ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠤᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠣᠭᠤᠰᠢᠯᠠᠭᠤᠯᠬᠤ ᠭᠤᠤᠯ ᠰᠡᠳᠦᠪᠲᠦ ᠬᠥᠮᠦᠵᠢᠯ ᠤᠨ ᠨᠢᠭᠡᠳᠦᠭᠡᠷ ᠬᠤᠭᠤᠴᠠᠭᠠᠨ ᠤ ᠨᠣᠮ ᠤᠩᠰᠢᠬᠤ ᠠᠩᠭᠢ ᠬᠢᠴᠢᠶᠡᠯ ᠡᠬᠢᠯᠡᠪᠡ
ᠨᠡᠶᠢᠲᠡᠯᠡᠭᠰᠡᠨ ᠴᠠᠭ᠄
2023/9/27
          9 ᠰᠠᠷ᠎ᠠ ᠶᠢᠨ 25 ᠤ ᠡᠳᠦᠷ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠤᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠣᠭᠤᠰᠢᠯᠠᠭᠤᠯᠬᠤ ᠭᠤᠤᠯ ᠰᠡᠳᠦᠪᠲᠦ ᠬᠥᠮᠦᠵᠢᠯ ᠤᠨ ᠨᠢᠭᠡᠳᠦᠭᠡᠷ ᠬᠤᠭᠤᠴᠠᠭᠠᠨ ᠤ ᠨᠣᠮ ᠤᠩᠰᠢᠬᠤ ᠠᠩᠭᠢ ᠬᠢᠴᠢᠶᠡᠯ ᠡᠬᠢᠯᠡᠪᠡ᠃  ᠬᠤᠰᠢᠭᠤ ᠨᠠᠮ ᠤᠨ ᠬᠤᠷᠢᠶᠠᠨ ᠤ ᠱᠦᠵᠢ ᠭᠤᠤ ᠰᠧᠨ ᠠᠩᠭᠢ ᠡᠬᠢᠯᠡᠬᠦ ᠳᠠᠶᠢᠴᠢᠯᠠᠯᠲᠠ ᠶᠢᠨ ᠶᠠᠷᠢᠶ᠎ᠠ ᠲᠠᠯᠪᠢᠵᠤ᠂ ᠬᠤᠰᠢᠭᠤᠨ ᠤ ᠤᠳᠤᠷᠢᠳᠤᠯᠭ᠎ᠠ ᠲᠢᠶᠠᠨ ᠱᠧᠩ ᠵᠢᠴᠢ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠨᠣᠮ ᠤᠩᠰᠢᠬᠤ ᠠᠩᠭᠢ ᠳᠤ ᠣᠷᠣᠯᠴᠠᠪᠠ᠃

      ᠭᠤᠤ ᠰᠧᠨ ᠠᠴᠠ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ

ᠭᠦᠨᠵᠡᠭᠡᠶ ᠰᠤᠷᠤᠯᠴᠠᠨ ᠣᠶᠢᠯᠠᠭᠠᠵᠤ᠂ ᠤᠯᠤᠰ ᠲᠥᠷᠥ ᠪᠠ ᠪᠦᠬᠦ ᠲᠠᠯ᠎ᠠ ᠶᠢᠨ ᠦᠨᠳᠦᠷᠴᠡ ᠠᠴᠠ ᠨᠠᠮ ᠤᠨ

ᠰᠢᠨ᠎ᠡ ᠶᠢ ᠡᠭᠦᠳᠬᠦ ᠣᠨᠣᠯ ᠢᠶᠠᠷ ᠲᠠᠷᠢᠬᠢ ᠲᠣᠯᠣᠭᠠᠶ ᠪᠠᠨ ᠵᠡᠪᠰᠡᠭᠯᠡᠬᠦ ᠦᠵᠡᠯ ᠰᠠᠨᠠᠭᠠᠨ ᠤ ᠤᠬᠠᠮᠰᠠᠷ ᠪᠠ ᠦᠢᠯᠡ

ᠠᠵᠢᠯᠯᠠᠭ᠎ᠠ ᠶᠢᠨ ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠲᠣᠰ ᠤᠳᠠᠭᠠᠨ ᠤ ᠨᠣᠮ ᠤᠩᠰᠢᠬᠤ ᠠᠩᠭᠢ ᠶᠢ

ᠡᠷᠬᠢᠯᠡᠬᠦ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠭᠤᠤᠯ ᠰᠡᠳᠦᠪᠲᠦ ᠬᠥᠮᠦᠵᠢᠯ ᠤᠨ ᠰᠠᠶᠢᠨ ᠡᠬᠢᠯᠡᠯᠲᠡ ᠲᠠᠢ

ᠪᠣᠯᠬᠤ ᠶᠢ ᠠᠬᠢᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃

       ᠭᠤᠤ ᠰᠧᠨ ᠴᠢᠬᠤᠯᠠᠴᠢᠯᠠᠭᠰᠠᠨ ᠨᠢ᠂ ᠭᠤᠤᠯ ᠰᠡᠳᠦᠪᠲᠦ ᠬᠥᠮᠦᠵᠢᠯ ᠢ ᠥᠷᠨᠢᠭᠦᠯᠬᠦ ᠪᠣᠯ ᠢᠮᠠᠭᠲᠠ

ᠲᠣᠭᠤᠰᠢᠯᠬᠠᠳᠠᠬᠤ ᠭᠤᠣᠯ ᠰᠡᠳᠦᠪ ᠭᠤᠤᠯ ᠱᠤᠭᠤᠮ ᠮᠥᠨ᠂ ᠤᠨᠤᠯ ᠤᠨ ᠰᠤᠷᠤᠯᠴᠠᠯᠭ᠎ᠠ ᠶᠢ ᠴᠢᠩᠭᠠᠳᠬᠠᠬᠤ ᠪᠣᠯ

ᠭᠤᠤᠯᠳᠠᠯᠭ᠎ᠠ ᠲᠠᠢ ᠠᠷᠭ᠎ᠠ ᠬᠡᠮᠵᠢᠶ᠎ᠡ ᠶᠢᠨ ᠨᠢᠭᠡᠳᠦᠭᠡᠷ ᠵᠤᠷᠪᠤᠰ ᠮᠥᠨ᠃ ︽ᠭᠦᠨᠵᠡᠭᠡᠶᠢᠷᠡᠭᠦᠯᠬᠦ︾ ᠳᠡᠭᠡᠷ᠎ᠡ ᠬᠦᠴᠦ

ᠲᠠᠯᠪᠢᠵᠤ᠂ ᠤᠭ ᠵᠣᠬᠢᠶᠠᠯ ᠢ ᠤᠩᠰᠢᠵᠤ ᠤᠭ ᠶᠣᠰᠣ ᠶᠢ ᠣᠶᠢᠯᠠᠭᠠᠬᠤ ᠶᠢ ᠪᠠᠷᠢᠮᠲᠠᠯᠠᠨ᠂ ᠪᠥᠬᠦ ᠲᠠᠯ᠎ᠠ ᠪᠠᠷ

ᠰᠢᠰᠲ᠋ᠧᠮ ᠲᠠᠢ ᠰᠤᠷᠤᠯᠴᠠᠵᠤ᠂ ᠠᠰᠠᠭᠤᠳᠠᠯ ᠳᠤ ᠴᠢᠭᠯᠡᠭᠦᠯᠦᠨ ᠰᠤᠷᠤᠯᠴᠠᠵᠤ᠂ ᠡᠳᠦᠷ ᠲᠤᠲᠤᠮ ᠤᠨ

ᠰᠤᠷᠤᠯᠴᠠᠯᠭ᠎ᠠ ᠳᠤ ᠠᠭᠤᠰᠤᠯᠴᠠᠵᠤ᠂ ᠲᠠᠷᠢᠬᠢ ᠲᠣᠯᠣᠭᠠᠶ ᠪᠠᠨ ᠵᠡᠪᠰᠡᠭᠯᠡᠬᠦ ᠣᠨᠣᠯ ᠤᠨ ᠬᠡᠪ ᠪᠣᠯᠪᠠᠰᠤᠷᠠᠯ ᠢ ᠴᠢᠷᠮᠠᠶᠢᠨ

ᠰᠤᠷᠤᠯᠴᠠᠵᠤ᠂ ᠰᠡᠳᠬᠢᠯ ᠵᠢᠷᠦᠬᠡᠨ ᠳᠡᠭᠡᠨ ᠬᠠᠳᠠᠩᠰᠢᠭᠤᠯᠵᠤ᠂ ᠴᠢᠳᠠᠮᠠᠭᠠᠶ ᠪᠠᠷ ᠰᠡᠳᠬᠢᠵᠦ ᠴᠢᠳᠠᠮᠠᠭᠠᠶ ᠪᠠᠷ

ᠬᠡᠷᠡᠭᠯᠡᠬᠦ ᠶᠢ ᠪᠡᠶᠡᠯᠡᠭᠦᠯᠬᠦ ᠬᠡᠷᠡᠭᠲᠡᠶ᠃ ︽ᠳᠣᠲᠤᠭᠠᠳᠤᠴᠢᠯᠠᠬᠤ︾ ᠳᠡᠭᠡᠷ᠎ᠡ ᠬᠦᠴᠦ ᠲᠠᠯᠪᠢᠵᠤ᠂ ᠶᠡᠷᠦᠩᠬᠡᠢ ᠱᠦᠵᠢ

ᠰᠢ ᠶᠢᠨ ᠫᠢᠩ ᠤᠨ ᠬᠦᠰᠡᠯᠡᠩ ᠢᠲᠡᠭᠡᠯ ᠪᠢᠰᠢᠷᠡᠯ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ ᠰᠤᠷᠲᠠᠯ᠂

ᠠᠷᠠᠳ ᠲᠦᠮᠡᠨ ᠤ ᠭᠦᠨ ᠬᠠᠶᠢᠷ᠎ᠠ ᠰᠡᠳᠬᠢᠯᠭᠡ᠂ ᠨᠠᠮ ᠢ ᠬᠠᠮᠢᠶᠠᠷᠴᠤ ᠨᠠᠮ ᠢ ᠵᠠᠰᠠᠬᠤ ᠡᠭᠦᠷᠭᠡᠯᠡᠯ ᠢ ᠭᠦᠨᠵᠡᠭᠡᠢ

ᠣᠶᠢᠯᠠᠭᠠᠵᠤ᠂ ᠤᠯᠤᠰ ᠲᠦᠷᠦ ᠶᠢᠨ ᠮᠡᠳᠡᠷᠡᠮᠵᠢ᠂ ᠦᠵᠡᠯ ᠰᠠᠨᠠᠭᠠᠨ ᠤ ᠮᠡᠳᠡᠷᠡᠮᠵᠢ᠂ ᠤᠨᠤᠯ ᠤᠨ ᠮᠡᠳᠡᠷᠡᠮᠵᠢ᠂

ᠬᠠᠶᠢᠷ᠎ᠠ ᠰᠡᠳᠬᠢᠯᠭᠡ ᠶᠢᠨ ᠮᠡᠳᠡᠷᠡᠮᠵᠢ ᠶᠢ ᠦᠷᠭᠦᠯᠵᠢᠯᠡᠨ ᠨᠡᠮᠡᠭᠳᠡᠭᠦᠯᠵᠦ᠂ ᠦᠵᠡᠯ ᠰᠠᠨᠠᠭᠠᠨ ᠤ ᠲᠠᠯ᠎ᠠ ᠪᠠᠷ ᠤᠭ

ᠦᠨᠳᠦᠰᠦ ᠠᠴᠠ ᠨᠢ ᠴᠡᠭᠴᠡᠯᠡᠨ ᠵᠠᠰᠠᠵᠤ᠂ ᠦᠨᠳᠦᠰᠦ ᠰᠠᠭᠤᠷᠢ ᠪᠠᠨ ᠪᠠᠬᠢᠵᠢᠭᠦᠯᠬᠦ ᠬᠡᠷᠡᠭᠲᠡᠢ᠃ ︽ᠬᠤᠪᠢᠷᠠᠭᠤᠯᠬᠤ︾

ᠳᠡᠭᠡᠷ᠎ᠡ ᠬᠦᠴᠦ ᠲᠠᠯᠪᠢᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ

ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠡᠵᠡᠮᠳᠡᠵᠦ᠂ ᠳᠤᠮᠳᠠ ᠠᠴᠠ ᠨᠢ ᠴᠢᠭᠯᠡᠯ ᠢᠶᠠᠨ ᠡᠷᠢᠬᠦ᠂ ᠠᠷᠭ᠎ᠠ

ᠤᠬᠠᠭᠠᠨ ᠡᠷᠢᠬᠦ ᠳᠡᠭᠡᠨ ᠴᠢᠳᠠᠮᠠᠭᠠᠢ ᠪᠠᠶᠢᠵᠤ᠂ ᠠᠵᠢᠯ ᠬᠢᠵᠦ ᠦᠢᠯᠡᠰ ᠪᠤᠰᠬᠠᠬᠤ ᠴᠢᠳᠠᠪᠤᠷᠢ ᠶᠢ ᠴᠢᠷᠮᠠᠶᠢᠨ

ᠰᠤᠷᠤᠯᠴᠠᠵᠤ᠂ ᠦᠨᠡᠨᠬᠦ ᠠᠳᠬᠤᠨ ᠪᠣᠳᠠᠲᠠᠢ ᠠᠵᠢᠯᠯᠠᠵᠤ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ

ᠬᠠᠮᠲᠤᠷᠠᠯ ᠤᠨ ᠬᠦᠴᠦᠨ ᠢ ᠨᠢᠭᠲᠠᠷᠠᠭᠤᠯᠬᠤ ᠬᠡᠷᠡᠭᠲᠡᠢ᠃

      ᠭᠤᠤ ᠰᠧᠨ ᠱᠠᠭᠠᠷᠳᠠᠭᠰᠠᠨ ᠨᠢ᠂ ᠣᠯᠳᠠᠬᠤᠶ᠎ᠠ ᠪᠡᠷᠬᠡ ᠰᠤᠷᠤᠯᠴᠠᠬᠤ ᠲᠣᠬᠢᠶᠠᠯ ᠢ ᠨᠠᠨᠳᠢᠩᠨᠠᠵᠤ᠂ ᠵᠢᠱᠢᠶ᠎ᠡ

ᠦᠵᠡᠭᠦᠯᠦᠨ ᠳᠠᠶᠢᠴᠢᠯᠠᠬᠤ ᠦᠢᠯᠡᠳᠣᠯ ᠢᠶᠠᠨ ᠦᠨᠡᠨ ᠬᠦ ᠪᠠᠳᠠᠷᠠᠭᠤᠯᠵᠤ᠂ ᠣᠪᠣᠷ ᠢᠶᠠᠨ ᠲᠥᠪ ᠪᠣᠯᠭᠠᠨ᠂ ᠣᠶᠤᠨ

ᠴᠢᠳᠠᠯ ᠢᠶᠠᠨ ᠲᠥᠪᠯᠡᠷᠡᠭᠦᠯᠦᠨ᠂ ᠰᠡᠳᠬᠢᠯ ᠰᠠᠨᠠᠭ᠎ᠠ ᠪᠠᠨ ᠲᠣᠭᠲᠠᠭᠤᠨ ᠪᠠᠶᠢᠯᠭᠠᠵᠤ᠂ ᠨᠢᠭᠡ ᠰᠡᠳᠬᠢᠯ ᠨᠢᠭᠡ

ᠵᠣᠷᠢᠭ ᠢᠶᠠᠷ ᠨᠠᠷᠢᠨ ᠬᠢᠨᠠᠮᠠᠭᠠᠶ ᠪᠣᠳᠣᠯᠬᠢᠯᠠᠨ᠂ ᠰᠡᠳᠬᠢᠯ ᠢᠶᠠᠨ ᠳᠡᠯᠭᠡᠵᠦ ᠰᠠᠨᠠᠯ ᠢᠶᠠᠨ ᠰᠣᠯᠢᠯᠴᠠᠵᠤ᠂ ᠨᠣᠮ

ᠤᠩᠰᠢᠬᠤ ᠠᠩᠭᠢ ᠶᠢᠨ ᠨᠠᠩ ᠶᠡᠭᠡ ᠰᠤᠷᠤᠯᠴᠠᠯᠭ᠎ᠠ ᠶᠢᠨ ᠣᠯᠤᠯᠲᠠ ᠤᠯᠬᠤ ᠪᠠᠷ ᠴᠢᠷᠮᠠᠶᠢᠵᠤ᠂ ᠪᠥᠬᠦ ᠬᠤᠰᠢᠭᠤᠨ ᠤ

ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷᠴᠤᠳ ᠲᠤ ᠥᠯᠢᠭᠡᠷ ᠳᠠᠭᠤᠷᠢᠶᠠᠯ ᠪᠣᠯᠵᠣ᠂ ᠵᠢᠱᠢᠶ᠎ᠡ ᠦᠵᠡᠭᠦᠯᠬᠦ ᠬᠡᠷᠡᠭᠲᠡᠶ

      ᠨᠣᠮ ᠤᠩᠰᠢᠬᠤ ᠠᠩᠭᠢ ᠶᠢᠨ ᠨᠢᠭᠡᠳᠦᠭᠡᠷ ᠡᠳᠦᠷ ᠤᠨ ᠬᠢᠴᠢᠶᠡᠯ ᠳᠤ᠂ ᠬᠤᠰᠢᠭᠤᠨ ᠤ ᠨᠠᠮ ᠤᠨ

ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠤ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋  ᠬᠤᠰᠢᠭᠤᠨ

ᠳᠠᠷᠤᠭ᠎ᠠ ᠯᠢᠦ ᠴᠢ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ

ᠳᠠᠷᠤᠭ᠎ᠠ ᠵᠧᠤ ᠴᠢᠶᠠᠨ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠤ

ᠨᠠᠮ ᠤᠨ ᠬᠤᠷᠢᠶ᠎ᠠ ᠶᠢᠨ ᠠᠯᠪᠠᠨ ᠬᠡᠷ ᠤᠨ ᠡᠷᠬᠢᠯᠡᠭᠴᠢ ᠵᠠᠩ ᠪᠢᠨ᠂ ᠬᠤᠰᠢᠭᠤᠨ ᠤ ᠠᠷᠠᠳ ᠤᠨ

ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠸᠠᠩ ᠯᠢᠩ ᠯᠦᠩ ᠲᠣᠰ

ᠲᠣᠰ ᠳᠠᠭᠠᠭᠤᠯᠤᠨ ᠰᠤᠷᠤᠯᠴᠠᠪᠠ᠃

      ᠲᠤᠰ ᠬᠤᠭᠤᠴᠠᠭᠠᠨ ᠤ ᠨᠣᠮ ᠤᠩᠰᠢᠬᠤ ᠠᠩᠭᠢ ᠨᠢ 2 ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ ᠡᠨᠡ

ᠬᠤᠭᠤᠴᠠᠭᠠᠨ ᠳᠤ ᠲᠥᠪᠯᠡᠷᠡᠭᠦᠯᠦᠨ ᠨᠣᠮ ᠤᠩᠰᠢᠬᠤ ᠪᠠ ᠰᠤᠳᠤᠯᠤᠨ ᠶᠠᠷᠢᠯᠴᠠᠵᠤ ᠰᠣᠯᠢᠯᠴᠠᠬᠤ ᠵᠡᠷᠭᠡ ᠠᠭᠤᠯᠭ᠎ᠠ ᠶᠢ

ᠵᠣᠬᠢᠶᠠᠨ ᠪᠠᠶᠢᠭᠤᠯᠤᠨ ᠲᠣᠬᠢᠷᠠᠭᠤᠯᠬᠤ ᠪᠣᠯᠤᠨ᠎ᠠ᠃

       

         ᠵᠣᠬᠢᠶᠠᠭᠴᠢ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ

         ᠣᠷᠴᠢᠭᠤᠯᠣᠨᠨᠴᠢ᠄  ᠭᠧ ᠲᠣᠸᠠᠨ ᠯᠢᠶᠡᠨ

 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号