠤᠷᠠᠯ ᠠᠴᠠ᠂ ︽ᠤᠰᠤ ᠪᠠᠷ ᠲᠦᠷᠪᠡ ᠶᠢ ᠲᠣᠭᠲᠠᠭᠠᠬᠤ︾ ᠵᠠᠷᠴᠢᠮ ᠢ ᠪᠠᠷᠢᠮᠲᠠᠯᠠᠵᠤ᠂ ︽ᠭᠤᠷᠪᠠᠨ

ᠤᠯᠠᠭᠠᠨ ᠱᠤᠭᠤᠮ︾ ᠤᠨ ᠣᠨ ᠤ ᠬᠢᠨᠠᠨ ᠰᠢᠯᠭᠠᠬᠤ ᠭᠦᠢᠴᠡᠳᠬᠡᠯ ᠲᠤᠭ᠎ᠠ ᠶᠢ ᠴᠢᠩᠭ᠎ᠠ ᠬᠡᠷᠡᠭᠵᠢᠭᠦᠯᠵᠦ᠂ ᠤᠰᠤ

ᠬᠡᠷᠡᠭᠯᠡᠬᠦ ᠶᠡᠷᠦᠩᠬᠡᠢ ᠬᠡᠮᠵᠢᠶ᠎ᠡ ᠶᠢ ᠴᠢᠩᠭ᠎ᠠ ᠬᠢᠵᠠᠭᠠᠷᠯᠠᠵᠤ᠂ ᠤᠰᠤᠨ ᠤ ᠡᠬᠢ ᠪᠠᠶᠠᠯᠢᠭ ᠢ ᠨᠤᠲᠠᠯᠠᠬᠤ ᠲᠦᠷᠢᠮ᠂

ᠤᠰᠤ ᠠᠪᠬᠤ ᠵᠥᠪᠰᠢᠶᠡᠷᠡᠯ ᠤᠨ ᠲᠦᠷᠢᠮ᠂ ᠲᠥᠯᠥᠪᠯᠡᠭᠡ ᠲᠠᠢ ᠪᠠᠷ ᠤᠰᠤ ᠬᠡᠷᠡᠭᠯᠡᠬᠦ ᠲᠦᠷᠢᠮ ᠢ ᠴᠢᠩᠭ᠎ᠠ

ᠬᠡᠷᠡᠭᠵᠢᠭᠦᠯᠵᠦ᠂ ᠤᠰᠤ ᠬᠡᠷᠡᠭᠯᠡᠬᠦ ᠲᠣᠭᠲᠠᠭᠰᠠᠨ ᠨᠣᠷᠮ᠎ᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠤᠰᠤᠨ ᠤ ᠡᠬᠢ

ᠪᠠᠶᠠᠯᠢᠭ ᠢ ᠪᠦᠷᠢᠯᠭᠡᠬᠦ ᠶᠢ ᠡᠷᠡᠰ ᠬᠤᠷᠢᠭᠯᠠᠬᠤ ᠬᠡᠷᠡᠭᠲᠡᠢ᠃ ᠬᠠᠤᠯᠢ ᠬᠡᠷᠡᠭᠵᠢᠭᠦᠯᠦᠨ ᠪᠠᠶᠢᠴᠠᠭᠠᠬᠤ ᠡᠷᠴᠢᠮ ᠢᠶᠠᠨ

ᠦᠷᠭᠦᠯᠵᠢᠯᠡᠨ ᠨᠡᠮᠡᠭᠳᠡᠭᠦᠯᠵᠦ᠂ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠲᠣᠭᠲᠠᠮᠠᠯ

ᠬᠤᠭᠤᠴᠠᠭ᠎ᠠ ᠲᠠᠢ ᠪᠠᠷ ᠬᠠᠮᠲᠤᠷᠠᠨ ᠬᠠᠤᠯᠢ ᠬᠡᠷᠡᠭᠵᠢᠭᠦᠯᠬᠦ ᠠᠵᠢᠯ ᠢ ᠥᠷᠨᠢᠭᠦᠯᠵᠦ᠂ ᠤᠰᠤ ᠬᠡᠷᠡᠭᠯᠡᠬᠦ ᠶᠢᠨ ᠬᠢᠨᠠᠯᠲᠠ

ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃ ᠤᠰᠤ ᠠᠷᠪᠢᠯᠠᠬᠤ ᠮᠠᠶ᠋ᠢᠭ ᠤᠨ ᠨᠡᠶᠢᠭᠡᠮ ᠤᠨ

ᠪᠠᠶᠢᠭᠤᠯᠤᠯᠲᠠ ᠶᠢ ᠶᠡᠬᠡᠪᠡᠷ ᠲᠦᠯᠬᠢᠨ ᠠᠬᠢᠭᠤᠯᠵᠤ᠂ ᠤᠰᠤᠨ ᠠᠰᠢᠭᠯᠠᠯᠲᠠ ᠶᠢᠨ ᠥᠭᠡᠷᠡᠴᠢᠯᠡᠯᠲᠡ ᠬᠢᠭᠡᠳ

ᠬᠠᠮᠢᠶᠠᠷᠤᠯᠲᠠ ᠶᠢ ᠭᠦᠨᠵᠡᠭᠡᠶᠢᠷᠡᠭᠦᠯᠦᠨ᠂ ᠤᠰᠤᠨ ᠤ ᠡᠬᠢ ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠪᠣᠯᠤᠨ ᠤᠰᠤ

ᠬᠡᠷᠡᠭᠯᠡᠬᠦ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ  ᠭᠡᠵᠦ ᠴᠢᠬᠤᠯᠠᠴᠢᠯᠠᠪᠠ᠃

             ᠵᠣᠬᠢᠶᠠᠭᠴᠢ᠄ ᠤᠰᠤᠨ ᠠᠰᠢᠭᠯᠠᠯᠲᠠ ᠶᠢᠨ ᠲᠣᠪᠴᠢᠶ᠎ᠠ

             ᠣᠷᠴᠢᠭᠤᠯᠣᠨᠨᠴᠢ᠄  ᠬᠠᠶᠢᠷᠬᠠᠨ

 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号