ᠤᠯᠠᠭᠠᠨᠴᠠᠪ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠢᠷᠡᠵᠦ ᠤᠰᠤᠨ ᠠᠰᠢᠭᠯᠠᠯᠲᠠ ᠶᠢᠨ ᠭᠤᠤᠯᠳᠠᠯᠭ᠎ᠠ ᠲᠠᠢ ᠠᠵᠢᠯ ᠢ ᠵᠢᠭᠰᠠᠭᠠᠨ ᠪᠠᠶᠢᠴᠠᠭᠠᠵᠤ ᠱᠠᠯᠠᠪᠳᠠᠭᠤᠯᠤᠨ ᠪᠠᠶᠢᠴᠠᠭᠠᠪᠠ
ᠨᠡᠶᠢᠲᠡᠯᠡᠭᠰᠡᠨ ᠴᠠᠭ᠄
2023/9/18
     8 ᠰᠠᠷ᠎ᠠ ᠶᠢᠨ 31 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠺᠠᠩ ᠪᠢᠶᠤᠤ ᠨᠥᠬᠦᠷ ᠪᠦᠯᠬᠦᠮ ᠪᠠᠨ ᠳᠠᠭᠠᠭᠤᠯᠤᠨ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠢᠷᠡᠵᠦ 2023 ᠣᠨ ᠤ ᠤᠰᠤᠨ ᠠᠰᠢᠭᠯᠠᠯᠲᠠ ᠶᠢᠨ ᠭᠤᠤᠯᠳᠠᠯᠭ᠎ᠠ ᠲᠠᠢ ᠠᠵᠢᠯ ᠢ ᠵᠢᠭᠰᠠᠭᠠᠨ ᠪᠠᠶᠢᠴᠠᠭᠠᠵᠤ ᠰᠢᠮᠳᠠᠭᠤᠯᠤᠨ ᠪᠠᠶᠢᠴᠠᠭᠠᠵᠤ᠂ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠬᠤᠶᠠᠳᠤᠭᠠᠷ ᠳᠠᠪᠬᠤᠷᠯᠢᠭ ᠤᠨ ᠬᠤᠷᠠᠯ ᠤᠨ ᠬᠡᠷ ᠲᠤ ᠶᠠᠷᠢᠯᠴᠠᠬᠤ ᠬᠤᠷᠠᠯ ᠬᠤᠷᠠᠯᠳᠤᠭᠤᠯᠵᠤ᠂ ᠲᠣᠪᠴᠢᠶ᠎ᠠ ᠶᠢᠨ ᠤᠳᠤᠷᠢᠳᠬᠤ ᠪᠠᠭ ᠤᠨ ᠪᠦᠷᠢᠯᠳᠦᠬᠦᠨ ᠬᠤᠷᠠᠯ ᠳᠤ ᠣᠷᠣᠯᠴᠠᠪᠠ᠃

     ᠬᠤᠷᠠᠯ ᠳᠡᠭᠡᠷ᠎ᠡ᠂ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ

ᠱᠦᠵᠢ᠂ ᠲᠣᠪᠴᠢᠶᠠᠨ ᠳᠠᠷᠤᠭ᠎ᠠ ᠯᠢ ᠹᠸᠢ ᠨᠥᠬᠦᠷ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ 2023

ᠣᠨ ᠤ ᠤᠰᠤᠨ ᠠᠰᠢᠭᠯᠠᠯᠲᠠ ᠶᠢᠨ ᠭᠤᠤᠯᠳᠠᠯᠭ᠎ᠠ ᠲᠠᠢ ᠠᠵᠢᠯ ᠤᠨ ᠲᠤᠬᠠᠶ ᠬᠠᠷᠢᠭᠤ ᠮᠡᠳᠡᠭᠦᠯᠦᠯᠲᠡ ᠬᠢᠵᠡᠶ᠂

ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠤᠰᠤᠨ

ᠠᠰᠢᠭᠯᠠᠯᠲᠠ ᠶᠢᠨ ᠭᠤᠤᠯᠳᠠᠯᠭ᠎ᠠ ᠲᠠᠢ ᠠᠵᠢᠯ ᠵᠢᠴᠢ ᠣᠯᠤᠭᠰᠠᠨ ᠦᠷ᠎ᠡ ᠪᠦᠲᠦᠮᠵᠢ ᠶᠢ ᠭᠦᠢᠴᠡᠳ ᠨᠤᠲᠠᠯᠠᠭᠰᠠᠨ ᠤ

ᠬᠠᠮᠲᠤ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠨᠢ ᠠᠷᠠᠳ ᠣᠯᠠᠨ ᠤ ᠠᠮᠢ

ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ

ᠬᠤᠯᠪᠣᠭᠳᠠᠵᠤ ᠪᠠᠶᠢᠳᠠᠭ᠂ ᠠᠵᠢᠯ ᠲᠥᠷᠥᠯ ᠤᠨ ᠬᠢᠨᠠᠯᠲᠠ ᠶᠢ ᠴᠢᠩᠭᠠᠳᠬᠠᠵᠤ᠂ ᠠᠶᠤᠯᠭᠦᠶ ᠦᠢᠯᠡᠳᠪᠦᠷᠢᠯᠡᠯ ᠤᠨ

ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠠᠷᠠᠳ ᠲᠦᠮᠡᠨ ᠢᠶᠠᠷ ᠭᠤᠤᠯ ᠪᠣᠯᠭᠠᠬᠤ

ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠣᠶ ᠪᠣᠯᠭᠠᠵᠤ᠂ ᠣᠨ ᠤ ᠭᠤᠤᠯᠳᠠᠯᠭ᠎ᠠ ᠲᠠᠢ ᠠᠵᠢᠯ ᠢ ᠡᠮᠬᠢ

ᠵᠢᠷᠤᠮ ᠲᠠᠢ ᠠᠬᠢᠭᠤᠯᠵᠤ᠂ ᠡᠯ᠎ᠡ ᠵᠦᠢᠯ ᠤᠨ ᠤᠰᠤᠨ ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ

ᠵᠦᠢᠯ ᠤᠨ ᠤᠷᠤᠭᠰᠢᠲᠠᠶ ᠠᠭᠢᠬᠤ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃

      31 ᠤ ᠡᠳᠦᠷ ᠤᠨ ᠦᠳᠡ ᠶᠢᠨ ᠬᠤᠶᠢᠨ᠎ᠠ᠂ ᠲᠣᠪᠴᠢᠶ᠎ᠠ ᠶᠢᠨ ᠤᠳᠤᠷᠢᠳᠬᠤ ᠪᠠᠭ ᠤᠨ ᠪᠦᠷᠢᠯᠳᠦᠬᠦᠨ ᠨᠡᠷ

ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠳᠤ ᠪᠠᠷ᠎ᠠ ᠪᠣᠯᠵᠤ ᠤᠯᠠᠭᠠᠨ ᠲᠤᠭ ᠤᠰᠤᠨ ᠴᠥᠭᠦᠷᠥᠮ ᠵᠡᠷᠭᠡ

ᠭᠠᠵᠠᠷ ᠲᠤ ᠭᠦᠨᠵᠡᠭᠡᠶᠢᠷᠡᠨ᠂ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠢ

ᠨᠠᠶᠢᠳᠠᠪᠤᠷᠢᠵᠢᠭᠤᠯᠬᠤ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠬᠠᠮᠠᠭᠠᠯᠠᠯᠲᠠ ᠪᠠ ᠪᠠᠶᠢᠭᠤᠯᠵᠤ ᠪᠠᠶᠢᠭ᠎ᠠ

ᠪᠠᠷᠢᠯᠭ᠎ᠠ ᠶᠢᠨ ᠬᠠᠮᠢᠶᠠᠷᠤᠯᠲᠠ ᠵᠡᠷᠭᠡ ᠠᠵᠢᠯ ᠢ ᠨᠠᠷᠢᠨ ᠪᠠᠶᠢᠴᠠᠭᠠᠨ ᠰᠤᠳᠤᠯᠪᠠ᠃

      ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠠᠴᠠ᠂ ᠤᠰᠤᠨ ᠠᠰᠢᠭᠯᠠᠯᠲᠠ ᠪᠣᠯ ᠲᠣᠭᠲᠠᠭᠤᠨ

ᠬᠥᠭᠵᠢᠯᠲᠡ ᠶᠢᠨ ᠴᠢᠬᠤᠯᠠ ᠰᠠᠭᠤᠷᠢ ᠪᠠ ᠪᠠᠲᠤᠯᠠᠭ᠎ᠠ ᠮᠥᠨ᠂ ᠶᠡᠷᠦᠩᠬᠡᠢ ᠱᠦᠵᠢ ᠰᠢ ᠶᠢᠨ ᠫᠢᠩ ᠤᠨ   ︽

ᠤᠰᠤ ᠪᠠᠷ ᠲᠦᠷᠪᠡ ᠶᠢ ᠲᠣᠭᠲᠠᠭᠠᠬᠤ︾ ᠤᠰᠤ ᠶᠢ ᠵᠠᠰᠠᠬᠤ ᠰᠡᠳᠬᠢᠴᠡ ᠪᠠ ᠥᠪᠥᠷ ᠮᠣᠩᠭᠤᠯ ᠳᠤ ᠰᠢᠨᠵᠢᠯᠡᠨ

ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ

ᠲᠤᠭᠤᠰᠢᠯᠠᠭᠤᠯᠵᠤ᠂ ᠤᠰᠤᠨ ᠠᠰᠢᠭᠯᠠᠯᠲᠠ ᠶᠢᠨ ᠭᠤᠣᠯᠳᠠᠯᠭ᠎ᠠ ᠲᠠᠢ ᠠᠵᠢᠯ ᠢ ᠪᠦᠬᠦ ᠬᠦᠴᠦᠨ ᠢᠶᠠᠷ ᠠᠬᠢᠭᠤᠯᠬᠤ

ᠬᠡᠷᠡᠭᠲᠡᠢ ᠭᠡᠵᠡᠢ᠃

             ᠵᠣᠬᠢᠶᠠᠭᠴᠢ᠄ ᠤᠰᠤᠨ ᠠᠰᠢᠭᠯᠠᠯᠲᠠ ᠶᠢᠨ ᠲᠣᠪᠴᠢᠶ᠎ᠠ

             ᠣᠷᠴᠢᠭᠤᠯᠣᠨᠨᠴᠢ᠄  ᠬᠠᠶᠢᠷᠬᠠᠨ

 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号