| ᠣᠶᠢᠷ᠎ᠡ ᠶᠢᠨ ᠡᠳᠦᠷ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠤ ᠶᠢᠨ ᠵᠤ ᠲᠣᠰᠬᠤᠨ ᠤ | ᠭᠦᠸᠧ ᠵᠢᠶᠠᠨ ᠶᠦᠩ ᠤᠨ ᠭᠡᠷ ᠲᠤ ᠬᠦᠷᠬᠦ ᠳᠤ᠂ ᠬᠦᠷᠢᠶᠡᠨ ᠳᠠᠬᠢ ᠲᠡᠮᠡᠭᠡᠨ ᠬᠢᠷᠭᠤᠤᠯ ᠨᠡᠷᠡᠨ ᠤ ᠭᠡᠷᠡᠯ ᠳᠤ | ᠰᠡᠯᠡᠭᠦᠴᠡᠨ ᠠᠯᠬᠤᠬᠤ ᠶᠢᠨ ᠳᠠᠭᠠᠤ ᠢᠳᠡᠰᠢ ᠡᠷᠢᠵᠦ᠂ ᠬᠥᠮᠦᠨ ᠢᠷᠡᠬᠦ ᠶᠢ ᠣᠯᠵᠤ ᠬᠠᠷᠠᠭᠠᠳ᠂ ᠤᠷᠳᠤ | ᠬᠦᠵᠦᠭᠦᠦ ᠪᠠᠨ ᠰᠤᠩᠭᠠᠨ ᠨᠠᠰᠢ ᠴᠠᠰᠢ ᠶᠠᠪᠤᠵᠤ᠂ ᠭᠦᠸᠧ ᠵᠢᠶᠠᠨ ᠶᠦᠩ ᠤᠨ ᠬᠢᠨ ᠣᠷᠣᠯᠭ᠎ᠠ ᠪᠠᠨ ᠨᠡᠮᠡᠭᠳᠡᠭᠦᠯᠦᠨ | ᠴᠢᠨᠡᠭᠡᠯᠢᠭᠵᠢᠭᠦᠯᠬᠦ ᠰᠢᠨ᠎ᠡ ᠵᠠᠮ ᠢ ᠤᠯᠬᠤ ᠪᠠᠷ ᠠᠯᠬᠤᠮ ᠠᠯᠬᠤᠮ ᠢᠶᠠᠷ ᠬᠠᠶᠢᠨ ᠰᠦᠪᠡᠭᠴᠢᠯᠡᠬᠦ ᠪᠠᠷ ᠲᠠᠮᠵᠢᠨ | ᠣᠷᠣᠯᠭ᠎ᠠ ᠪᠠᠨ ᠨᠡᠮᠡᠭᠳᠡᠭᠦᠯᠦᠨ ᠴᠢᠨᠡᠭᠡᠯᠢᠭᠵᠢᠭᠦᠯᠬᠦ ᠰᠢᠨ᠎ᠡ ᠵᠠᠮ ᠢ ᠡᠷᠢᠵᠦ ᠣᠯᠤᠭᠰᠠᠨ ᠪᠠᠶᠢᠨ᠎ᠠ᠃ | | | | | ᠬᠡᠳᠦᠨ ᠵᠢᠯ ᠤᠨ ᠡᠮᠦᠨ᠎ᠡ᠂ ᠭᠦᠸᠧ ᠵᠢᠶᠠᠨ ᠶᠦᠩ ᠲᠡᠮᠡᠭᠡᠨ ᠬᠢᠷᠭᠤᠤᠯ ᠲᠡᠵᠢᠭᠡᠪᠡᠯ ᠦᠷ᠎ᠡ ᠠᠰᠢᠭ ᠰᠠᠶᠢᠨ | ᠭᠡᠵᠦ ᠰᠣᠨᠣᠰᠤᠭᠰᠠᠨ ᠪᠥᠭᠡᠳ ᠡᠪᠡᠰᠦ ᠢᠳᠡᠬᠦ ᠪᠠᠷ ᠭᠤᠤᠯ ᠪᠣᠯᠭᠠᠵᠤ᠂ ᠥᠰᠥᠯᠲᠡ ᠨᠢ ᠲᠦᠷᠭᠡᠨ᠂ ᠲᠡᠵᠢᠭᠡᠬᠦ ᠳᠤ | ᠬᠢᠯᠪᠠᠷ᠂ ᠡᠪᠡᠳᠴᠢᠨ ᠢ ᠡᠰᠡᠷᠭᠦᠴᠡᠬᠦ ᠴᠢᠳᠠᠪᠤᠷᠢ ᠪᠠᠷ ᠴᠢᠩᠭ᠎ᠠ ᠪᠠᠶᠢᠵᠤ᠂ ᠰᠢᠨ᠎ᠡ ᠪᠠᠷ ᠪᠣᠶ ᠪᠣᠯᠤᠭᠰᠠᠨ ᠲᠡᠵᠢᠭᠡᠨ | ᠦᠷᠡᠵᠢᠭᠦᠯᠬᠦ ᠠᠵᠢᠯ ᠲᠥᠷᠥᠯ ᠳᠤ ᠬᠠᠷᠢᠶᠠᠯᠠᠭᠳᠠᠨ᠎ᠠ᠂ ᠵᠠᠬ᠎ᠠ ᠳᠡᠯᠭᠡᠭᠦᠷ ᠤᠨ ᠢᠷᠡᠭᠡᠳᠦᠢ ᠮᠠᠰᠢ ᠰᠠᠶᠢᠨ ᠪᠣᠯᠬᠤᠷ | ᠲᠡᠮᠡᠭᠡᠨ ᠬᠢᠷᠭᠤᠤᠯ ᠲᠡᠵᠢᠭᠡᠬᠦ ᠪᠣᠳᠣᠯ ᠲᠥᠷᠥᠭᠳᠡᠵᠦ᠂ ᠬᠠᠮᠢᠶ᠎ᠠ ᠪᠥᠬᠦᠶ ᠪᠠᠶᠢᠳᠠᠯ ᠢ ᠣᠶᠢᠯᠠᠭᠠᠭᠰᠠᠨ ᠤ ᠳᠠᠷᠠᠭ᠎ᠠ᠂ | ᠤᠷᠢᠳ ᠬᠤᠵᠢᠳ ᠣᠯᠠᠨ ᠲᠡᠮᠡᠭᠡᠨ ᠬᠢᠷᠭᠤᠤᠯ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠲᠤ ᠬᠦᠷᠴᠦ ᠪᠠᠶᠢᠴᠠᠭᠠᠨ | ᠰᠤᠳᠤᠯᠤᠯᠲᠠ ᠬᠢᠵᠦ᠂ ᠤᠨᠴᠠᠯᠢᠭᠳᠤ ᠲᠡᠵᠢᠭᠡᠨ ᠦᠷᠡᠵᠢᠭᠦᠯᠬᠦ ᠵᠠᠮ ᠢ ᠨᠡᠭᠡᠭᠡᠭᠰᠡᠨ ᠪᠠᠶᠢᠨ᠎ᠠ᠃ 2022 ᠣᠨ ᠠᠴᠠ | ᠡᠬᠢᠯᠡᠨ ᠲᠡᠮᠡᠭᠡᠨ ᠬᠢᠷᠭᠤᠤᠯ ᠲᠡᠵᠢᠭᠡᠨ ᠦᠷᠡᠵᠢᠭᠦᠯᠬᠦ ᠲᠤᠷᠰᠢᠯᠲᠠ ᠬᠢᠵᠦ᠂ ᠲᠠᠰᠤᠷᠠᠯᠲᠠ ᠥᠬᠡᠶ ᠰᠦᠪᠡᠭᠴᠢᠯᠡᠨ | ᠰᠤᠳᠤᠯᠬᠤ ᠪᠠᠷ ᠳᠡᠮᠵᠢᠨ᠂ ᠬᠠᠮᠤᠭ ᠤᠨ ᠠᠩᠬᠠᠨ ᠤ 20 ᠪᠠᠶᠢᠭᠰᠠᠨ ᠠᠴᠠ ᠪᠠᠨ ᠣᠲᠣ 100 ᠭᠠᠷᠤᠶ ᠪᠣᠯᠵᠣ᠂ | ᠲᠡᠮᠡᠭᠡᠨ ᠬᠢᠷᠭᠤᠤᠯ ᠲᠡᠵᠢᠭᠡᠨ ᠦᠷᠡᠵᠢᠭᠦᠯᠬᠦ ᠬᠡᠪᠴᠢᠶ᠎ᠡ ᠲᠠᠰᠤᠷᠠᠯᠲᠠ ᠥᠬᠡᠶ ᠥᠷᠭᠡᠵᠢᠨ᠂ ᠲᠡᠷᠡ ᠪᠠᠰᠠ ᠦᠷᠭᠦᠯᠵᠢ | ᠱᠠᠨᠳᠦ᠋ᠩ᠂ ᠾᠧᠨᠠᠨ ᠵᠡᠷᠭᠡ ᠭᠠᠵᠠᠷ ᠲᠤ ᠬᠦᠷᠴᠦ ᠲᠡᠷᠢᠭᠦᠨ ᠤ ᠲᠡᠵᠢᠭᠡᠨ ᠦᠷᠡᠵᠢᠭᠦᠯᠬᠦ ᠮᠡᠷᠭᠡᠵᠢᠯ ᠢ ᠰᠤᠷᠤᠯᠴᠠᠵᠤ᠂ | ᠲᠡᠮᠡᠭᠡᠨ ᠬᠢᠷᠭᠤᠤᠯ ᠤᠨ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠶᠢ ᠨᠠᠷᠢᠨ ᠬᠢᠨᠠᠮᠠᠭᠠᠶ ᠰᠤᠷᠤᠯᠴᠠᠬᠤ ᠶᠢᠨ ᠬᠠᠮᠲᠤ | ᠲᠡᠮᠡᠭᠡᠨ ᠬᠢᠷᠭᠤᠤᠯ ᠳᠤ ᠸᠠᠺᠼᠢᠨ ᠤ ᠲᠠᠷᠢᠯᠭ᠎ᠠ ᠬᠢᠬᠦ ᠮᠡᠷᠭᠡᠵᠢᠯ ᠢ ᠥᠪᠡᠷ ᠢᠶᠠᠨ ᠰᠤᠷᠴᠤ᠂ ᠲᠡᠮᠡᠭᠡᠨ ᠬᠢᠷᠭᠤᠤᠯ | ᠲᠡᠵᠢᠭᠡᠨ ᠦᠷᠡᠵᠢᠭᠦᠯᠬᠦ ᠬᠡᠪᠴᠢᠶ᠎ᠡ ᠶᠢ ᠥᠷᠭᠡᠳᠬᠡᠬᠦ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ | | | | | ᠬᠦᠸᠧ ᠵᠢᠶᠠᠨ ᠶᠦᠩ ᠤᠨ ᠲᠠᠨᠢᠯᠴᠠᠭᠤᠯᠤᠭᠰᠠᠨ ᠢᠶᠠᠷ᠂ ᠨᠠᠰᠤᠨ ᠳᠤ ᠬᠦᠷᠦᠭᠰᠡᠨ ᠲᠡᠮᠡᠭᠡᠨ ᠬᠢᠷᠭᠤᠤᠯ ᠬᠤᠶᠠᠷ | ᠮᠧᠲᠷ ᠭᠠᠷᠤᠶ ᠥᠨᠳᠥᠷ᠂ ᠬᠠᠮᠤᠭ ᠤᠨ ᠬᠦᠨᠳᠦ ᠨᠢ 150 ᠺᠢᠯᠣᠭ᠍ᠷᠠᠮ᠂ ᠲᠡᠮᠡᠭᠡᠨ ᠬᠢᠷᠭᠤᠤᠯ ᠤᠨ ᠥᠰᠥᠯᠲᠡ ᠶᠢᠨ | ᠦᠶᠡᠯᠡᠯ ᠨᠢ ᠨᠡᠯᠢᠶᠡᠳ ᠣᠷᠳᠣ᠂ ᠡᠩ ᠤᠨ ᠪᠠᠶᠢᠳᠠᠯ ᠳᠤ 22 ᠰᠠᠷ᠎ᠠ ᠪᠣᠯᠪᠠᠯ ᠰᠠᠶ᠋ᠢ ᠥᠨᠳᠡᠭᠡᠯᠡᠳᠡᠭ᠂ ᠡᠷᠡᠭᠴᠢᠨ | ᠲᠡᠮᠡᠭᠡᠨ ᠬᠢᠷᠭᠤᠤᠯ 300 ᠭᠠᠷᠤᠶ ᠵᠢᠩ᠂ ᠡᠮᠡᠭᠴᠢᠨ ᠲᠡᠮᠡᠭᠡᠨ ᠬᠢᠷᠭᠤᠤᠯ 200 ᠵᠢᠩ ᠣᠷᠴᠢᠮ ᠥᠰᠴᠦ | ᠪᠣᠶᠢᠵᠢᠳᠠᠭ᠂ ᠵᠠᠬ᠎ᠠ ᠳᠡᠯᠭᠡᠭᠦᠷ ᠳᠡᠭᠡᠷ᠎ᠡ ᠲᠡᠮᠡᠭᠡᠨ ᠬᠢᠷᠭᠤᠤᠯ ᠤᠨ ᠮᠢᠬ᠎ᠠ ᠵᠢᠩ ᠪᠦᠷᠢ ᠳᠡᠭᠡᠨ ᠪᠠᠷᠤᠭ 50 ᠲᠥᠭᠦᠷᠢᠭ | ᠭᠥᠷᠳᠡᠭ᠃ ᠲᠡᠮᠡᠭᠡᠨ ᠬᠢᠷᠭᠤᠤᠯ ᠤᠨ ᠪᠥᠬᠦ ᠪᠡᠶ᠎ᠡ ᠨᠢ ᠪᠦᠷ ᠡᠷᠳᠡᠨᠢ᠃ ᠮᠢᠬ᠎ᠠ᠂ ᠥᠨᠳᠡᠭᠡ ᠶᠢ ᠨᠢ ᠢᠳᠡᠵᠦ ᠪᠣᠯᠤᠨ᠎ᠠ | ᠂ ᠠᠷᠠᠰᠤ ᠪᠠ ᠥᠳᠥ ᠨᠢ ᠪᠦᠷ ᠦᠨ᠎ᠡ ᠭᠥᠷᠳᠡᠭ᠂ ᠨᠢᠭᠡ ᠵᠢᠩ ᠲᠡᠮᠡᠭᠡᠨ ᠬᠢᠷᠭᠤᠤᠯ ᠤᠨ ᠦᠰᠦ ᠨᠢ ᠮᠢᠩᠭ᠎ᠠ ᠭᠠᠷᠤᠶ | ᠲᠥᠭᠦᠷᠢᠭ ᠬᠦᠷᠦᠨ᠎ᠡ᠃ ᠲᠡᠮᠡᠭᠡᠨ ᠬᠢᠷᠭᠤᠤᠯ ᠪᠣᠯ ᠣᠨᠴᠠ ᠲᠥᠷᠥᠯ ᠤᠨ ᠬᠡᠷ ᠤᠨ ᠵᠢᠭᠦᠷᠲᠡᠨ ᠪᠣᠯᠬᠤᠷ ᠬᠤᠯᠪᠣᠭᠳᠠᠯ | ᠪᠥᠬᠦᠶ ᠨᠢᠲᠤᠯᠬᠤ ᠭᠠᠷ ᠬᠦᠢᠴᠡᠳᠭᠡᠯ ᠬᠢᠬᠦ ᠴᠢᠬᠤᠯᠠ ᠥᠬᠡᠶ᠂ ᠮᠢᠬ᠎ᠠ᠂ ᠥᠨᠳᠡᠭᠡ ᠶᠢ ᠨᠢ ᠪᠣᠷᠣᠯᠠᠭᠤᠯᠬᠤ | ᠪᠣᠯᠬᠤ ᠪᠠᠷ ᠪᠠᠷᠠᠬᠤ ᠥᠬᠡᠶ᠂ ᠢᠷᠡᠭᠡᠳᠦᠶ ᠳᠤ ᠪᠠᠰᠠ ᠥᠲᠥ᠂ ᠥᠨᠳᠡᠭᠡᠨ ᠬᠠᠯᠢᠰᠤ᠂ ᠲᠣᠰᠣ ᠵᠡᠷᠭᠡ ᠶᠢ ᠨᠠᠷᠢᠯᠢᠭ | ᠪᠣᠯᠪᠠᠰᠤᠷᠠᠭᠤᠯᠬᠤ ᠠᠵᠤ ᠦᠢᠯᠡᠰ ᠢ ᠨᠡᠮᠡᠭᠳᠡᠭᠦᠯᠵᠦ᠂ ᠲᠡᠮᠡᠭᠡᠨ ᠬᠢᠷᠭᠤᠤᠯ ᠤᠨ ᠠᠵᠤ ᠦᠢᠯᠡᠰ ᠤᠨ ᠬᠡᠯᠬᠢᠶ᠎ᠡ ᠶᠢ | ᠤᠷᠲᠤᠳᠬᠠᠨ᠂ ᠲᠡᠮᠡᠭᠡᠨ ᠬᠢᠷᠭᠤᠤᠯ ᠤᠨ ᠨᠡᠮᠡᠯᠲᠡ ᠥᠷᠲᠡᠭ ᠢ ᠨᠡᠮᠡᠭᠳᠡᠭᠦᠯᠬᠦ ᠪᠠᠷ ᠲᠥᠯᠥᠪᠯᠡᠵᠦ ᠪᠣᠶ᠃ | | | | | ᠠᠷᠣ ᠶᠢᠨ ᠵᠤ ᠶᠢᠨ ᠵᠢᠶᠠᠨ ᠶᠦᠩ ᠬᠤᠷᠰᠢᠶᠠᠵᠢᠯ ᠤᠨ ᠬᠠᠷᠢᠭᠤᠴᠠᠯᠭᠠᠲᠠᠨ ᠭᠦᠸᠧ ᠵᠢᠶᠠᠨ ᠶᠦᠩ᠄ ︽ᠪᠢ | 2022 ᠣᠨ ᠠᠴᠠ ᠡᠬᠢᠯᠡᠨ ᠲᠡᠮᠡᠭᠡᠨ ᠬᠢᠷᠭᠤᠤᠯ ᠲᠡᠵᠢᠭᠡᠵᠦ᠂ ᠣᠳᠣᠬᠠᠨ ᠳᠤ 100 ᠭᠠᠷᠤᠢ ᠲᠡᠮᠡᠭᠡᠨ ᠬᠢᠷᠭᠤᠤᠯ᠂ | 100 ᠭᠠᠷᠤᠢ ᠲᠠᠬᠢᠶ᠎ᠠ᠂ 10 ᠭᠠᠷᠤᠢ ᠲᠣᠭᠤᠰ ᠴᠠᠴᠤᠭᠲᠤ ᠬᠢᠷᠭᠤᠤᠯ ᠲᠡᠵᠢᠭᠡᠵᠦ ᠪᠠᠶᠢᠨ᠎ᠠ᠃ ᠲᠡᠮᠡᠭᠡᠨ | ᠬᠢᠷᠭᠤᠤᠯ ᠤᠨ ᠮᠢᠬ᠎ᠠ᠂ ᠥᠨᠳᠡᠭᠡ᠂ ᠲᠡᠮᠡᠭᠡᠨ ᠬᠢᠷᠭᠤᠤᠯ ᠤᠨ ᠨᠣᠣᠰᠣ ᠵᠡᠷᠭᠡ ᠶᠢ ᠪᠣᠷᠣᠯᠠᠭᠤᠯᠬᠤ ᠪᠠᠷ ᠳᠠᠮᠵᠢᠨ | ᠣᠷᠣᠯᠭ᠎ᠠ ᠪᠠᠨ ᠨᠡᠮᠡᠭᠳᠡᠭᠦᠯᠦᠨ ᠪᠠᠶᠠᠵᠢᠯ ᠤᠨ ᠵᠠᠮ ᠢᠶᠠᠷ ᠵᠠᠮᠨᠠᠨ᠎ᠠ᠂ ᠳᠠᠷᠠᠭᠠᠴᠢ ᠶᠢᠨ ᠠᠯᠬᠤᠮ ᠳᠤ ᠪᠢ ᠲᠡᠵᠢᠭᠡᠨ | ᠦᠷᠡᠵᠢᠭᠦᠯᠬᠦ ᠬᠡᠪᠴᠢᠶ᠎ᠠ ᠪᠠᠨ ᠴᠢᠨᠠᠭᠰᠢᠳᠠ ᠥᠷᠭᠡᠳᠬᠡᠵᠦ᠂ ᠲᠡᠮᠡᠭᠡᠨ ᠬᠢᠷᠭᠤᠤᠯ ᠤᠨ ᠲᠡᠵᠢᠭᠡᠨ ᠦᠷᠡᠵᠢᠭᠦᠯᠬᠦ | ᠬᠡᠪᠴᠢᠶᠡᠵᠢᠯ ᠢ ᠪᠡᠶᠡᠯᠡᠬᠦᠯᠦᠨ᠎ᠡ᠂ ᠬᠡᠷᠪᠡ ᠮᠡᠷᠭᠡᠵᠢᠯ ᠪᠣᠯᠪᠠᠰᠤᠷᠠᠩᠭᠤᠢ ᠪᠣᠯᠪᠠᠯ ᠪᠢ ᠪᠠᠰᠠ ᠨᠡᠪᠴᠢᠭᠦᠯᠬᠦ | ᠲᠥᠬᠦᠭᠡᠷᠦᠮᠵᠢ ᠶᠢ ᠣᠷᠣᠭᠤᠯᠤᠨ ᠠᠪᠴᠢᠷᠠᠵᠤ᠂ ᠥᠪᠡᠷ ᠢᠶᠠᠨ ᠦᠷᠡᠵᠢᠭᠦᠯᠵᠦ ᠥᠪᠡᠷ ᠢᠶᠠᠨ ᠲᠡᠵᠢᠭᠡᠬᠦ ᠶᠢ ᠬᠠᠶᠢᠨ | ᠰᠦᠪᠡᠭᠴᠢᠯᠡᠵᠦ᠂ ᠨᠡᠩ ᠤᠯᠠᠨ ᠬᠥᠮᠦᠰ ᠢ ᠳᠠᠶᠢᠴᠢᠯᠠᠨ ᠪᠠᠶᠠᠵᠢᠯ ᠤᠨ ᠵᠠᠮ ᠢᠶᠠᠷ ᠵᠠᠮᠨᠠᠭᠤᠯᠤᠨ᠎ᠠ︾ ᠭᠡᠵᠦ ᠬᠡᠯᠡᠪᠡ᠃ | | | | | ᠡᠳᠦᠭᠡ᠂ ᠭᠦᠸᠧ ᠵᠢᠶᠠᠨ ᠶᠦᠩ ᠤᠨ ᠲᠡᠮᠡᠭᠡᠨ ᠬᠢᠷᠭᠤᠤᠯ ᠲᠡᠵᠢᠭᠡᠨ ᠦᠷᠡᠵᠢᠭᠦᠯᠬᠦ ᠦᠢᠯᠡᠰ ᠡᠳᠦᠷ ᠠᠴᠠ | ᠡᠳᠦᠷ ᠥᠭᠡᠳᠡᠯᠡᠨ ᠬᠥᠭᠵᠢᠵᠦ᠂ ᠲᠡᠷᠡ ᠪᠠᠰᠠ ᠬᠡᠪᠴᠢᠶ᠎ᠠ ᠪᠠᠨ ᠴᠢᠨᠠᠭᠰᠢᠳᠠ ᠥᠷᠭᠡᠳᠬᠡᠵᠦ᠂ ᠲᠡᠮᠡᠭᠡᠨ ᠬᠢᠷᠭᠤᠤᠯ | ᠲᠡᠵᠢᠭᠡᠨ ᠦᠷᠡᠵᠢᠭᠦᠯᠬᠦ ᠬᠡᠪᠴᠢᠶᠡᠵᠢᠯ ᠢ ᠪᠡᠶᠡᠯᠡᠭᠦᠯᠬᠦ ᠶᠢᠨ ᠬᠠᠮᠲᠤ ᠬᠤᠷᠰᠢᠶᠠᠵᠢᠯ ᠨᠢ ᠪᠠᠰᠠ ᠡᠷᠬᠢᠨ ᠲᠣᠭᠤᠷᠢᠨ ᠤ | ᠲᠠᠷᠢᠶᠠᠴᠢᠨ ᠡᠷᠦᠬᠡ ᠶᠢᠨ ᠡᠷᠳᠡᠨᠢ ᠰᠢᠰᠢ᠂ ᠴᠠᠷᠭᠠᠰᠤ ᠶᠢ ᠶᠡᠭᠡ ᠬᠡᠮᠵᠢᠶ᠎ᠠ ᠪᠠᠷ ᠬᠤᠳᠠᠯᠳᠤᠨ ᠠᠪᠴᠤ ᠲᠡᠮᠡᠭᠡᠨ | ᠬᠢᠷᠭᠤᠤᠯ ᠲᠡᠵᠢᠭᠡᠬᠦ ᠳᠤ ᠬᠡᠷᠡᠭᠯᠡᠵᠦ᠂ ᠡᠷᠬᠢᠨ ᠲᠣᠭᠤᠷᠢᠨ ᠤ ᠤᠯᠠᠨ ᠲᠦᠮᠡᠨ ᠢ ᠳᠠᠶᠢᠴᠢᠯᠠᠨ ᠣᠷᠣᠯᠭ᠎ᠠ ᠶᠢ ᠨᠢ | ᠲᠣᠭᠲᠠᠭᠤᠨ ᠢᠶᠠᠷ ᠨᠡᠮᠡᠭᠳᠡᠭᠦᠯᠵᠦ ᠬᠠᠮᠲᠤᠪᠠᠷ ᠪᠠᠶᠠᠵᠢᠭᠤᠯᠬᠤ ᠪᠠᠷ ᠪᠡᠯᠡᠳᠬᠡᠵᠦ ᠪᠤᠢ᠃ ᠭᠦᠸᠧ ᠵᠢᠶᠠᠨ ᠶᠦᠩ | ᠠᠵᠢᠯᠴᠢ ᠬᠥᠳᠡᠯᠮᠦᠷᠢᠴᠢ ᠬᠤᠶᠠᠷ ᠭᠠᠷ ᠪᠣᠯᠤᠨ ᠡᠷᠴᠢ ᠵᠣᠷᠢᠭ ᠢᠶᠠᠷ ᠢᠶᠠᠨ ᠡᠷᠭᠢᠨ ᠲᠣᠭᠤᠷᠢᠨ ᠤ ᠠᠬ᠎ᠠ ᠳᠡᠭᠦᠦ | ᠨᠡᠷ ᠢᠶᠠᠨ ᠳᠠᠭᠠᠭᠤᠯᠤᠨ ᠬᠠᠮᠲᠤ ᠪᠠᠷ ᠪᠠᠶᠠᠵᠢᠨ ᠴᠢᠨᠡᠭᠡᠯᠢᠭᠵᠢᠵᠦ᠂ ᠤᠨᠴᠠᠯᠢᠬᠳᠤ ᠲᠡᠵᠢᠭᠡᠨ ᠦᠷᠡᠵᠢᠭᠦᠯᠬᠦ ᠦᠢᠯᠡᠰ ᠨᠢ | ᠲᠣᠰᠬᠤᠨ ᠤ ᠠᠷᠠᠳ ᠲᠤ ᠪᠠᠶᠠᠵᠢᠯ ᠤᠨ ᠰᠢᠨ᠎ᠡ ᠬᠦᠰᠡᠯ ᠡᠷᠡᠮᠡᠯᠵᠡᠯ ᠢ ᠣᠯᠭᠤᠵᠤ᠂ ᠲᠣᠰᠬᠤᠨ ᠤ ᠠᠷᠠᠳ ᠤᠨ | ᠬᠥᠭᠵᠢᠯᠲᠡ ᠶᠢᠨ ᠢᠲᠡᠭᠡᠯ ᠢ ᠨᠡᠩ ᠬᠥᠪᠴᠢᠯᠡᠵᠦ᠂ ᠪᠠᠶᠠᠵᠢᠯ ᠤᠨ ᠠᠯᠬᠤᠮ ᠢ ᠨᠡᠩ ᠲᠦᠷᠭᠡᠨ ᠪᠣᠯᠭᠠᠵᠤ᠂ ᠲᠡᠮᠡᠭᠡᠨ | ᠬᠢᠷᠭᠤᠤᠯ ᠤᠨ ᠤᠨᠴᠠᠯᠢᠬᠳᠤ ᠲᠡᠵᠢᠭᠡᠨ ᠦᠷᠡᠵᠢᠭᠦᠯᠬᠦ ᠦᠢᠯᠡᠰ ᠤᠨ ᠡᠬᠢᠯᠡᠯᠲᠡ ᠨᠢ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠠᠵᠤ ᠦᠢᠯᠡᠰ ᠤᠨ ᠬᠥᠭᠵᠢᠯᠲᠡ ᠳᠤ ᠰᠢᠨ᠎ᠡ ᠵᠠᠮ ᠬᠠᠩᠭᠠᠵᠠᠢ᠂ ᠴᠠᠬᠠᠷ ᠪᠠᠷᠠᠭᠤᠨ | ᠭᠠᠷᠤᠨ ᠳᠤᠮᠳᠠᠳᠤ ᠬᠤᠰᠢᠭᠤᠨ ᠤ ᠬᠢᠨ ᠤᠨᠴᠠᠯᠢᠬᠳᠤ ᠲᠡᠵᠢᠭᠡᠨ ᠦᠷᠡᠵᠢᠭᠦᠯᠬᠦ ᠦᠢᠯᠡᠰ ᠢ ᠬᠥᠭᠵᠢᠭᠦᠯᠬᠦ ᠶᠢ ᠶᠡᠬᠡᠪᠡᠷ | ᠲᠡᠳᠬᠦᠵᠦ᠂ ᠵᠢᠱᠢᠶ᠎ᠡ ᠦᠵᠡᠭᠦᠯᠦᠨ ᠬᠦᠳᠦᠯᠦᠨ ᠳᠠᠭᠠᠭᠤᠯᠵᠤ᠂ ᠠᠵᠤ ᠦᠢᠯᠡᠰ ᠤᠨ ᠬᠥᠭᠵᠢᠯᠲᠡ ᠪᠠᠷ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ᠃ | | | ᠰᠤᠷᠪᠤᠯᠵᠢᠯᠠᠭᠴᠢ᠄ ᠵᠠᠩ ᠰᠢᠶᠤᠤ ᠳ᠋ᠦᠩ ᠴᠢᠨ ᠢᠦᠶ | ᠣᠷᠴᠢᠭᠤᠯᠣᠨᠨᠴᠢ᠄ ᠭᠧ ᠲᠣᠸᠠᠨ ᠯᠢᠶᠡᠨ | | | |