ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠬᠠᠮᠲᠤᠷᠠᠭᠰᠠᠨ ᠪᠠᠶᠢᠴᠠᠭᠠᠨ ᠰᠤᠳᠤᠯᠬᠤ ᠳᠤᠭᠤᠶᠢᠯᠠᠩ ᠬᠦᠷᠢᠶ᠎ᠡ ᠰᠤᠮᠤ ᠳᠤ ᠭᠦᠨᠵᠡᠭᠡᠶᠢᠷᠡᠨ ᠭᠤᠤᠯᠳᠠᠯᠭ᠎ᠠ ᠲᠠᠢ ᠠᠵᠢᠯ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/9/20
        9 ᠰᠠᠷ᠎ᠠ ᠶᠢᠨ 18 ᠤ ᠡᠳᠦᠷ᠂  ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠬᠤᠰᠢᠭᠤᠨ ᠳᠠᠷᠤᠭ᠎ᠠ ᠯᠢᠦ ᠴᠢ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠯᠢ ᠪᠢᠨ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶ᠎ᠠ ᠶᠢᠨ ᠠᠯᠪᠠᠨ ᠬᠡᠷ ᠤᠨ ᠡᠷᠬᠢᠯᠡᠭᠴᠢ ᠵᠠᠩ ᠪᠢᠨ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠸᠠᠩ ᠬᠠᠶ ᠵᠧᠨ ᠨᠡᠷ ᠬᠦᠷᠢᠶ᠎ᠡ ᠰᠤᠮᠤ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠶᠠᠷᠢᠯᠴᠠᠬᠤ ᠬᠤᠷᠠᠯ ᠬᠢᠪᠠ᠃

    ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠬᠦᠷᠢᠶ᠎ᠡ ᠰᠤᠮᠤᠨ ᠤ ᠭᠤᠣᠯᠳᠠᠯᠭ᠎ᠠ ᠲᠠᠢ ᠠᠵᠢᠯ ᠤᠨ ᠲᠤᠬᠠᠶ

ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭ᠎ᠠ ᠨᠢ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ

ᠳᠤᠭᠤᠶᠢᠯᠠᠩ ᠬᠤᠪᠢᠶᠠᠨ ᠲᠤᠰ ᠲᠤᠰ ᠬᠦᠷᠢᠶ᠎ᠡ ᠰᠤᠮᠤ ᠶᠢᠨ ᠵᠢᠶᠠ ᠷᠦᠨ ᠱᠦᠢᠨᠢ ᠶᠢᠨ ᠦᠢᠯᠡᠳᠪᠦᠷᠢ᠂ ᠨᠠᠰᠤᠲᠠᠨ ᠢ

ᠠᠰᠠᠷᠠᠬᠤ ᠬᠦᠷᠢᠶᠡᠯᠡᠩ᠂ ᠨᠢᠭᠡᠳᠦᠭᠡᠷ ᠭᠠᠴᠠᠭ᠎ᠠ ᠵᠡᠷᠭᠡ ᠭᠠᠵᠠᠷ ᠲᠤ ᠭᠦᠨᠵᠡᠭᠡᠶᠢᠷᠡᠨ ᠲᠤᠬᠠᠢ ᠶᠢᠨ ᠭᠠᠵᠠᠷ ᠲᠤᠨᠢ

ᠪᠠᠶᠢᠴᠠᠭᠠᠨ ᠰᠤᠳᠤᠯᠤᠯᠲᠠ ᠬᠢᠵᠦ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠥᠷᠨᠢᠭᠦᠯᠵᠦ ᠪᠠᠶᠢᠭ᠎ᠠ

ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠵᠤ᠂ ᠮᠠᠯᠴᠢᠨ ᠲᠠᠷᠢᠶᠠᠴᠢᠨ ᠲᠠᠢ ᠭᠦᠨᠵᠡᠭᠡᠢ ᠶᠠᠷᠢᠯᠴᠠᠨ

ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠣᠶᠢᠯᠠᠭᠠᠵᠤ᠂ ᠤᠯᠠᠨ ᠲᠦᠮᠡᠨ ᠤ ᠰᠠᠨᠠᠯ ᠪᠠ ᠬᠦᠰᠡᠯ ᠱᠠᠭᠠᠷᠳᠠᠯᠭ᠎ᠠ ᠶᠢ

ᠨᠠᠷᠢᠨ ᠬᠢᠨᠠᠮᠠᠭᠠᠢ ᠰᠣᠨᠣᠰᠴᠤ᠂ ᠵᠢᠯᠣᠭᠤᠳᠬᠤ ᠴᠢᠨᠠᠷᠲᠠᠢ᠂ ᠪᠦᠲᠦᠭᠡᠯᠴᠢ ᠴᠢᠨᠠᠷᠲᠠᠢ ᠰᠠᠨᠠᠯ ᠳᠤᠷᠠᠳᠪᠠ᠃ ᠵᠢᠶᠠ

ᠷᠦᠨ ᠱᠦᠢᠨᠢ ᠶᠢᠨ ᠦᠢᠯᠡᠳᠪᠦᠷᠢ ᠳᠤ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠠᠵᠤ ᠠᠬᠤᠶᠢᠯᠠᠯ ᠤᠨ

ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠵᠢᠴᠢ ᠱᠦᠢᠨᠢ ᠶᠢᠨ ᠦᠢᠯᠡᠳᠪᠦᠷᠢ ᠶᠢᠨ ᠪᠦᠳᠦᠭᠡᠨ ᠪᠠᠶᠢᠭᠤᠯᠤᠯᠲᠠ ᠶᠢᠨ

ᠤᠳᠤ ᠶᠢᠨ ᠣᠷᠣᠰᠢᠵᠤ ᠪᠠᠶᠢᠭ᠎ᠠ ᠠᠰᠠᠭᠤᠳᠠᠯ ᠪᠣᠯᠤᠨ ᠳᠠᠷᠠᠭᠠᠴᠢ ᠶᠢᠨ ᠠᠯᠬᠤᠮ ᠤᠨ ᠲᠥᠯᠥᠪᠯᠡᠭᠡ ᠶᠢ ᠨᠠᠷᠢᠨ

ᠣᠶᠢᠯᠠᠭᠠᠪᠠ᠃

     ᠶᠠᠷᠢᠯᠴᠠᠬᠤ ᠬᠤᠷᠠᠯ ᠳᠡᠭᠡᠷ᠎ᠡ᠂ ᠡᠯ᠎ᠡ ᠬᠠᠮᠢᠶ᠎ᠠ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠭᠤᠣᠯᠳᠠᠯᠭ᠎ᠠ ᠲᠠᠢ

ᠶᠠᠷᠢᠶ᠎ᠠ ᠲᠠᠯᠪᠢᠪᠠ᠃

     ᠪᠠᠶᠢᠴᠠᠭᠠᠨ ᠰᠤᠳᠤᠯᠬᠤ ᠳᠤᠭᠤᠶᠢᠯᠠᠩ ᠠᠴᠠ ᠵᠢᠭᠠᠵᠤ ᠭᠠᠷᠭᠠᠭᠰᠠᠨ ᠨᠢ᠂ ᠨᠠᠮ ᠤᠨ ᠪᠠᠶᠢᠭᠤᠯᠤᠯᠲᠠ ᠪᠠᠷ

ᠦᠨᠳᠦᠰᠦᠨ ᠱᠠᠲᠤᠨ ᠤ ᠵᠠᠰᠠᠯᠲᠠ ᠶᠢ ᠬᠦᠳᠦᠯᠦᠨ ᠳᠠᠭᠠᠭᠤᠯᠬᠤ ᠶᠢ ᠭᠦᠨᠵᠡᠭᠡᠢ ᠠᠬᠢᠭᠤᠯᠵᠤ᠂ ᠦᠨᠳᠦᠰᠦᠨ

ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠳᠠᠪᠠᠭᠤᠯᠢᠭ᠂ ᠵᠣᠬᠢᠶᠠᠨ

ᠪᠠᠶᠢᠭᠤᠯᠤᠯᠲᠠ ᠶᠢᠨ ᠳᠠᠪᠠᠭᠤᠯᠢᠭ ᠢ ᠲᠠᠰᠤᠷᠠᠯᠲᠠ ᠦᠭᠡᠢ ᠵᠠᠰᠠᠯᠲᠠ ᠶᠢᠨ ᠦᠷ᠎ᠡ ᠪᠦᠲᠦᠮᠵᠢ ᠪᠣᠯᠭᠠᠨ ᠬᠤᠪᠢᠷᠠᠭᠤᠯᠬᠤ

ᠬᠡᠷᠡᠭᠲᠡᠢ︔ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ ᠲᠣᠭᠲᠠᠴᠠ ᠶᠢ ᠲᠡᠭᠦᠯᠳᠡᠷᠵᠢᠭᠦᠯᠵᠦ᠂ ᠤᠯᠠᠨ

ᠲᠦᠮᠡᠨ ᠤ ᠵᠦᠢ ᠶᠣᠰᠣᠨ ᠤ ᠭᠤᠮᠣᠳᠠᠯ ᠱᠠᠭᠠᠷᠳᠠᠯᠭ᠎ᠠ ᠶᠢ ᠬᠠᠤᠯᠢ ᠲᠣᠭᠲᠠᠭᠠᠯ ᠶᠣᠰᠣᠭᠠᠷ ᠰᠠᠶᠢᠲᠤᠷ ᠰᠢᠢᠳᠪᠦᠷᠢᠯᠡᠵᠦ

᠂ ᠬᠡᠪ ᠤᠨ ᠵᠠᠬᠢᠳᠠᠯ ᠰᠤᠷᠪᠤᠯᠵᠢᠯᠠᠭ᠎ᠠ ᠶᠢᠨ ᠡᠮᠬᠢ ᠵᠢᠷᠤᠮ ᠪᠠ ᠨᠡᠶᠢᠭᠡᠮ ᠤᠨ ᠡᠮᠬᠢ ᠵᠢᠷᠤᠮ ᠢ ᠦᠨᠡᠨ ᠬᠦ ᠬᠠᠮᠠᠭᠠᠯᠠᠬᠤ

ᠬᠡᠷᠡᠭᠲᠡᠶ︔ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠵᠤ᠂

ᠬᠥᠭᠵᠢᠯᠲᠡ ᠶᠢᠨ ᠰᠡᠳᠬᠢᠴᠡ ᠪᠠᠨ ᠲᠣᠳᠣᠷᠬᠠᠶᠢᠯᠠᠵᠤ᠂ ᠤᠯᠠᠨ ᠲᠦᠮᠡᠨ ᠤ ᠪᠤᠳᠤᠵᠤ ᠬᠦᠰᠡᠵᠦ ᠪᠠᠶᠢᠭ᠎ᠠ ᠵᠦᠢᠯ ᠲᠠᠢ

ᠨᠢᠭᠲᠠ ᠤᠶᠠᠯᠳᠤᠭᠤᠯᠵᠤ᠂ ᠰᠡᠳᠬᠢᠯ ᠲᠠᠯᠪᠢᠵᠤ ᠬᠠᠶᠢᠷ᠎ᠠ ᠰᠡᠳᠬᠢᠯᠭᠡ ᠪᠠᠷ ᠢᠶᠠᠨ ᠤᠯᠠᠨ ᠲᠦᠮᠡᠨ ᠳᠤ ᠰᠠᠶᠢᠲᠤᠷ

ᠦᠢᠯᠡᠴᠢᠯᠡᠵᠦ᠂ ᠬᠦᠴᠢᠷ ᠠᠰᠠᠭᠤᠳᠠᠯ ᠢ ᠰᠢᠢᠳᠪᠦᠷᠢᠯᠡᠵᠦ ᠥᠭᠬᠦ ᠬᠡᠷᠡᠭᠲᠡᠢ︔ ᠠᠵᠤ ᠠᠬᠤᠶᠢᠯᠠᠯ ᠤᠳ ᠠᠶᠤᠯᠭᠦᠢ

ᠦᠢᠯᠡᠳᠪᠦᠷᠢᠯᠡᠯ ᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ

ᠪᠠᠲᠤ ᠡᠭᠦᠷᠭᠡᠯᠡᠵᠦ᠂ ᠭᠡᠮ ᠰᠣᠭᠤᠭ ᠢ ᠪᠠᠶᠢᠴᠠᠭᠠᠨ ᠴᠡᠭᠴᠡᠯᠡᠬᠦ ᠶᠢ ᠴᠢᠩᠭᠠᠳᠬᠠᠵᠤ᠂ ᠠᠮᠤᠷ ᠲᠦᠪᠰᠢᠨ ᠤ

ᠵᠢᠷᠤᠮᠵᠢᠯ ᠢ ᠴᠢᠩᠭ᠎ᠠ ᠬᠡᠷᠡᠭᠵᠢᠭᠦᠯᠵᠦ᠂ ᠠᠮᠤᠷ ᠲᠦᠪᠰᠢᠨ ᠤ ᠠᠷᠭ᠎ᠠ ᠬᠡᠮᠵᠢᠶ᠎ᠠ ᠶᠢ ᠪᠣᠳᠠᠲᠠᠢ ᠨᠠᠶᠢᠳᠠᠪᠤᠷᠢᠵᠢᠭᠤᠯᠬᠤ ᠶᠢ

ᠪᠠᠲᠤᠯᠠᠬᠤ ᠬᠡᠷᠡᠭᠲᠡᠢ᠃

       ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ

ᠪᠠᠶᠢᠴᠠᠭᠠᠨ ᠰᠤᠳᠤᠯᠤᠯᠲᠠ ᠳᠤ ᠣᠷᠣᠯᠴᠠᠪᠠ᠃

 

          ᠰᠤᠷᠪᠤᠯᠵᠢᠯᠠᠭᠴᠢ᠄ ᠭᠤᠣ ᠸᠧᠶ     ᠬᠤᠤ ᠯᠢ ᠰᠢᠨ

          ᠣᠷᠴᠢᠭᠤᠯᠣᠨᠨᠴᠢ᠄  ᠭᠧ ᠲᠣᠸᠠᠨ ᠯᠢᠶᠡᠨ

       

 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号