ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠪᠠᠲᠤᠵᠢᠷᠭᠠᠯ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶᠠᠨ ᠤ ᠪᠠᠶᠢᠭᠤᠯᠭ᠎ᠠ ᠶᠢᠨ ᠨᠠᠮ ᠤᠨ ᠡᠭᠦᠷ ᠲᠤ ᠭᠦᠨᠵᠡᠭᠡᠶᠢᠷᠡᠨ ︽ᠬᠠᠮᠤᠭ ᠤᠨ ᠬᠦᠴᠦᠷᠬᠡᠭ ᠨᠠᠮ ᠤᠨ ᠡᠭᠦᠷ︾ ᠤᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2023/9/18
     8 ᠰᠠᠷ᠎ᠠ ᠶᠢᠨ 29 ᠤ ᠡᠳᠦᠷ ᠤᠨ ᠦᠳᠡ ᠶᠢᠨ ᠬᠤᠶᠢᠨ᠎ᠠ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠪᠠᠲᠤᠵᠢᠷᠭᠠᠯ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶᠠᠨ ᠤ ᠨᠠᠮ ᠤᠨ ᠡᠭᠦᠷ ᠲᠤ ᠭᠦᠨᠵᠡᠭᠡᠶᠢᠷᠡᠨ ︽ᠬᠠᠮᠤᠭ ᠤᠨ ᠬᠦᠴᠦᠷᠬᠡᠭ ᠨᠠᠮ ᠤᠨ ᠡᠭᠦᠷ ︾ ᠤᠨ ᠪᠠᠶᠢᠭᠤᠯᠤᠯᠲᠠ ᠶᠢᠨ ᠠᠵᠢᠯ ᠢ ᠵᠢᠯᠣᠭᠤᠳᠴᠤ᠂ ᠨᠠᠮ ᠤᠨ ᠡᠭᠦᠷ ᠤᠨ ᠬᠢᠯᠠᠰ ᠴᠡᠭ ᠤᠨ ᠠᠵᠢᠯ᠂ ᠡᠩᠨᠡᠭᠡᠨ ᠤ ᠪᠠᠶᠢᠭᠤᠯᠤᠯᠲᠠ᠂ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠵᠡᠷᠭᠡ ᠪᠠᠶᠢᠳᠠᠯ ᠢ ᠭᠦᠨᠵᠡᠭᠡᠶ ᠣᠶᠢᠯᠠᠭᠠᠪᠠ᠃      ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠪᠠᠲᠤᠵᠢᠷᠭᠠᠯ ᠨᠠᠮ ᠤᠨ ᠪᠠᠶᠢᠭᠤᠯᠤᠯᠲᠠ ᠶᠢᠨ ᠮᠠᠲ᠋ᠧᠷᠢᠶᠠᠯ᠂ ᠣᠶᠤᠨᠴᠢ ᠨᠠᠮ ᠤᠨ ᠪᠠᠶᠢᠭᠤᠯᠤᠯᠲᠠ ᠶᠢᠨ ᠲᠠᠪᠴᠠᠩ ᠢ ᠲᠣᠭᠤᠷᠢᠨ ᠦᠵᠡᠬᠦ ᠵᠡᠷᠭᠡ ᠠᠷᠭ᠎ᠠ ᠬᠡᠯᠪᠡᠷᠢ ᠪᠠᠷ ᠤᠰᠤᠨ ᠠᠰᠢᠭᠯᠠᠯᠲᠠ ᠶᠢᠨ ᠲᠣᠪᠴᠢᠶᠠᠨ ᠤ ᠪᠠᠶᠢᠭᠤᠯᠭ᠎ᠠ ᠶᠢᠨ ᠨᠠᠮ ᠤᠨ ᠡᠭᠦᠷ ᠤᠨ ︽ᠬᠠᠮᠤᠭ ᠤᠨ ᠬᠦᠴᠦᠷᠬᠡᠭ ᠨᠠᠮ ᠤᠨ ᠡᠭᠦᠷ︾ ᠤᠨ ᠪᠠᠶᠢᠭᠤᠯᠤᠯᠲᠠ ᠶᠢᠨ ᠪᠠᠶᠢᠳᠠᠯ᠂ ᠨᠠᠮ ᠤᠨ ᠪᠠᠶᠢᠭᠤᠯᠤᠯᠲᠠ ᠶᠢᠨ ᠣᠨᠴᠠᠯᠢᠭ ᠬᠢᠯᠠᠰ ᠴᠡᠭ ᠢ ᠭᠦᠢᠴᠡᠳ ᠨᠤᠲᠠᠯᠠᠬᠤ ᠶᠢᠨ ᠬᠠᠮᠲᠤ᠂ ᠬᠤᠶᠢᠰᠢᠳᠠ ︽ᠬᠠᠮᠤᠭ ᠤᠨ ᠬᠦᠴᠦᠷᠬᠡᠭ ᠨᠠᠮ ᠤᠨ ᠡᠭᠦᠷ︾ ᠢᠶᠠᠷ ᠭᠠᠷᠳᠠᠴᠠ ᠪᠣᠯᠭᠠᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠠᠵᠢᠯᠯᠠᠵᠤ᠂ ᠨᠠᠮ ᠤᠨ ᠡᠭᠦᠷ ᠤᠨ ᠤᠯᠤᠰ ᠲᠦᠷᠦ ᠶᠢᠨ ᠴᠢᠳᠠᠪᠬᠢ ᠪᠣᠯᠤᠨ ᠵᠣᠬᠢᠶᠠᠨ ᠪᠠᠶᠢᠭᠤᠯᠬᠤ ᠬᠦᠴᠦᠨ ᠢ ᠲᠠᠰᠤᠷᠠᠯᠲᠠ ᠦᠭᠡᠢ ᠴᠢᠩᠭᠠᠳᠬᠠᠵᠤ᠂ ︽ᠬᠠᠮᠤᠭ ᠤᠨ ᠬᠦᠴᠦᠷᠬᠡᠭ ᠨᠠᠮ ᠤᠨ ᠡᠭᠦᠷ︾ ᠤᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ ᠲᠡᠰ ᠳᠡᠪᠰᠢᠭᠦᠯᠬᠦ ᠶᠢ ᠴᠢᠷᠮᠠᠶᠢᠨ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃            ᠵᠣᠬᠢᠶᠠᠭᠴᠢ᠄ ᠤᠰᠤᠨ ᠠᠰᠢᠭᠯᠠᠯᠲᠠ ᠶᠢᠨ ᠲᠣᠪᠴᠢᠶ᠎ᠠ            ᠣᠷᠴᠢᠭᠤᠯᠣᠨᠨᠴᠢ᠄  ᠬᠠᠶᠢᠷᠬᠠᠨ
 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号