ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠰᠢᠨ ᠰᠢᠯᠥᠬᠡᠢ ᠨᠣᠭᠤᠭ᠎ᠠ ᠡᠯᠪᠡᠭ ᠬᠤᠷᠢᠶᠠᠯᠲᠠ ᠣᠯᠵᠤ  ᠠᠷᠠᠳ ᠢ ᠪᠠᠶᠠᠵᠢᠭᠤᠯᠬᠤ ᠠᠵᠤ ᠦᠢᠯᠡᠰ ᠬᠥᠭᠵᠢᠯᠲᠡ ᠶᠢ ᠠᠬᠢᠭᠤᠯᠣᠨ᠎ᠠ
ᠨᠡᠶᠢᠲᠡᠯᠡᠭᠰᠡᠨ ᠴᠠᠭ᠄
2023/9/18
              ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ ᠳᠠᠯᠠᠢ ᠶᠢᠨ ᠲᠦᠪᠰᠢᠨ ᠠᠴᠠ ᠬᠠᠷᠢᠴᠠᠩᠭᠤᠢ ᠪᠠᠷ ᠨᠡᠯᠢᠶᠡᠳ ᠥᠨᠳᠥᠷ ᠪᠠᠶᠢᠵᠦ᠂ ᠡᠳᠦᠷ ᠰᠥᠨᠢ ᠶᠢᠨ ᠳᠤᠯᠠᠭᠠᠨ ᠤ ᠵᠥᠷᠢᠶ᠎ᠡ ᠶᠡᠭᠡ᠂ ᠳᠣᠣᠷ᠎ᠠ ᠳᠤᠯᠠᠭᠠᠨ ᠬᠦᠢᠲᠡᠨ ᠰᠡᠷᠢᠭᠦᠨ᠂ ᠤᠰᠤᠯᠠᠯᠲᠠ ᠶᠢᠨ ᠤᠰᠤᠨ ᠤ ᠴᠢᠨᠠᠷ ᠨᠢ ᠪᠣᠬᠢᠷᠲᠤᠯ ᠦᠭᠡᠢ ᠪᠠᠶᠢᠵᠦ᠂ ᠥᠨᠳᠦᠷᠯᠢᠭ ᠤᠨ ᠵᠤᠨ ᠤ ᠨᠣᠭᠤᠭ᠎ᠠ ᠶᠢᠨ ᠬᠦᠰᠡᠯᠡᠩ ᠤᠨ ᠣᠷᠣᠨ ᠪᠠᠶᠢᠵᠦ᠂ ᠡᠰᠢᠨ ᠰᠢᠯᠦᠬᠡᠢ ᠨᠣᠭᠤᠭ᠎ᠠ ᠲᠠᠷᠢᠵᠦ ᠪᠣᠶᠢᠵᠢᠭᠤᠯᠬᠤ ᠳᠤ ᠲᠣᠬᠢᠷᠠᠨ᠎ᠠ᠃

     ᠡᠰᠢᠨ ᠰᠢᠯᠥᠬᠡᠢ ᠨᠣᠭᠤᠭ᠎ᠠ ᠲᠠᠷᠢᠬᠤ᠂ ᠬᠠᠳᠤᠵᠤ ᠬᠤᠷᠢᠶᠠᠬᠤ᠂ ᠲᠡᠷᠭᠡᠨ ᠳᠤ ᠲᠡᠭᠡᠭᠡᠬᠦ ᠳᠤ ᠴᠥᠮ ᠶᠡᠭᠡ

ᠬᠡᠮᠵᠢᠶᠡᠨ ᠤ ᠬᠥᠮᠦᠨ ᠤ ᠬᠦᠴᠦ ᠬᠡᠷᠡᠭᠰᠡᠵᠦ᠂ ᠡᠰᠢᠨ ᠰᠢᠯᠦᠬᠡᠢ ᠨᠣᠭᠤᠭ᠎ᠠ ᠲᠠᠷᠢᠬᠤ ᠨᠢ ᠭᠠᠵᠠᠷ ᠰᠢᠷᠣᠢ ᠶᠢ

ᠬᠠᠮᠤᠭ ᠤᠨ ᠶᠡᠭᠡ ᠪᠠᠷ ᠠᠰᠢᠭᠯᠠᠭᠰᠠᠨ ᠢᠶᠠᠷ ᠪᠠᠷᠠᠬᠤ ᠦᠭᠡᠢ᠂ ᠪᠠᠰᠠ ᠡᠷᠬᠢᠨ ᠲᠣᠭᠤᠷᠢᠨ ᠤ ᠤᠯᠠᠨ ᠲᠦᠮᠡᠨ ᠳᠤ

ᠤᠢᠢᠷ᠎ᠠ ᠬᠠᠪᠢ ᠳᠠᠭᠠᠨ ᠠᠵᠢᠯ ᠬᠢᠬᠦ ᠲᠣᠬᠢᠶᠠᠯ ᠬᠠᠩᠭᠠᠵᠤ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂

ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠦᠨᠡᠨ ᠬᠦ ᠪᠡᠶᠡᠯᠡᠭᠦᠯᠪᠡ᠃

     ᠲᠣᠰᠬᠤᠨ ᠤ ᠠᠷᠠᠳ ᠲᠠᠷᠢᠶᠠᠨ ᠭᠠᠵᠠᠷ ᠲᠤ ᠶᠠᠭᠠᠷᠠᠯᠳᠤᠵᠤ᠂ ᠴᠢᠨᠠᠷ ᠰᠠᠶᠢᠲᠠᠢ ᠡᠰᠢᠨ ᠰᠢᠯᠦᠬᠡᠢ ᠨᠣᠭᠤᠭ᠎ᠠ

ᠲᠡᠭᠦᠬᠦ᠂ ᠢᠯᠭᠠᠬᠤ᠂ ᠵᠥᠭᠡᠭᠡᠪᠦᠷᠢᠯᠡᠬᠦ᠂ ᠲᠡᠷᠭᠡᠨ ᠳᠤ ᠲᠡᠭᠡᠭᠡᠬᠦ ᠵᠡᠷᠭᠡ ᠶᠠᠪᠤᠴᠠ ᠪᠠᠷ ᠳᠠᠮᠵᠢᠨ ᠪᠦᠬᠦ ᠤᠯᠤᠰ ᠤᠨ

ᠡᠯ᠎ᠡ ᠭᠠᠵᠠᠷ ᠲᠤ ᠶᠠᠪᠤᠭᠤᠯᠬᠤ ᠪᠠᠷ ᠴᠠᠭ ᠢᠮᠠᠭᠲᠠ ᠪᠡᠯᠡᠬᠡᠨ ᠪᠠᠶᠢᠯ᠎ᠠ᠃

     ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠮ ᠳᠤ᠂ ᠭᠠᠵᠠᠷ ᠣᠷᠣᠨ ᠤ ᠪᠠᠶᠢᠳᠠᠯ ᠳᠠᠭᠠᠨ

ᠲᠤᠬᠢᠷᠠᠭᠤᠯᠤᠨ ᠠᠷᠠᠳ ᠢ ᠪᠠᠶᠠᠵᠢᠭᠤᠯᠬᠤ ᠠᠵᠤ ᠦᠢᠯᠡᠰ ᠢ ᠰᠣᠩᠭᠤᠬᠤ ᠪᠣᠯ ᠵᠠᠩᠭᠢᠯᠠᠭ᠎ᠠ ᠪᠣᠯᠤᠨ᠎ᠠ᠃ ᠤᠢᠢᠷ᠎ᠠ ᠶᠢᠨ

ᠵᠢᠯ ᠠᠴᠠ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ ᠤᠨᠴᠠᠯᠢᠬᠳᠤ ᠠᠵᠤ ᠦᠢᠯᠡᠰ ᠢ ᠶᠡᠬᠡᠪᠡᠷ

ᠪᠤᠶᠢᠵᠢᠭᠤᠯᠬᠤ ᠬᠥᠭᠵᠢᠯᠲᠡ ᠶᠢᠨ ᠰᠡᠳᠬᠢᠴᠡ ᠶᠢ ᠪᠠᠷᠢᠮᠲᠠᠯᠠᠵᠤ᠂ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠪᠠᠷ

ᠭᠤᠣᠯ ᠪᠣᠯᠭᠠᠬᠤ ᠶᠢ ᠢᠮᠠᠭᠲᠠ ᠪᠠᠷᠢᠮᠲᠠᠯᠠᠵᠤ᠂ ᠤᠨᠴᠠᠯᠢᠬᠳᠤ ᠳᠠᠪᠠᠭᠤᠯᠢᠭ ᠠᠵᠤ ᠦᠢᠯᠡᠰ ᠢ ᠬᠥᠭᠵᠢᠭᠦᠯᠬᠦ ᠪᠠᠷ

ᠰᠢᠪᠲᠤᠯᠤᠯᠲᠠ ᠶᠢᠨ ᠴᠡᠭ ᠪᠣᠯᠭᠠᠵᠤ᠂ ᠳᠠᠯᠠᠢ ᠶᠢᠨ ᠲᠦᠪᠰᠢᠨ ᠠᠴᠠ ᠥᠨᠳᠥᠷ᠂ ᠨᠡᠷᠡᠨ ᠤ ᠲᠤᠰᠤᠯᠲᠠ ᠭᠦᠢᠴᠡᠳ᠂

ᠡᠳᠦᠷ ᠰᠥᠨᠢ ᠶᠢᠨ ᠳᠤᠯᠠᠭᠠᠨ ᠤ ᠵᠥᠷᠢᠶ᠎ᠡ ᠶᠡᠭᠡ᠂ ᠤᠰᠤᠯᠠᠯᠲᠠ ᠶᠢᠨ ᠤᠰᠤᠨ ᠤ ᠴᠢᠨᠠᠷ ᠪᠣᠬᠢᠷᠲᠤᠯ ᠦᠭᠡᠢ ᠵᠡᠷᠭᠡ

ᠭᠠᠵᠠᠷ ᠵᠦᠢ ᠶᠢᠨ ᠳᠠᠪᠠᠭᠤᠯᠢᠭ ᠢ ᠭᠦᠢᠴᠡᠳ ᠠᠰᠢᠭᠯᠠᠵᠤ᠂ ᠠᠵᠤ ᠦᠢᠯᠡᠰ ᠤᠨ ᠲᠤᠬᠢᠷᠠᠭᠤᠯᠤᠯᠳᠠ ᠶᠢᠨ

ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠡᠰᠢᠨ

ᠰᠢᠯᠤᠬᠡᠢ ᠨᠣᠭᠤᠭ᠎ᠠ ᠲᠠᠷᠢᠬᠤ ᠠᠵᠤ ᠦᠢᠯᠡᠰ ᠢ ᠦᠷᠭᠦᠯᠵᠢᠯᠡᠨ ᠬᠥᠭᠵᠢᠭᠦᠯᠦᠨ ᠪᠤᠵᠠᠭᠠᠶᠢᠷᠠᠭᠤᠯᠵᠤ᠂ ︽ᠲᠠᠷᠢᠶᠠᠨ

ᠭᠠᠵᠠᠷ ᠤᠨ ᠡᠯᠪᠡᠭ ᠬᠤᠷᠢᠶᠠᠯᠲᠠ︾ ᠶᠢ ᠪᠡᠶᠡᠯᠡᠭᠦᠯᠦᠭᠰᠡᠨ ᠢᠶᠠᠷ ᠪᠠᠷᠠᠬᠤ ᠦᠭᠡᠢ ᠪᠠᠰᠠ ᠠᠷᠠᠳ ᠢ ᠪᠠᠶᠠᠵᠢᠭᠤᠯᠵᠦ᠂  

ᠡᠰᠢᠨ ᠰᠢᠯᠥᠬᠡᠢ ᠨᠣᠭᠤᠭ᠎ᠠ ᠨᠢ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠨᠣᠭᠤᠭ᠎ᠠ᠂ ᠪᠠᠶᠠᠵᠢᠯ ᠤᠨ ᠨᠣᠭᠤᠭ᠎ᠠ

ᠪᠣᠯᠤᠭᠰᠠᠨ ᠪᠠᠶᠢᠨ᠎ᠠ᠃

          ᠵᠣᠬᠢᠶ᠋ᠬᠠᠴᠢ᠄  ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ

         ᠣᠷᠴᠢᠭᠤᠯᠣᠨᠨᠴᠢ᠄  ᠭᠧ ᠲᠣᠸᠠᠨ ᠯᠢᠶᠡᠨ

         

 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号