ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠡᠭᠡᠷᠡᠲᠦ ᠬᠤᠲᠠ ᠪᠠᠯᠭᠠᠰᠤᠨ ᠤ ᠪᠣᠬᠢᠷ ᠤᠰᠤ ᠶᠢ ᠰᠢᠢᠳᠪᠦᠷᠢᠯᠡᠬᠦ ᠲᠥᠬᠦᠭᠡᠷᠦᠮᠵᠢ ᠵᠢᠴᠢ ᠢᠵᠢ ᠪᠦᠷᠢᠳᠦᠭᠦᠯᠬᠦ ᠬᠤᠭᠤᠯᠠᠶ ᠶᠢᠨ ᠲᠣᠤᠷ ᠤᠨ ᠢᠨᠵᠧᠨᠧᠷᠢᠩ ᠠᠵᠢᠯ ᠡᠬᠢᠯᠡᠬᠦ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2023/9/27
         ᠪᠣᠬᠢᠷ ᠤᠰᠤ ᠳᠤᠮᠳᠠᠬᠢ ᠬᠤᠤᠷᠲᠤ ᠪᠣᠳᠠᠰ ᠤᠨ ᠠᠭᠤᠯᠤᠭᠳᠠᠴᠠ ᠶᠢ ᠪᠦᠲᠦᠮᠵᠢᠲᠡᠶ ᠪᠠᠭᠠᠰᠬᠠᠵᠤ᠂ ᠬᠥᠳᠡᠭᠡ ᠲᠣᠰᠬᠤᠨ ᠤ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ᠂ ᠵᠡᠭᠡᠷᠡᠲᠦ ᠬᠤᠲᠠ ᠪᠠᠯᠭᠠᠰᠤ ᠵᠡᠭᠡᠷᠡᠲᠦ ᠬᠤᠲᠠ ᠲᠣᠰᠬᠤᠨ ᠳᠤ ᠪᠣᠬᠢᠷ ᠤᠰᠤ ᠶᠢ ᠰᠢᠢᠳᠪᠦᠷᠢᠯᠡᠬᠦ ᠪᠡᠯᠡᠳᠬᠡᠮᠵᠢ ᠵᠢᠴᠢ ᠢᠵᠢ ᠪᠥᠷᠢᠳᠦᠭᠦᠯᠬᠦ ᠬᠤᠭᠤᠯᠠᠶ ᠶᠢᠨ ᠲᠣᠤᠷ ᠢ ᠰᠢᠨ᠎ᠡ ᠪᠠᠷ ᠪᠠᠶᠢᠭᠤᠯᠬᠤ ᠪᠠᠷ ᠲᠣᠭᠲᠠᠪᠠ᠃ 9 ᠰᠠᠷ᠎ᠠ ᠶᠢᠨ 11 ᠤ ᠡᠳᠦᠷ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠡᠭᠡᠷᠡᠲᠦ ᠬᠤᠲᠠ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ ᠲᠥᠬᠦᠭᠡᠷᠦᠮᠵᠢ ᠵᠢᠴᠢ ᠢᠵᠢ ᠪᠦᠷᠢᠳᠦᠭᠦᠯᠬᠦ ᠬᠤᠭᠤᠯᠠᠶ ᠶᠢᠨ ᠲᠣᠤᠷ ᠤᠨ ᠢᠨᠵᠧᠨᠧᠷᠢᠩ ᠠᠵᠢᠯ ᠡᠬᠢᠯᠡᠬᠦ ᠶᠣᠰᠣᠯᠠᠯ ᠶᠠᠪᠤᠭᠤᠯᠵᠤ᠂ ᠬᠤᠰᠢᠭᠤᠨ ᠤ ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠳ᠋ᠦᠩ ᠰᠢᠤᠸᠠᠢ ᠴᠢᠩ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠳᠠᠷᠤᠭ᠎ᠠ ᠵᠠᠩ ᠵᠣᠣ ᠬᠤᠶ᠂ ᠵᠡᠭᠡᠷᠡᠲᠦ ᠬᠤᠲᠠ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠤᠳᠤᠷᠢᠳᠬᠤ ᠨᠥᠬᠦᠳ ᠵᠢᠴᠢ ᠪᠠᠷᠢᠯᠭ᠎ᠠ ᠶᠢᠨ ᠲᠠᠯ᠎ᠠ ᠶᠢᠨ ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠵᠠᠶ᠃

     ᠲᠣᠰ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠶᠡᠷᠦᠩᠬᠡᠶ ᠪᠠᠯᠠ ᠣᠷᠣᠭᠤᠯᠤᠯᠲᠠ ᠨᠢ 600

ᠲᠦᠮᠡᠨ ᠲᠥᠭᠦᠷᠢᠭ ᠪᠠᠶᠢᠵᠤ᠂ ᠨᠢᠭᠡᠳᠦᠭᠡᠷ ᠬᠤᠭᠤᠴᠠᠭᠠᠨ ᠳᠤ 369 ᠲᠦᠮᠡᠨ ᠲᠥᠭᠦᠷᠢᠭ ᠤᠨ ᠪᠠᠯᠠ ᠣᠷᠣᠭᠤᠯᠵᠤ᠂

ᠡᠵᠡᠯᠡᠬᠦ ᠲᠠᠯᠠᠪᠠᠶ ᠨᠢ 0.25 ᠾᠧᠺᠲ᠋ᠠᠷ ᠪᠠᠶᠢᠵᠤ᠂ 1 ᠪᠣᠬᠢᠷ ᠤᠰᠤ ᠰᠢᠢᠳᠪᠦᠷᠢᠯᠡᠬᠦ ᠥᠷᠲᠡᠭᠡ ᠶᠢ ᠰᠢᠨ᠎ᠡ ᠪᠠᠷ

ᠪᠠᠶᠢᠭᠤᠯᠵᠤ᠂ ᠰᠢᠢᠳᠪᠦᠷᠢᠯᠡᠬᠦ ᠬᠡᠪᠴᠢᠶ᠎ᠡ ᠨᠢ 15t/d ᠪᠠᠶᠢᠵᠤ᠂ 3 ᠪᠣᠬᠢᠷ ᠤᠰᠤ ᠴᠤᠭᠯᠠᠭᠤᠯᠬᠤ ᠴᠥᠭᠦᠷᠥᠮ ᠢ

ᠢᠵᠢ ᠪᠥᠷᠢᠳᠦᠭᠦᠯᠵᠦ᠂ 3 ᠪᠣᠬᠢᠷ ᠤᠰᠤ ᠴᠤᠭᠯᠠᠭᠤᠯᠬᠤ ᠲᠡᠷᠭᠡ ᠶᠢ ᠬᠤᠳᠠᠯᠳᠤᠨ ᠠᠪᠴᠤ᠂ 2023 ᠣᠨ ᠤ 9

ᠰᠠᠷ᠎ᠠ ᠳᠤ ᠠᠵᠢᠯ ᠡᠬᠢᠯᠡᠭᠦᠯᠵᠦ᠂ ᠵᠢᠱᠢᠯᠲᠡ ᠪᠠᠷ 2024 ᠣᠨ ᠤ 12 ᠰᠠᠷ᠎ᠠ ᠳᠤ ᠠᠵᠢᠯ ᠳᠠᠭᠤᠰᠬᠠᠨ᠎ᠠ᠃

      ᠪᠠᠯᠭᠠᠰᠤᠨ ᠤ ᠳᠠᠷᠤᠭ᠎ᠠ ᠮᠧᠩ ᠴᠢᠩ ᠢᠦᠶ ᠵᠢᠭᠠᠵᠤ ᠭᠠᠷᠭᠠᠭᠰᠠᠨ ᠨᠢ᠂ ᠪᠣᠬᠢᠷ ᠤᠰᠤ ᠶᠢ

ᠰᠢᠢᠳᠪᠦᠷᠢᠯᠡᠬᠦ ᠪᠠᠷ ᠳᠠᠮᠵᠢᠨ᠂ ᠬᠥᠳᠡᠭᠡ ᠲᠣᠰᠬᠤᠨ ᠤ ᠪᠣᠬᠢᠷ ᠤᠰᠤ ᠶᠢ ᠭᠠᠳᠠᠭᠰᠢᠯᠠᠭᠤᠯᠬᠤ ᠬᠡᠮᠵᠢᠶ᠎ᠡ ᠪᠣᠯᠤᠨ

ᠪᠣᠬᠢᠷᠲᠤᠯ ᠪᠣᠳᠠᠰ ᠤᠨ ᠥᠳᠬᠡᠴᠡ ᠶᠢᠨ ᠬᠡᠮᠵᠢᠶ᠎ᠡ ᠢᠯᠡᠳᠲᠡ ᠪᠠᠭᠤᠷᠠᠵᠤ᠂ ᠬᠥᠳᠡᠭᠡ ᠲᠣᠰᠬᠤᠨ ᠤ ᠣᠷᠴᠢᠨ

ᠲᠣᠭᠤᠷᠢᠨ ᠤ ᠶᠠᠰᠤ ᠴᠢᠨᠠᠷ ᠢᠯᠡᠳᠲᠡ ᠰᠠᠶᠢᠵᠢᠷᠠᠬᠤ ᠪᠣᠯᠤᠨ᠎ᠠ᠃  ᠰᠢᠢᠳᠪᠦᠷᠢᠯᠡᠭᠰᠡᠨ ᠤ ᠳᠠᠷᠠᠭᠠᠬᠢ ᠪᠣᠬᠢᠷ

ᠤᠰᠤ ᠶᠢ ᠲᠠᠷᠢᠶᠠᠨ ᠭᠠᠵᠠᠷ ᠤᠨ ᠤᠰᠤᠯᠠᠯᠲᠠ ᠳᠤ ᠬᠡᠷᠡᠭᠯᠡᠵᠦ᠂ ᠲᠠᠷᠢᠮᠠᠯ ᠤᠨ ᠤᠨᠠᠯᠲᠠ ᠪᠠ ᠶᠠᠰᠤ ᠴᠢᠨᠠᠷ ᠢ

ᠳᠡᠭᠡᠭᠰᠢᠯᠡᠭᠦᠯᠵᠦ ᠪᠣᠯᠤᠨ᠎ᠠ᠃ ᠡᠭᠦᠨ ᠤ ᠬᠠᠮᠲᠤ᠂ ᠬᠥᠳᠡᠭᠡ ᠲᠣᠰᠬᠤᠨ ᠤ ᠪᠣᠬᠢᠷ ᠤᠰᠤ ᠶᠢ ᠰᠢᠢᠳᠪᠦᠷᠢᠯᠡᠬᠦ ᠨᠢ

ᠪᠠᠰᠠ ᠬᠥᠳᠡᠭᠡ ᠲᠣᠰᠬᠤᠨ ᠤ ᠠᠵᠤ ᠠᠬᠤᠢ ᠶᠢᠨ ᠬᠥᠭᠵᠢᠯᠲᠡ ᠶᠢ ᠠᠬᠢᠭᠤᠯᠵᠤ᠂ ᠬᠥᠳᠡᠭᠡ ᠲᠣᠰᠬᠤᠨ ᠢ

ᠬᠥᠭᠵᠢᠭᠦᠯᠦᠨ ᠮᠠᠨᠳᠤᠭᠤᠯᠬᠤ ᠳᠤ ᠰᠠᠶᠢᠨ ᠰᠠᠶᠢᠬᠠᠨ ᠦᠢᠯᠡᠳᠪᠦᠷᠢᠯᠡᠯ ᠠᠮᠢᠳᠤᠷᠠᠯ ᠤᠨ ᠣᠷᠴᠢᠨ ᠲᠣᠭᠤᠷᠢᠨ ᠢ

ᠪᠦᠷᠢᠯᠳᠦᠭᠦᠯᠵᠦ ᠥᠭᠬᠦ ᠪᠣᠯᠤᠨ᠎ᠠ᠃

     ᠪᠠᠷᠢᠯᠭ᠎ᠠ ᠪᠠᠷᠢᠬᠤ ᠲᠠᠯ᠎ᠠ ᠶᠢᠨ ᠬᠠᠷᠢᠭᠤᠴᠠᠯᠭᠠᠲᠠᠨ ᠪᠠᠶᠠᠷ ᠤᠨ ᠦᠭᠡᠨ ᠳᠡᠭᠡᠨ᠂ ᠲᠥᠷᠥᠯ ᠵᠦᠢᠯ ᠢ

ᠨᠠᠶᠢᠳᠠᠪᠤᠷᠢᠵᠢᠭᠤᠯᠤᠨ ᠬᠡᠷᠡᠭᠵᠢᠭᠦᠯᠦᠭᠰᠡᠨ ᠨᠢ ᠬᠤᠰᠢᠭᠤ ᠪᠠ ᠪᠠᠯᠭᠠᠰᠤ ᠬᠤᠶᠠᠷ ᠱᠠᠲᠤᠨ ᠤ ᠵᠠᠰᠠᠭ ᠤᠨ ᠣᠷᠳᠣᠨ ᠤ

ᠤᠳᠤᠷᠢᠳᠤᠯᠭ᠎ᠠ ᠶᠢᠨ ᠬᠠᠯᠠᠮᠵᠢᠯᠠᠯ ᠳᠡᠮᠵᠢᠯᠭᠡ ᠠᠴᠠ ᠪᠣᠯᠤᠭᠰᠠᠨ ᠶᠤᠮ᠂ ᠲᠥᠷᠥᠯ ᠵᠦᠢᠯ ᠢ ᠦᠷᠨᠢᠭᠦᠯᠦᠭᠰᠡᠨ ᠤ

ᠳᠠᠷᠠᠭ᠎ᠠ᠂ ᠡᠮᠦᠨᠡᠬᠢ ᠬᠤᠭᠤᠴᠠᠭᠠᠨ ᠤ ᠲᠥᠯᠥᠪᠵᠢᠭᠦᠯᠭᠡ ᠶᠢ ᠴᠢᠩᠭ᠎ᠠ ᠵᠢᠷᠤᠮᠯᠠᠨ᠂ ᠪᠠᠯᠠ ᠣᠷᠣᠭᠤᠯᠤᠯᠲᠠ ᠶᠢᠨ

ᠠᠮᠠᠯᠠᠯᠲᠠ ᠪᠠᠨ ᠢᠳᠡᠪᠬᠢᠲᠡᠶ ᠪᠡᠶᠡᠯᠡᠭᠦᠯᠵᠦ᠂ ᠶᠠᠰᠤ ᠴᠢᠨᠠᠷ ᠪᠠ ᠠᠮᠤᠷ ᠲᠦᠪᠰᠢᠨ ᠢ ᠪᠠᠲᠤᠯᠠᠨ᠂ ᠲᠥᠷᠥᠯ ᠵᠦᠢᠯ ᠢ

ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠨ᠎ᠠ ᠭᠡᠵᠡᠶ᠃

     ᠳᠠᠷᠠᠭᠠᠴᠢ ᠶᠢᠨ ᠠᠯᠬᠤᠮ ᠳᠤ᠂ ᠵᠡᠭᠡᠷᠡᠲᠦ ᠬᠤᠲᠠ ᠪᠠᠯᠭᠠᠰᠤ ᠡᠨᠡ ᠤᠳᠠᠭ᠎ᠠ ᠶᠢᠨ ᠠᠵᠢᠯ ᠡᠬᠢᠯᠡᠭᠦᠯᠬᠦ ᠪᠠᠷ

ᠡᠬᠢᠯᠡᠯᠲᠡ ᠶᠢᠨ ᠴᠡᠭ ᠪᠣᠯᠭᠠᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ

᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠰᠠᠶᠢᠲᠤᠷ ᠠᠳᠬᠤᠵᠤ᠂ ᠨᠡᠩ ᠰᠠᠶᠢᠨ ᠣᠷᠴᠢᠨ ᠲᠣᠭᠤᠷᠢᠨ ᠢᠶᠠᠷ

ᠲᠦᠷᠦᠯ ᠵᠦᠢᠯ ᠦᠯᠡᠳᠡᠭᠡᠵᠦ᠂ ᠵᠡᠭᠡᠷᠡᠲᠦ ᠬᠤᠲᠠ ᠪᠠᠯᠭᠠᠰᠤᠨ ᠤ ᠠᠵᠤ ᠠᠬᠤᠢ ᠶᠢᠨ ᠰᠠᠶᠢᠨ ᠪᠥᠭᠡᠳ ᠲᠦᠷᠭᠡᠨ

ᠬᠥᠭᠵᠢᠯᠲᠡ ᠶᠢ ᠠᠬᠢᠭᠤᠯᠬᠤ ᠪᠣᠯᠤᠨ᠎ᠠ᠃

         

         ᠵᠣᠬᠢᠶᠠᠭᠴᠢ᠄ ᠵᠡᠭᠡᠷᠡᠲᠦ ᠬᠤᠲᠠ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ

        ᠣᠷᠴᠢᠭᠤᠯᠣᠨᠨᠴᠢ᠄  ᠭᠧ ᠲᠣᠸᠠᠨ ᠯᠢᠶᠡᠨ

 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号