ᠬᠤᠰᠢᠭᠤ ᠨᠠᠮ ᠤᠨ ᠬᠤᠷᠢᠶᠠᠨ ᠤ ᠱᠦᠵᠢ ᠭᠤᠤ ᠰᠧᠨ ᠡᠯ᠎ᠡ ᠰᠤᠮᠤ ᠰᠢᠶᠠᠩ ᠪᠠᠯᠭᠠᠰᠤ ︵ᠬᠦᠷᠢᠶᠡᠯᠡᠩ ᠲᠣᠭᠤᠷᠢᠭ︶ ᠳᠤ ᠭᠦᠨᠵᠡᠭᠡᠶᠢᠷᠡᠨ ᠣᠶᠢᠷ᠎ᠠ ᠶᠢᠨ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2023/9/27
           9 ᠰᠠᠷ᠎ᠠ ᠶᠢᠨ 15 ᠤ ᠡᠳᠦᠷ — 9 ᠰᠠᠷ᠎ᠠ ᠶᠢᠨ 16 ᠤ ᠡᠳᠦᠷ᠂  ᠬᠤᠰᠢᠭᠤ ᠨᠠᠮ ᠤᠨ ᠬᠤᠷᠢᠶᠠᠨ ᠤ ᠱᠦᠵᠢ ᠭᠤᠤ ᠰᠧᠨ ᠬᠡᠰᠡᠭ ᠰᠤᠮᠤ ᠰᠢᠶᠠᠩ ᠪᠠᠯᠭᠠᠰᠤ ︵ᠬᠦᠷᠢᠶᠡᠯᠡᠩ ᠲᠣᠭᠤᠷᠢᠭ︶ ᠳᠤ ᠭᠦᠨᠵᠡᠭᠡᠶᠢᠷᠡᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠦᠨᠳᠦᠰᠦᠨ ᠱᠠᠲᠤᠨ ᠤ ᠵᠠᠰᠠᠯᠲᠠ᠂ ᠠᠶᠤᠯᠭᠦᠢ ᠦᠢᠯᠡᠳᠪᠦᠷᠢᠯᠡᠯ ᠵᠡᠷᠭᠡ ᠤᠢᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠵᠤ ᠵᠢᠯᠣᠭᠤᠳᠬᠤ ᠳᠠᠭᠠᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠣᠯ ᠰᠡᠳᠦᠪᠲᠦ ᠬᠥᠮᠦᠵᠢᠯ ᠢ ᠰᠤᠷᠤᠯᠴᠠᠨ ᠲᠣᠭᠤᠰᠢᠯᠠᠭᠤᠯᠬᠤ ᠶᠢ ᠴᠢᠬᠤᠯᠠ ᠪᠠᠶᠢᠷᠢᠨ ᠳᠤ ᠲᠠᠯᠪᠢᠵᠤ᠂ ᠦᠨᠡᠨᠬᠦ ᠰᠤᠷᠤᠯᠴᠠᠵᠤ ᠦᠨᠡᠨᠬᠦ ᠣᠶᠢᠯᠠᠭᠠᠵᠤ ᠦᠨᠡᠨᠬᠦ ᠢᠲᠡᠭᠡᠵᠦ ᠦᠨᠡᠨᠬᠦ ᠬᠡᠷᠡᠭᠯᠡᠵᠦ᠂ ᠥᠷᠭᠡᠨ ᠤᠯᠠᠨ ᠺᠠᠳ᠋ᠷ ᠤᠯᠠᠨ ᠲᠦᠮᠡᠨ ᠢ ᠬᠦᠳᠦᠯᠦᠨ ᠳᠠᠭᠠᠭᠤᠯᠵᠤ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠤᠨᠤᠯ ᠤᠨ ᠢᠲᠡᠭᠡᠯ ᠢ ᠨᠢ ᠴᠢᠩᠭᠠᠳᠬᠠᠵᠤ᠂ ᠠᠵᠢᠯ ᠤᠨ ᠲᠠᠰᠤᠷᠠᠯᠲᠠ ᠦᠭᠡᠢ ᠳᠡᠭᠡᠭᠰᠢᠯᠡᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

     ᠭᠤᠤ ᠰᠧᠨ ᠨᠠᠷ ᠤᠷᠢᠳ ᠬᠤᠵᠢᠳ ᠬᠤᠩ ᠫᠠᠨ ᠰᠢᠶᠠᠩ᠂ ᠬᠦᠢᠳᠡᠨᠰᠢᠯᠢ ᠬᠦᠷᠢᠶᠡᠯᠡᠩ ᠲᠣᠭᠤᠷᠢᠭ᠂

ᠬᠥᠬᠡᠪᠦᠷ ᠪᠠᠯᠭᠠᠰᠤ ᠵᠡᠷᠭᠡ ᠭᠠᠵᠠᠷ ᠲᠤ ᠬᠦᠷᠴᠦ᠂ ᠡᠯ᠎ᠡ ᠭᠠᠵᠠᠷ ᠤᠨ ᠲᠣᠰᠬᠤᠨ ᠤ ᠳᠦᠷᠰᠦ ᠪᠠᠶᠢᠳᠠᠯ᠂ ᠰᠠᠭᠤᠷᠢ

ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠪᠣᠯᠤᠨ ᠨᠠᠮ ᠤᠨ ᠭᠡᠰᠢᠭᠦᠨ ᠤ ᠠᠵᠢᠯᠯᠠᠭᠠᠨ ᠤ ᠲᠠᠰᠤᠭ ᠵᠡᠷᠭᠡ

ᠵᠢᠭᠰᠠᠭᠠᠯ ᠤᠨ ᠭᠠᠵᠠᠷ ᠤᠨ ᠪᠦᠳᠦᠭᠡᠨ ᠪᠠᠶᠢᠭᠤᠯᠤᠯᠲᠠ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠭᠰᠡᠨ

ᠪᠥᠭᠡᠳ ᠲᠠᠷᠢᠶᠠᠴᠢᠨ ᠡᠷᠦᠬᠡ ᠶᠢᠨ ᠭᠡᠷ ᠲᠤ ᠭᠦᠨᠵᠡᠭᠡᠶᠢᠷᠡᠨ ᠳᠣᠲᠣᠨᠣ ᠪᠠᠷ ᠶᠠᠷᠢᠯᠴᠠᠵᠤ᠂ ᠮᠠᠯᠴᠢᠨ ᠲᠠᠷᠢᠶᠠᠴᠢᠨ

ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠣᠶᠢᠯᠠᠭᠠᠵᠤ᠂ ᠤᠯᠠᠨ ᠲᠦᠮᠡᠨ ᠤ ᠰᠠᠨᠠᠯ ᠪᠣᠯᠤᠨ ᠬᠦᠰᠡᠯ

ᠱᠠᠭᠠᠷᠳᠠᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠵᠢᠯᠣᠭᠤᠳᠬᠤ ᠴᠢᠨᠠᠷᠲᠠᠢ᠂ ᠪᠦᠲᠦᠭᠡᠯᠴᠢ ᠴᠢᠨᠠᠷᠲᠠᠢ ᠰᠠᠨᠠᠯ ᠢ

ᠳᠤᠷᠠᠳᠤᠭᠰᠠᠨ ᠪᠥᠭᠡᠳ ᠰᠢᠶᠠᠩ ᠪᠠᠯᠭᠠᠰᠤᠨ ᠤ ᠺᠠᠳ᠋ᠷᠴᠤᠳ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠵᠤ᠂ ᠰᠢ ᠶᠢᠨ

ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ

ᠰᠠᠨᠠᠭ᠎ᠠ ᠶᠢ ᠰᠤᠷᠤᠯᠴᠠᠨ ᠲᠣᠭᠤᠰᠢᠯᠠᠭᠤᠯᠬᠤ ᠭᠤᠣᠯ ᠰᠡᠳᠦᠪᠲᠦ ᠬᠥᠮᠦᠵᠢᠯ᠂ ᠶᠠᠳᠠᠭᠤ ᠠᠴᠠ ᠠᠩᠭᠢᠵᠢᠷᠠᠭᠤᠯᠬᠤ

ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠬᠦ ᠪᠠ ᠬᠥᠳᠡᠭᠡ ᠲᠣᠰᠬᠤᠨ ᠢ ᠬᠥᠭᠵᠢᠭᠦᠯᠦᠨ

ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ᠂ ᠲᠣᠭᠤᠷᠢᠨ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠢ

ᠴᠡᠭᠴᠡᠯᠡᠨ ᠰᠠᠶᠢᠵᠢᠷᠠᠭᠤᠯᠬᠤ᠂ ᠲᠠᠪᠤᠳᠤᠭᠠᠷ ᠤᠳᠠᠭ᠎ᠠ ᠶᠢᠨ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ

ᠪᠠᠶᠢᠴᠠᠭᠠᠯᠲᠠ᠂ ᠦᠨᠳᠦᠰᠦᠨ ᠱᠠᠲᠤᠨ ᠤ ᠵᠠᠰᠠᠯᠲᠠ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠭᠤᠷᠪᠠ ᠶᠢ

ᠵᠠᠰᠠᠵᠤ ᠭᠤᠷᠪᠠ ᠶᠢ ᠥᠭᠡᠷᠡᠴᠢᠯᠡᠬᠦ᠂ ᠡᠮ ᠡᠮᠨᠡᠯᠭᠡ ᠡᠷᠡᠭᠦᠯ ᠬᠠᠮᠠᠭᠠᠯᠠᠯ ᠵᠡᠷᠭᠡ ᠶᠢᠨ ᠲᠤᠬᠠᠢ ᠰᠠᠨᠠᠯ ᠢᠶᠠᠨ ᠭᠦᠨᠵᠡᠭᠡᠢ

ᠰᠣᠯᠢᠯᠴᠠᠪᠠ᠃ ᠡᠭᠦᠨ ᠤ ᠬᠠᠮᠲᠤ ᠪᠠᠰᠠ ᠬᠡᠰᠡᠭ ᠠᠵᠤ ᠠᠬᠤᠶᠢᠯᠠᠯ ᠳᠤ ᠭᠦᠨᠵᠡᠭᠡᠶᠢᠷᠡᠵᠦ᠂ ᠬᠤᠳᠠᠯᠳᠤᠭᠠᠴᠢᠨ

ᠤᠷᠢᠵᠤ ᠪᠡᠯᠡ ᠣᠷᠣᠭᠤᠯᠬᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠠᠵᠤ

ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠵᠡᠷᠭᠡ ᠶᠢᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂

ᠮᠠᠲ᠋ᠧᠷᠢᠶᠠᠯ ᠢ ᠪᠠᠶᠢᠴᠠᠭᠠᠨ ᠦᠵᠡᠵᠦ᠂ ᠶᠠᠷᠢᠯᠴᠠᠬᠤ ᠬᠤᠷᠠᠯ ᠥᠷᠨᠢᠭᠦᠯᠵᠦ᠂ ᠬᠥᠭᠵᠢᠯᠲᠡ ᠶᠢ ᠬᠢᠵᠠᠭᠠᠷᠯᠠᠵᠤ ᠪᠠᠶᠢᠭ᠎ᠠ

ᠠᠰᠠᠭᠤᠳᠠᠯ ᠪᠣᠯᠤᠨ ᠦᠨᠳᠦᠰᠦ ᠰᠤᠷᠪᠤᠯᠵᠢ ᠶᠢ ᠬᠠᠮᠲᠤᠪᠠᠷ ᠵᠠᠳᠠᠯᠤᠨ ᠰᠤᠳᠤᠯᠵᠤ ᠮᠠᠭᠠᠳᠯᠠᠵᠤ᠂ ᠠᠰᠠᠭᠤᠳᠠᠯ ᠢ

ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠲᠤᠬᠠᠢ ᠶᠢᠨ ᠭᠠᠵᠠᠷ ᠲᠤᠨᠢ ᠰᠤᠳᠤᠯᠵᠠᠢ᠃

      ᠭᠤᠤ ᠰᠧᠨ ᠵᠢᠭᠠᠵᠤ ᠭᠠᠷᠭᠠᠭᠰᠠᠨ ᠨᠢ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ

ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠣᠯ ᠰᠡᠳᠦᠪᠲᠦ ᠬᠥᠮᠦᠵᠢᠯ ᠢ ᠰᠤᠷᠤᠯᠴᠠᠨ

ᠲᠤᠭᠤᠰᠢᠯᠠᠭᠤᠯᠬᠤ ᠪᠣᠯ ᠣᠳᠣᠬᠠᠨ ᠤ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠤᠨ᠎ᠠ᠂ ᠡᠯ᠎ᠡ ᠱᠠᠲᠤᠨ ᠤ

ᠺᠠᠳ᠋ᠷ ᠢᠯᠠᠩᠭᠤᠶ᠎ᠠ ᠤᠳᠤᠷᠢᠳᠬᠤ ᠺᠠᠳ᠋ᠷ ᠲᠠᠷᠢᠬᠢ ᠲᠣᠯᠣᠭᠠᠶ ᠪᠠᠨ ᠴᠠᠭ ᠢᠮᠠᠭᠲᠠ ᠰᠡᠷᠭᠡᠭ ᠪᠠᠶᠢᠯᠭᠠᠵᠤ᠂ ᠰᠢ ᠶᠢᠨ

ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ

ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠤᠯ ᠰᠡᠳᠦᠪᠲᠦ ᠬᠥᠮᠦᠵᠢᠯ ᠢ ᠦᠨᠡᠨ ᠬᠦ ᠴᠢᠬᠤᠯᠠ ᠪᠠᠶᠢᠷᠢᠨ ᠳᠤ

ᠲᠠᠯᠪᠢᠵᠤ᠂ ᠦᠨᠡᠨ ᠬᠦ ᠰᠤᠷᠤᠯᠴᠠᠵᠤ ᠦᠨᠡᠨ ᠬᠦ ᠣᠶᠢᠯᠠᠭᠠᠵᠤ ᠦᠨᠡᠨ ᠬᠦ ᠢᠲᠡᠭᠡᠵᠦ ᠦᠨᠡᠨ ᠬᠦ ᠬᠡᠷᠡᠭᠯᠡᠵᠦ᠂

ᠥᠷᠭᠡᠨ ᠣᠯᠠᠨ ᠺᠠᠳ᠋ᠷ ᠣᠯᠠᠨ ᠲᠦᠮᠡᠨ ᠢ ᠬᠥᠲᠥᠯᠥᠨ ᠳᠠᠭᠠᠭᠤᠯᠵᠤ ᠦᠵᠡᠯ ᠰᠠᠨᠠᠭ᠎ᠠ ᠲᠠᠨᠢᠯᠲᠠ ᠪᠠᠨ

ᠭᠦᠨᠵᠡᠭᠡᠶᠢᠷᠡᠭᠦᠯᠦᠨ᠂ ᠤᠨᠤᠯ ᠤᠨ ᠢᠲᠡᠭᠡᠯ ᠢ ᠨᠢ ᠴᠢᠩᠭᠠᠳᠬᠠᠵᠤ᠂ ᠠᠵᠢᠯ ᠤᠨ ᠲᠠᠰᠤᠷᠠᠯᠲᠠ ᠦᠭᠡᠢ ᠳᠡᠭᠡᠭᠰᠢᠯᠡᠬᠦ ᠶᠢ

ᠠᠬᠢᠭᠤᠯᠬᠤ ᠬᠡᠷᠡᠭᠲᠡᠶ᠃ ᠥᠷᠭᠡᠨ ᠣᠯᠠᠨ ᠺᠠᠳ᠋ᠷ ᠪᠡᠶ᠎ᠡ ᠪᠠᠷ ᠢᠶᠠᠨ ᠬᠡᠪ ᠲᠦᠷᠢᠮ ᠪᠣᠯᠵᠣ᠂ ᠵᠢᠱᠢᠶᠡᠴᠢ ᠪᠠᠷ

ᠲᠦᠷᠦᠭᠦᠯᠡᠭᠦᠯᠦᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ

ᠵᠢᠷᠤᠮ ᠤᠨ ᠦᠵᠡᠯ ᠰᠠᠨᠠᠭᠠᠨ ᠤ ᠭᠤᠤᠯ ᠰᠡᠳᠦᠪᠲᠦ ᠬᠥᠮᠦᠵᠢᠯ ᠳᠤ ᠢᠳᠡᠪᠬᠢᠲᠡᠶ ᠣᠷᠣᠯᠴᠠᠵᠤ᠂ ᠨᠠᠮ ᠤᠨ ᠭᠡᠰᠢᠭᠦᠨ

ᠺᠠᠳ᠋ᠷ ᠤᠨ ᠵᠢᠱᠢᠶᠡᠴᠢ ᠳᠠᠭᠠᠭᠤᠯᠬᠤ  ᠦᠢᠯᠡᠳᠣᠯ ᠢ ᠪᠠᠳᠠᠷᠠᠭᠤᠯᠤᠨ᠂ ᠪᠥᠬᠦ ᠬᠤᠰᠢᠭᠤᠨ ᠤ ᠥᠷᠭᠡᠨ ᠣᠯᠠᠨ ᠨᠠᠮ ᠤᠨ

ᠭᠡᠰᠢᠭᠦᠨ ᠺᠠᠳ᠋ᠷ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ

ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠣᠭᠤᠰᠢᠯᠠᠭᠤᠯᠬᠤ ᠭᠤᠤᠯ ᠰᠡᠳᠦᠪᠲᠦ ᠬᠥᠮᠦᠵᠢᠯ ᠤᠨ ᠵᠢᠱᠢᠶᠡᠴᠢ

ᠥᠯᠢᠭᠡᠷ ᠳᠠᠭᠤᠷᠢᠶᠠᠯ ᠪᠣᠯᠬᠤ ᠪᠠᠷ ᠴᠢᠷᠮᠠᠶᠢᠬᠤ ᠶᠢ ᠠᠬᠢᠭᠤᠯᠬᠤ ᠬᠡᠷᠡᠭᠲᠡᠶ᠃ ᠤᠭ ᠰᠠᠨᠠᠭ᠎ᠠ ᠡᠭᠦᠷᠭᠡ

ᠬᠠᠷᠢᠭᠤᠴᠠᠯᠭ᠎ᠠ ᠪᠠᠨ ᠪᠠᠲᠤ ᠰᠠᠬᠢᠵᠤ᠂ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠪᠠᠨ ᠪᠠᠲᠤ ᠴᠡᠭᠡᠵᠢᠯᠡᠵᠦ᠂

ᠰᠢᠨ᠎ᠡ ᠴᠠᠭ ᠦᠶ᠎ᠡ ᠶᠢᠨ ᠰᠢᠨ᠎ᠡ ᠠᠶᠠᠨ ᠵᠠᠮ ᠳᠤ ᠲᠠᠰᠤᠷᠠᠯᠲᠠ ᠦᠭᠡᠢ ᠡᠷᠡᠯᠬᠡᠭᠯᠡᠨ ᠤᠷᠤᠭᠰᠢᠯᠠᠵᠤ᠂ ᠨᠠᠮ ᠤᠨ

ᠪᠠᠶᠢᠭᠤᠯᠤᠯᠲᠠ ᠪᠣᠯᠤᠨ ᠭᠤᠤᠯ ᠰᠡᠳᠦᠪᠲᠦ ᠬᠥᠮᠦᠵᠢᠯ ᠢ ᠪᠣᠳᠠᠲᠠᠶ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ

ᠭᠠᠷᠭᠠᠬᠤ ᠶᠢ ᠠᠬᠢᠭᠤᠯᠬᠤ ᠬᠡᠷᠡᠭᠲᠡᠶ᠃

      ᠭᠤᠤ ᠰᠧᠨ ᠴᠢᠬᠤᠯᠠᠴᠢᠯᠠᠭᠰᠠᠨ ᠨᠢ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ ᠶᠠᠭ

ᠬᠥᠭᠵᠢᠯᠲᠡ ᠶᠢᠨ ᠵᠠᠩᠭᠢᠯᠠᠭ᠎ᠠ ᠶᠢᠨ ᠴᠠᠭ ᠦᠶ᠎ᠡ ᠳᠤ ᠣᠷᠣᠰᠢᠵᠤ ᠪᠠᠶᠢᠨ᠎ᠠ᠂ ᠡᠯ᠎ᠡ ᠱᠠᠲᠤᠨ ᠤ ᠺᠠᠳ᠋ᠷ ᠢᠯᠠᠩᠭᠤᠶ᠎ᠠ

ᠤᠳᠤᠷᠢᠳᠬᠤ ᠺᠠᠳ᠋ᠷᠴᠤᠳ ᠲᠠᠷᠢᠬᠢ ᠲᠣᠯᠣᠭᠠᠢ ᠪᠠᠨ ᠢᠮᠠᠭᠲᠠ ᠰᠡᠷᠭᠡᠭ ᠪᠠᠶᠢᠯᠭᠠᠵᠤ᠂ ᠡᠯ᠎ᠡ ᠵᠦᠢᠯ ᠤᠨ ᠠᠵᠢᠯ ᠳᠤ

ᠴᠥᠮ ᠬᠤᠪᠢ ᠲᠠᠬᠢᠨ ᠴᠢᠷᠮᠠᠶᠢᠵᠤ᠂ ᠬᠠᠮᠵᠢᠯᠴᠠᠭ᠎ᠠ ᠪᠠᠨ ᠴᠢᠩᠭᠠᠳᠬᠠᠵᠤ᠂ ︽ᠬᠤᠶᠠᠷ ᠶᠡᠭᠡ ᠶᠠᠪᠤᠳᠠᠯ︾ ᠢ

ᠪᠡᠶᠡᠯᠡᠭᠦᠯᠬᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠬᠦ᠂ ᠠᠵᠤ

ᠠᠬᠤᠢ ᠶᠢᠨ ᠨᠡᠶᠢᠳᠡᠮ ᠪᠠᠶᠢᠴᠠᠭᠠᠯᠲᠠ ᠪᠣᠯᠤᠨ ᠦᠨᠳᠦᠰᠦᠨ ᠱᠠᠲᠤᠨ ᠤ ᠵᠠᠰᠠᠯᠲᠠ ᠶᠢᠨ ᠥᠭᠡᠷᠡᠴᠢᠯᠡᠯᠲᠡ ᠶᠢ ᠪᠦᠬᠦ

ᠲᠠᠯ᠎ᠠ ᠪᠠᠷ ᠠᠬᠢᠭᠤᠯᠬᠤ ᠵᠡᠷᠭᠡ ᠲᠠᠯ᠎ᠠ ᠪᠠᠷ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ

ᠰᠡᠳᠬᠢᠯᠭᠡ ᠶᠢ ᠪᠠᠲᠤᠯᠠᠬᠤ ᠬᠡᠷᠡᠭᠲᠡᠢ᠃ ᠠᠵᠤ ᠠᠬᠤᠶᠢᠯᠠᠯ ᠤᠨ ᠬᠢᠨ ᠠᠶᠤᠯᠭᠦᠢ ᠦᠢᠯᠡᠳᠪᠦᠷᠢᠯᠡᠯ ᠢ ᠲᠡᠷᠢᠭᠦᠨ

ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠪᠠᠲᠤ ᠡᠭᠦᠷᠭᠡᠯᠡᠵᠦ᠂ ᠭᠡᠮ

ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠳᠬᠠᠵᠤ᠂ ᠠᠮᠤᠷ ᠲᠦᠪᠰᠢᠨ ᠤ ᠵᠢᠷᠤᠮᠵᠢᠯ ᠢ

ᠴᠢᠩᠭ᠎ᠠ ᠬᠡᠷᠡᠭᠵᠢᠭᠦᠯᠵᠦ᠂ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ

ᠪᠠᠲᠤᠯᠠᠬᠤ ᠬᠡᠷᠡᠭᠲᠡᠢ᠃ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠵᠤ ᠠᠬᠤᠶ ᠨᠡᠶᠢᠭᠡᠮ ᠤᠨ

ᠬᠥᠭᠵᠢᠯᠲᠡ ᠳᠤ ᠬᠦᠴᠦᠨ ᠨᠡᠮᠡᠷᠢᠯᠡᠵᠦ᠂ ᠮᠠᠨ ᠤ ᠬᠤᠰᠢᠭᠤᠨ ᠤ ᠡᠯᠪᠡᠭ ᠪᠠᠶᠠᠯᠢᠭ ᠡᠬᠢ ᠪᠠᠶᠠᠯᠢᠭ ᠤᠨ ᠳᠠᠪᠠᠭᠤᠯᠢᠭ

ᠪᠠ ᠳᠠᠪᠠᠭᠤᠯᠢᠭ ᠣᠷᠣᠨ ᠪᠠᠶᠢᠷᠢ ᠶᠢᠨ ᠳᠠᠪᠠᠭᠤᠯᠢᠭ ᠲᠤ ᠲᠦᠰᠢᠭᠯᠡᠨ᠂ ᠬᠤᠳᠠᠯᠳᠤᠭᠠᠴᠢᠨ ᠤᠷᠢᠵᠤ ᠪᠠᠯᠠ

ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ

ᠪᠠᠶᠢᠭᠤᠯᠤᠯᠲᠠ ᠶᠢ ᠲᠦᠷᠭᠡᠳᠬᠡᠨ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠢᠳᠡᠪᠬᠢᠲᠡᠶ

ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠯᠤᠭ᠎ᠠ ᠨᠡᠪᠲᠡᠷᠡᠯᠴᠡᠨ ᠵᠣᠯᠭᠠᠭᠤᠯᠵᠤ᠂ ᠠᠵᠤ ᠠᠬᠤᠶᠢᠯᠠᠯ ᠢ

ᠬᠠᠪᠰᠤᠷᠤᠨ ᠦᠢᠯᠡᠳᠪᠦᠷᠢᠯᠡᠯ ᠡᠵᠡᠩᠨᠡᠯᠲᠡ ᠪᠠ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠳᠤᠮᠳᠠ

ᠲᠤᠯᠭᠠᠷᠠᠭᠰᠠᠨ ᠪᠣᠳᠠᠲᠠᠶ ᠬᠦᠴᠢᠷᠳᠡᠯ ᠢ ᠨᠢ ᠰᠢᠢᠳᠪᠦᠷᠢᠯᠡᠵᠦ᠂ ᠠᠵᠤ ᠠᠬᠤᠶᠢᠯᠠᠯ ᠤᠨ ᠨᠠᠩ ᠰᠠᠶᠢᠨ ᠨᠠᠩ ᠲᠦᠷᠭᠡᠨ

ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠶ᠃

      ᠭᠤᠤ ᠰᠧᠨ᠂ ᠠᠷᠠᠳ ᠤᠨ ᠠᠮᠢᠳᠤᠷᠠᠯ ᠳᠤ ᠪᠠᠭ᠎ᠠ ᠶᠠᠪᠤᠳᠠᠯ ᠭᠡᠵᠦ ᠦᠭᠡᠢ᠂ ᠤᠯᠠᠨ ᠲᠦᠮᠡᠨ ᠢ ᠰᠠᠶᠢᠨ

ᠰᠠᠶᠢᠬᠠᠨ ᠠᠮᠢᠳᠤᠷᠠᠭᠤᠯᠬᠤ ᠪᠣᠯ ᠮᠠᠨ ᠤ ᠬᠥᠭᠵᠢᠯᠲᠡ ᠶᠢᠨ ᠡᠴᠦᠰ ᠤᠨ ᠬᠠᠷᠠᠯᠲᠠ ᠮᠥᠨ᠃ ᠨᠠᠮ ᠤᠨ

ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠣᠭᠤᠰᠢᠯᠠᠭᠤᠯᠵᠦ᠂ ᠨᠠᠮ ᠤᠨ

ᠪᠠᠶᠢᠭᠤᠯᠤᠯᠲᠠ ᠶᠢᠨ ᠦᠨᠳᠦᠰᠦᠨ ᠱᠠᠲᠤᠨ ᠤ ᠵᠠᠰᠠᠯᠲᠠ ᠶᠢ ᠬᠦᠳᠦᠯᠦᠨ ᠳᠠᠭᠠᠭᠤᠯᠬᠤ ᠶᠢ ᠭᠦᠨᠵᠡᠭᠡᠢ ᠠᠬᠢᠭᠤᠯᠵᠤ᠂

ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠳᠠᠪᠠᠭᠤᠯᠢᠭ᠂ ᠵᠣᠬᠢᠶᠠᠨ

ᠪᠠᠶᠢᠭᠤᠯᠤᠯᠲᠠ ᠶᠢᠨ ᠳᠠᠪᠠᠭᠤᠯᠢᠭ ᠢ ᠵᠠᠰᠠᠯᠲᠠ ᠶᠢᠨ ᠦᠷ᠎ᠡ ᠪᠦᠲᠦᠮᠵᠢ ᠪᠣᠯᠭᠠᠨ ᠲᠠᠰᠤᠷᠠᠯᠲᠠ ᠦᠭᠡᠢ ᠬᠤᠪᠢᠷᠠᠭᠤᠯᠵᠤ᠂

ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ ᠲᠣᠭᠲᠠᠴᠠ ᠶᠢ ᠪᠦᠷᠢᠨᠰᠢᠬᠦᠯᠵᠦ᠂ ᠤᠯᠠᠨ ᠲᠦᠮᠡᠨ ᠤ ᠵᠦᠢ

ᠶᠣᠰᠣᠨ ᠤ ᠬᠦᠰᠡᠯ ᠱᠠᠭᠠᠷᠳᠠᠯᠭ᠎ᠠ ᠶᠢ ᠬᠠᠤᠯᠢ ᠲᠣᠭᠲᠠᠭᠠᠯ ᠶᠣᠰᠣᠭᠠᠷ ᠰᠠᠶᠢᠲᠤᠷ ᠰᠢᠢᠳᠪᠦᠷᠢᠯᠡᠵᠦ᠂ ᠬᠡᠪ ᠤᠨ ᠵᠠᠬᠢᠳᠠᠯ

ᠰᠤᠷᠪᠤᠯᠵᠢᠯᠠᠭ᠎ᠠ ᠶᠢᠨ ᠡᠮᠬᠢ ᠳᠢᠭᠯᠢᠮ ᠪᠣᠯᠤᠨ ᠨᠡᠶᠢᠭᠡᠮ ᠤᠨ ᠡᠮᠬᠢ ᠳᠢᠭᠯᠢᠮ ᠢ ᠦᠨᠡᠨᠬᠦ ᠬᠠᠮᠠᠭᠠᠯᠠᠵᠤ᠂

ᠪᠣᠳᠠᠲᠠᠢ ᠲᠠᠢ ᠪᠠᠨ ᠤᠶᠠᠯᠳᠤᠭᠤᠯᠤᠨ ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠵᠤ᠂ ᠬᠥᠭᠵᠢᠯᠲᠡ ᠶᠢᠨ

ᠰᠡᠳᠬᠢᠴᠡ ᠪᠠᠨ ᠲᠣᠳᠣᠷᠬᠠᠶᠢᠯᠠᠵᠤ᠂ ᠤᠯᠠᠨ ᠲᠦᠮᠡᠨ ᠤ ᠪᠤᠳᠤᠵᠤ ᠪᠠᠶᠢᠭ᠎ᠠ ᠬᠦᠰᠡᠯ ᠡᠷᠡᠮᠡᠯᠵᠡᠯ ᠲᠠᠢ ᠨᠢᠭᠲᠠ

ᠤᠶᠠᠯᠳᠤᠭᠤᠯᠵᠤ᠂ ᠤᠯᠠᠨ ᠲᠦᠮᠡᠨ ᠳᠤ ᠰᠡᠳᠬᠢᠯ ᠲᠠᠯᠪᠢᠵᠤ ᠰᠠᠶᠢᠲᠤᠷ ᠦᠢᠯᠡᠴᠢᠯᠡᠵᠦ᠂ ᠬᠦᠴᠢᠷ ᠠᠰᠠᠭᠤᠳᠠᠯ ᠢ

ᠰᠠᠶᠢᠲᠤᠷ ᠰᠢᠢᠳᠪᠦᠷᠢᠯᠡᠬᠦ ᠬᠡᠷᠡᠭᠲᠡᠢ᠃ ᠣᠳᠣᠬᠠᠨ ᠤ ᠬᠥᠭᠵᠢᠯᠲᠡ ᠶᠢᠨ ᠣᠳᠣᠬᠢ ᠪᠠᠶᠢᠳᠠᠯ ᠢ ᠨᠠᠷᠢᠨ ᠬᠢᠨᠠᠮᠠᠭᠠᠢ

ᠵᠠᠳᠠᠯᠵᠤ᠂ ᠲᠣᠰᠬᠤᠨ ᠤ ᠲᠤᠯᠭᠠᠭᠤᠷᠢ ᠠᠵᠤ ᠦᠢᠯᠡᠰ ᠪᠣᠯᠤᠨ ᠤᠨᠴᠠᠯᠢᠬᠳᠤ ᠠᠵᠤ ᠦᠢᠯᠡᠰ ᠢ ᠲᠣᠭᠲᠠᠭᠤᠨ ᠢᠶᠠᠷ

ᠪᠤᠵᠠᠭᠠᠶᠢᠷᠠᠭᠤᠯᠬᠤ ᠵᠠᠮ ᠢ ᠡᠷᠢᠨ ᠭᠠᠷᠭᠠᠵᠤ᠂ ᠲᠣᠰᠬᠤᠨ ᠤ ᠱᠠᠲᠤᠨ ᠤ ᠠᠵᠤ ᠦᠢᠯᠡᠰ ᠤᠨ ᠴᠢᠨᠠᠷ ᠰᠠᠶᠢᠲᠠᠢ

ᠬᠥᠭᠵᠢᠯᠲᠡ ᠶᠢ ᠠᠬᠢᠭᠤᠯᠬᠤ ᠬᠡᠷᠡᠭᠲᠡᠢ᠃ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ ᠵᠠᠷᠴᠢᠮ ᠢ ᠡᠵᠡᠮᠳᠡᠵᠦ᠂

ᠠᠵᠤ ᠠᠬᠤᠶᠢᠯᠠᠯ ᠪᠣᠯᠤᠨ ᠤᠯᠠᠨ ᠲᠦᠮᠡᠨ ᠤ ᠬᠤᠭᠤᠷᠣᠨᠳᠣᠬᠢ᠂ ᠤᠯᠠᠨ ᠲᠦᠮᠡᠨ ᠪᠣᠯᠤᠨ ᠪᠠᠶᠢᠭᠠᠯᠢ ᠶᠢᠨ ᠣᠷᠴᠢᠨ

ᠲᠣᠭᠤᠷᠢᠨ ᠤ ᠬᠤᠭᠤᠷᠣᠨᠳᠣᠬᠢ ᠬᠠᠷᠢᠴᠠᠭ᠎ᠠ ᠶᠢ ᠵᠥᠪ ᠢᠶᠠᠷ ᠰᠢᠢᠳᠪᠦᠷᠢᠯᠡᠵᠦ᠂ ᠪᠣᠬᠢᠷᠲᠤᠯ ᠦᠭᠡᠢ ᠬᠥᠭᠵᠢᠯᠲᠡ᠂

ᠨᠥᠬᠦᠷᠰᠡᠭ ᠬᠥᠭᠵᠢᠯᠲᠡ᠂ ᠦᠷᠭᠦᠯᠵᠢᠯᠡᠬᠦ ᠬᠥᠭᠵᠢᠯᠲᠡ ᠶᠢ ᠢᠮᠠᠭᠲᠠ ᠪᠡᠶᠡᠯᠡᠭᠦᠯᠬᠦ ᠬᠡᠷᠡᠭᠲᠡᠢ᠃ ᠠᠷᠠᠳ ᠲᠦᠮᠡᠨ ᠢ

ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠢᠮᠠᠭᠲᠠ ᠪᠠᠷᠢᠮᠲᠠᠯᠠᠵᠤ᠂ ᠠᠶᠤᠯᠭᠦᠢ ᠦᠢᠯᠡᠳᠪᠦᠷᠢᠯᠡᠯ᠂ ᠵᠠᠮ

ᠬᠠᠷᠢᠯᠴᠠᠭᠠᠨ ᠤ ᠠᠮᠤᠷ ᠲᠦᠪᠰᠢᠨ᠂ ᠴᠠᠬᠢᠯᠭᠠᠨ ᠬᠤᠯᠪᠤᠭᠠᠨ ᠤ ᠮᠡᠬᠡᠯᠡᠯ ᠢ ᠡᠰᠡᠷᠭᠦᠴᠡᠬᠦ᠂ ᠵᠠᠬᠢᠳᠠᠯ

ᠰᠤᠷᠪᠤᠯᠵᠢᠯᠠᠭ᠎ᠠ ᠪᠠᠷ ᠲᠣᠭᠲᠠᠭᠤᠨ ᠢ ᠬᠠᠮᠠᠭᠠᠯᠠᠬᠤ᠂ ᠡᠮ ᠡᠮᠨᠡᠯᠭᠡ ᠡᠷᠡᠭᠦᠯ ᠬᠠᠮᠠᠭᠠᠯᠠᠯ ᠵᠡᠷᠭᠡ ᠨᠡᠶᠢᠭᠡᠮ ᠤᠨ

ᠵᠠᠰᠠᠯᠲᠠ ᠶᠢᠨ ᠭᠤᠣᠯᠳᠠᠯᠭ᠎ᠠ ᠲᠠᠢ ᠠᠵᠢᠯ ᠢ ᠰᠠᠶᠢᠲᠤᠷ ᠠᠳᠬᠤᠵᠤ᠂ ᠤᠯᠠᠨ ᠲᠦᠮᠡᠨ ᠤ ᠪᠠᠴᠢᠮᠳᠠᠵᠤ ᠬᠦᠴᠢᠷᠳᠡᠵᠦ

ᠵᠤᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠰᠠᠭᠤᠷᠢ ᠲᠥᠬᠦᠭᠡᠷᠦᠮᠵᠢ ᠶᠢᠨ

ᠪᠦᠳᠦᠭᠡᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂

ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠦᠨᠡᠨ ᠬᠦ ᠨᠡᠮᠡᠭᠳᠡᠭᠦᠯᠬᠦ ᠬᠡᠷᠡᠭᠲᠡᠢ᠃

      ᠭᠤᠤ ᠰᠧᠨ᠂ ᠨᠠᠩ ᠶᠡᠭᠡ ᠡᠷᠡᠰ ᠵᠣᠷᠢᠭ ᠪᠠ ᠰᠥᠰᠥ ᠵᠣᠷᠢᠭ᠂ ᠨᠠᠩ ᠣᠨᠣᠪᠴᠢᠲᠠᠶ ᠠᠵᠢᠯ ᠤᠨ ᠠᠷᠭ᠎ᠠ

ᠮᠠᠶ᠋ᠢᠭ᠂ ᠨᠠᠩ ᠪᠦᠲᠦᠮᠵᠢᠲᠡᠶ ᠠᠵᠢᠯ ᠤᠨ ᠠᠷᠭ᠎ᠠ ᠬᠡᠮᠵᠢᠶ᠎ᠡ ᠪᠠᠷ ᠡᠯ᠎ᠡ ᠵᠦᠢᠯ ᠤᠨ ᠡᠭᠦᠷᠭᠡ ᠶᠢᠨ ᠪᠠᠶᠢᠷᠢᠯᠠᠭᠤᠯᠤᠯᠲᠠ

ᠪᠠ ᠬᠡᠷᠡᠭᠵᠢᠭᠦᠯᠦᠯᠲᠡ ᠶᠢ ᠪᠥᠬᠦ ᠲᠠᠯ᠎ᠠ ᠪᠠᠷ ᠰᠠᠶᠢᠲᠤᠷ ᠬᠢᠵᠦ᠂ ᠲᠣᠭᠤᠷᠢᠨ ᠪᠠᠶᠢᠴᠠᠭᠠᠯᠲᠠ ᠳᠤ ᠢᠯᠡᠷᠡᠭᠦᠯᠦᠭᠰᠡᠨ

ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠪᠡᠶᠡᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ

ᠰᠢᠪᠲᠤᠯᠤᠯᠲᠠ ᠶᠢᠨ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ

ᠵᠣᠯᠭᠠᠭᠤᠯᠬᠤ ᠶᠢ ᠲᠦᠷᠭᠡᠳᠬᠡᠨ᠂ ᠵᠠᠰᠠᠯᠲᠠ ᠶᠢ ᠳᠡᠭᠡᠭᠰᠢᠯᠡᠭᠦᠯᠬᠦ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ

ᠨᠠᠶᠢᠳᠠᠪᠤᠷᠢᠵᠢᠭᠤᠯᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠤᠨ᠂

ᠮᠠᠯᠴᠢᠨ ᠲᠠᠷᠢᠶᠠᠴᠢᠨ ᠤ ᠣᠷᠣᠯᠭ᠎ᠠ ᠶᠢ ᠪᠥᠬᠦ ᠲᠠᠯ᠎ᠠ ᠪᠠᠷ ᠠᠬᠢᠭᠤᠯᠵᠤ᠂ ᠴᠠᠬᠠᠷ ᠪᠠᠷᠠᠭᠤᠨ ᠭᠠᠷᠤᠨ ᠳᠤᠮᠳᠠᠳᠤ

ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠶ

ᠭᠡᠵᠦ ᠴᠢᠬᠤᠯᠠᠴᠢᠯᠠᠪᠠ᠃

      ᠬᠤᠰᠢᠭᠤᠨ ᠤ ᠤᠳᠤᠷᠢᠳᠤᠯᠭ᠎ᠠ ᠸᠠᠩ ᠶᠠᠩ᠂ ᠯᠢᠦ ᠴᠢ᠂ ᠯᠢ ᠪᠢᠨ᠂ ᠵᠠᠩ ᠪᠢᠨ᠂ ᠸᠠᠩ ᠬᠠᠢ ᠵᠧᠨ ᠵᠢᠴᠢ

ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠪᠠᠶᠢᠴᠠᠭᠠᠨ

ᠰᠤᠳᠤᠯᠤᠯᠲᠠ ᠳᠤ ᠣᠷᠣᠯᠴᠠᠪᠠ᠃

       

         ᠵᠣᠬᠢᠶᠠᠭᠴᠢ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ

         ᠣᠷᠴᠢᠭᠤᠯᠣᠨᠨᠴᠢ᠄  ᠭᠧ ᠲᠣᠸᠠᠨ ᠯᠢᠶᠡᠨ

 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号