ᠬᠤᠰᠢᠭᠤ ᠨᠠᠮ ᠤᠨ ᠬᠤᠷᠢᠶᠠᠨ ᠤ ᠱᠦᠵᠢ ᠭᠤᠤ ᠰᠧᠨ ᠡᠯ᠎ᠡ ᠰᠤᠮᠤ ᠰᠢᠶᠠᠩ ᠪᠠᠯᠭᠠᠰᠤ ︵ᠬᠦᠷᠢᠶᠡᠯᠡᠩ ᠲᠣᠭᠤᠷᠢᠭ︶ ᠳᠤ ᠭᠦᠨᠵᠡᠭᠡᠶᠢᠷᠡᠨ ᠣᠶᠢᠷ᠎ᠠ ᠶᠢᠨ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2023/9/27
         9 ᠰᠠᠷ᠎ᠠ ᠶᠢᠨ 15 ᠤ ᠡᠳᠦᠷ —9 ᠰᠠᠷ᠎ᠠ ᠶᠢᠨ 16 ᠤ ᠡᠳᠦᠷ᠂  ᠬᠤᠰᠢᠭᠤ ᠨᠠᠮ ᠤᠨ ᠬᠤᠷᠢᠶᠠᠨ ᠤ ᠱᠦᠵᠢ ᠭᠤᠤ ᠰᠧᠨ ᠬᠡᠰᠡᠭ ᠰᠤᠮᠤ ᠰᠢᠶᠠᠩ ᠪᠠᠯᠭᠠᠰᠤ ︵ᠬᠦᠷᠢᠶᠡᠯᠡᠩ ᠲᠣᠭᠤᠷᠢᠭ︶ ᠳᠤ ᠭᠦᠨᠵᠡᠭᠡᠶᠢᠷᠡᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠦᠨᠳᠦᠰᠦᠨ ᠱᠠᠲᠤᠨ ᠤ ᠵᠠᠰᠠᠯᠲᠠ᠂ ᠠᠶᠤᠯᠭᠦᠢ ᠦᠢᠯᠡᠳᠪᠦᠷᠢᠯᠡᠯ ᠵᠡᠷᠭᠡ ᠤᠢᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠵᠤ ᠵᠢᠯᠣᠭᠤᠳᠬᠤ ᠳᠠᠭᠠᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠣᠯ ᠰᠡᠳᠦᠪᠲᠦ ᠬᠥᠮᠦᠵᠢᠯ ᠢ ᠰᠤᠷᠤᠯᠴᠠᠨ ᠲᠣᠭᠤᠰᠢᠯᠠᠭᠤᠯᠬᠤ ᠶᠢ ᠴᠢᠬᠤᠯᠠ ᠪᠠᠶᠢᠷᠢᠨ ᠳᠤ ᠲᠠᠯᠪᠢᠵᠤ᠂ ᠦᠨᠡᠨᠬᠦ ᠰᠤᠷᠤᠯᠴᠠᠵᠤ ᠦᠨᠡᠨᠬᠦ ᠣᠶᠢᠯᠠᠭᠠᠵᠤ ᠦᠨᠡᠨᠬᠦ ᠢᠲᠡᠭᠡᠵᠦ ᠦᠨᠡᠨᠬᠦ ᠬᠡᠷᠡᠭᠯᠡᠵᠦ᠂ ᠥᠷᠭᠡᠨ ᠤᠯᠠᠨ ᠺᠠᠳ᠋ᠷ ᠤᠯᠠᠨ ᠲᠦᠮᠡᠨ ᠢ ᠬᠦᠳᠦᠯᠦᠨ ᠳᠠᠭᠠᠭᠤᠯᠵᠤ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠤᠨᠤᠯ ᠤᠨ ᠢᠲᠡᠭᠡᠯ ᠢ ᠨᠢ ᠴᠢᠩᠭᠠᠳᠬᠠᠵᠤ᠂ ᠠᠵᠢᠯ ᠤᠨ ᠲᠠᠰᠤᠷᠠᠯᠲᠠ ᠦᠭᠡᠢ ᠳᠡᠭᠡᠭᠰᠢᠯᠡᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

     ᠭᠤᠤ ᠰᠧᠨ ᠨᠠᠷ ᠤᠷᠢᠳ ᠬᠤᠵᠢᠳ ᠬᠤᠩ ᠫᠠᠨ ᠰᠢᠶᠠᠩ᠂ ᠬᠦᠢᠳᠡᠨᠰᠢᠯᠢ ᠬᠦᠷᠢᠶᠡᠯᠡᠩ ᠲᠣᠭᠤᠷᠢᠭ᠂ ᠬᠥᠬᠡᠪᠦᠷ

ᠪᠠᠯᠭᠠᠰᠤ ᠵᠡᠷᠭᠡ ᠭᠠᠵᠠᠷ ᠲᠤ ᠬᠦᠷᠴᠦ᠂ ᠡᠯ᠎ᠡ ᠭᠠᠵᠠᠷ ᠤᠨ ᠲᠣᠰᠬᠤᠨ ᠤ ᠳᠦᠷᠰᠦ ᠪᠠᠶᠢᠳᠠᠯ᠂ ᠰᠠᠭᠤᠷᠢ ᠲᠥᠬᠦᠭᠡᠷᠦᠮᠵᠢ ᠶᠢᠨ

ᠪᠦᠳᠦᠭᠡᠨ ᠪᠠᠶᠢᠭᠤᠯᠤᠯᠲᠠ ᠪᠣᠯᠤᠨ ᠨᠠᠮ ᠤᠨ ᠭᠡᠰᠢᠭᠦᠨ ᠤ ᠠᠵᠢᠯᠯᠠᠭᠠᠨ ᠤ ᠲᠠᠰᠤᠭ ᠵᠡᠷᠭᠡ ᠵᠢᠭᠰᠠᠭᠠᠯ ᠤᠨ ᠭᠠᠵᠠᠷ ᠤᠨ

ᠪᠦᠳᠦᠭᠡᠨ ᠪᠠᠶᠢᠭᠤᠯᠤᠯᠲᠠ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠲᠠᠷᠢᠶᠠᠴᠢᠨ ᠡᠷᠦᠬᠡ ᠶᠢᠨ

ᠭᠡᠷ ᠲᠤ ᠭᠦᠨᠵᠡᠭᠡᠶᠢᠷᠡᠨ ᠳᠣᠲᠣᠨᠣ ᠪᠠᠷ ᠶᠠᠷᠢᠯᠴᠠᠵᠤ᠂ ᠮᠠᠯᠴᠢᠨ ᠲᠠᠷᠢᠶᠠᠴᠢᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ

ᠪᠠᠶᠢᠳᠠᠯ ᠢ ᠣᠶᠢᠯᠠᠭᠠᠵᠤ᠂ ᠤᠯᠠᠨ ᠲᠦᠮᠡᠨ ᠤ ᠰᠠᠨᠠᠯ ᠪᠣᠯᠤᠨ ᠬᠦᠰᠡᠯ ᠱᠠᠭᠠᠷᠳᠠᠯᠭ᠎ᠠ ᠶᠢ ᠨᠠᠷᠢᠨ ᠬᠢᠨᠠᠮᠠᠭᠠᠢ ᠰᠣᠨᠣᠰᠴᠤ᠂

ᠵᠢᠯᠣᠭᠤᠳᠬᠤ ᠴᠢᠨᠠᠷᠲᠠᠢ᠂ ᠪᠦᠲᠦᠭᠡᠯᠴᠢ ᠴᠢᠨᠠᠷᠲᠠᠢ ᠰᠠᠨᠠᠯ ᠢ ᠳᠤᠷᠠᠳᠤᠭᠰᠠᠨ ᠪᠥᠭᠡᠳ ᠰᠢᠶᠠᠩ ᠪᠠᠯᠭᠠᠰᠤᠨ ᠤ

ᠺᠠᠳ᠋ᠷᠴᠤᠳ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ

ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠣᠭᠤᠰᠢᠯᠠᠭᠤᠯᠬᠤ ᠭᠤᠣᠯ ᠰᠡᠳᠦᠪᠲᠦ

ᠬᠥᠮᠦᠵᠢᠯ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠬᠦ ᠪᠠ ᠬᠥᠳᠡᠭᠡ

ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ᠂ ᠲᠣᠭᠤᠷᠢᠨ ᠪᠠᠶᠢᠴᠠᠭᠠᠵᠤ ᠢᠯᠡᠷᠡᠭᠦᠯᠦᠭᠰᠡᠨ

ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ᠲᠠᠪᠤᠳᠤᠭᠠᠷ ᠤᠳᠠᠭ᠎ᠠ ᠶᠢᠨ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ

ᠪᠠᠶᠢᠴᠠᠭᠠᠯᠲᠠ᠂ ᠦᠨᠳᠦᠰᠦᠨ ᠱᠠᠲᠤᠨ ᠤ ᠵᠠᠰᠠᠯᠲᠠ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠭᠤᠷᠪᠠ ᠶᠢ ᠵᠠᠰᠠᠵᠤ

ᠭᠤᠷᠪᠠ ᠶᠢ ᠥᠭᠡᠷᠡᠴᠢᠯᠡᠬᠦ᠂ ᠡᠮ ᠡᠮᠨᠡᠯᠭᠡ ᠡᠷᠡᠭᠦᠯ ᠬᠠᠮᠠᠭᠠᠯᠠᠯ ᠵᠡᠷᠭᠡ ᠶᠢᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃

ᠡᠭᠦᠨ ᠤ ᠬᠠᠮᠲᠤ ᠪᠠᠰᠠ ᠬᠡᠰᠡᠭ ᠠᠵᠤ ᠠᠬᠤᠶᠢᠯᠠᠯ ᠳᠤ ᠭᠦᠨᠵᠡᠭᠡᠶᠢᠷᠡᠵᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂

ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ

ᠵᠡᠷᠭᠡ ᠶᠢᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠮᠠᠲ᠋ᠧᠷᠢᠶᠠᠯ ᠢ ᠪᠠᠶᠢᠴᠠᠭᠠᠨ ᠦᠵᠡᠵᠦ᠂ ᠶᠠᠷᠢᠯᠴᠠᠬᠤ ᠬᠤᠷᠠᠯ

ᠥᠷᠨᠢᠭᠦᠯᠵᠦ᠂ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠠᠰᠠᠭᠤᠳᠠᠯ ᠪᠣᠯᠤᠨ ᠦᠨᠳᠦᠰᠦ ᠰᠤᠷᠪᠤᠯᠵᠢ ᠶᠢ ᠬᠠᠮᠲᠤᠪᠠᠷ

ᠵᠠᠳᠠᠯᠤᠨ ᠰᠤᠳᠤᠯᠵᠤ ᠮᠠᠭᠠᠳᠯᠠᠵᠤ᠂ ᠠᠰᠠᠭᠤᠳᠠᠯ ᠢ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠲᠤᠬᠠᠢ ᠶᠢᠨ ᠭᠠᠵᠠᠷ ᠲᠤᠨᠢ

ᠰᠤᠳᠤᠯᠵᠠᠢ᠃

      ᠭᠤᠤ ᠰᠧᠨ ᠵᠢᠭᠠᠵᠤ ᠭᠠᠷᠭᠠᠭᠰᠠᠨ ᠨᠢ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ

ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠣᠯ ᠰᠡᠳᠦᠪᠲᠦ ᠬᠥᠮᠦᠵᠢᠯ ᠢ ᠰᠤᠷᠤᠯᠴᠠᠨ ᠲᠤᠭᠤᠰᠢᠯᠠᠭᠤᠯᠬᠤ

ᠪᠣᠯ ᠣᠳᠣᠬᠠᠨ ᠤ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠤᠨ᠎ᠠ᠂ ᠡᠯ᠎ᠡ ᠱᠠᠲᠤᠨ ᠤ ᠺᠠᠳ᠋ᠷ ᠢᠯᠠᠩᠭᠤᠶ᠎ᠠ

ᠤᠳᠤᠷᠢᠳᠬᠤ ᠺᠠᠳ᠋ᠷ ᠲᠠᠷᠢᠬᠢ ᠲᠣᠯᠣᠭᠠᠶ ᠪᠠᠨ ᠴᠠᠭ ᠢᠮᠠᠭᠲᠠ ᠰᠡᠷᠭᠡᠭ ᠪᠠᠶᠢᠯᠭᠠᠵᠤ᠂ ᠰᠢ ᠶᠢᠨ ᠫᠢᠩ ᠤᠨ ᠰᠢᠨ᠎ᠡ ᠴᠠᠭ

ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ

ᠲᠤᠭᠤᠰᠢᠯᠠᠭᠤᠯᠬᠤ ᠭᠤᠤᠯ ᠰᠡᠳᠦᠪᠲᠦ ᠬᠥᠮᠦᠵᠢᠯ ᠢ ᠦᠨᠡᠨ ᠬᠦ ᠴᠢᠬᠤᠯᠠ ᠪᠠᠶᠢᠷᠢᠨ ᠳᠤ ᠲᠠᠯᠪᠢᠵᠤ᠂ ᠦᠨᠡᠨ ᠬᠦ

ᠰᠤᠷᠤᠯᠴᠠᠵᠤ ᠦᠨᠡᠨ ᠬᠦ ᠣᠶᠢᠯᠠᠭᠠᠵᠤ ᠦᠨᠡᠨ ᠬᠦ ᠢᠲᠡᠭᠡᠵᠦ ᠦᠨᠡᠨ ᠬᠦ ᠬᠡᠷᠡᠭᠯᠡᠵᠦ᠂ ᠥᠷᠭᠡᠨ ᠣᠯᠠᠨ ᠺᠠᠳ᠋ᠷ ᠣᠯᠠᠨ

ᠲᠦᠮᠡᠨ ᠢ ᠬᠥᠲᠥᠯᠥᠨ ᠳᠠᠭᠠᠭᠤᠯᠵᠤ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠦᠨ᠂ ᠤᠨᠤᠯ ᠤᠨ ᠢᠲᠡᠭᠡᠯ ᠢ ᠨᠢ

ᠴᠢᠩᠭᠠᠳᠬᠠᠵᠤ᠂ ᠠᠵᠢᠯ ᠤᠨ ᠲᠠᠰᠤᠷᠠᠯᠲᠠ ᠦᠭᠡᠢ ᠳᠡᠭᠡᠭᠰᠢᠯᠡᠬᠦ ᠶᠢ ᠠᠬᠢᠭᠤᠯᠬᠤ ᠬᠡᠷᠡᠭᠲᠡᠶ᠃ ᠥᠷᠭᠡᠨ ᠣᠯᠠᠨ ᠺᠠᠳ᠋ᠷ

ᠪᠡᠶ᠎ᠡ ᠪᠠᠷ ᠢᠶᠠᠨ ᠬᠡᠪ ᠲᠦᠷᠢᠮ ᠪᠣᠯᠵᠣ᠂ ᠵᠢᠱᠢᠶᠡᠴᠢ ᠪᠠᠷ ᠲᠦᠷᠦᠭᠦᠯᠡᠭᠦᠯᠦᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ

ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠤᠯ ᠰᠡᠳᠦᠪᠲᠦ ᠬᠥᠮᠦᠵᠢᠯ ᠳᠤ

ᠢᠳᠡᠪᠬᠢᠲᠡᠶ ᠣᠷᠣᠯᠴᠠᠵᠤ᠂ ᠨᠠᠮ ᠤᠨ ᠭᠡᠰᠢᠭᠦᠨ ᠺᠠᠳ᠋ᠷ ᠤᠨ ᠵᠢᠱᠢᠶᠡᠴᠢ ᠳᠠᠭᠠᠭᠤᠯᠬᠤ  ᠦᠢᠯᠡᠳᠣᠯ ᠢ ᠪᠠᠳᠠᠷᠠᠭᠤᠯᠤᠨ᠂ ᠪᠥᠬᠦ

ᠬᠤᠰᠢᠭᠤᠨ ᠤ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ

ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠣᠭᠤᠰᠢᠯᠠᠭᠤᠯᠬᠤ ᠭᠤᠤᠯ ᠰᠡᠳᠦᠪᠲᠦ

ᠬᠥᠮᠦᠵᠢᠯ ᠤᠨ ᠵᠢᠱᠢᠶᠡᠴᠢ ᠥᠯᠢᠭᠡᠷ ᠳᠠᠭᠤᠷᠢᠶᠠᠯ ᠪᠣᠯᠬᠤ ᠪᠠᠷ ᠴᠢᠷᠮᠠᠶᠢᠬᠤ ᠶᠢ ᠠᠬᠢᠭᠤᠯᠬᠤ ᠬᠡᠷᠡᠭᠲᠡᠶ᠃ ᠤᠭ ᠰᠠᠨᠠᠭ᠎ᠠ

ᠡᠭᠦᠷᠭᠡ ᠬᠠᠷᠢᠭᠤᠴᠠᠯᠭ᠎ᠠ ᠪᠠᠨ ᠪᠠᠲᠤ ᠰᠠᠬᠢᠵᠤ᠂ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠪᠠᠨ ᠪᠠᠲᠤ ᠴᠡᠭᠡᠵᠢᠯᠡᠵᠦ᠂

ᠰᠢᠨ᠎ᠡ ᠴᠠᠭ ᠦᠶ᠎ᠡ ᠶᠢᠨ ᠰᠢᠨ᠎ᠡ ᠠᠶᠠᠨ ᠵᠠᠮ ᠳᠤ ᠲᠠᠰᠤᠷᠠᠯᠲᠠ ᠦᠭᠡᠢ ᠡᠷᠡᠯᠬᠡᠭᠯᠡᠨ ᠤᠷᠤᠭᠰᠢᠯᠠᠵᠤ᠂ ᠨᠠᠮ ᠤᠨ

ᠪᠠᠶᠢᠭᠤᠯᠤᠯᠲᠠ ᠪᠣᠯᠤᠨ ᠭᠤᠤᠯ ᠰᠡᠳᠦᠪᠲᠦ ᠬᠥᠮᠦᠵᠢᠯ ᠢ ᠪᠣᠳᠠᠲᠠᠶ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ

ᠭᠠᠷᠭᠠᠬᠤ ᠶᠢ ᠠᠬᠢᠭᠤᠯᠬᠤ ᠬᠡᠷᠡᠭᠲᠡᠶ᠃

     ᠭᠤᠤ ᠰᠧᠨ ᠴᠢᠬᠤᠯᠠᠴᠢᠯᠠᠭᠰᠠᠨ ᠨᠢ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ ᠶᠠᠭ ᠬᠥᠭᠵᠢᠯᠲᠡ ᠶᠢᠨ

ᠵᠠᠩᠭᠢᠯᠠᠭ᠎ᠠ ᠶᠢᠨ ᠴᠠᠭ ᠦᠶ᠎ᠡ ᠳᠤ ᠣᠷᠣᠰᠢᠵᠤ ᠪᠠᠶᠢᠨ᠎ᠠ᠂ ᠡᠯ᠎ᠡ ᠱᠠᠲᠤᠨ ᠤ ᠺᠠᠳ᠋ᠷ ᠢᠯᠠᠩᠭᠤᠶ᠎ᠠ ᠤᠳᠤᠷᠢᠳᠬᠤ ᠺᠠᠳ᠋ᠷᠴᠤᠳ

ᠲᠠᠷᠢᠬᠢ ᠲᠣᠯᠣᠭᠠᠢ ᠪᠠᠨ ᠢᠮᠠᠭᠲᠠ ᠰᠡᠷᠭᠡᠭ ᠪᠠᠶᠢᠯᠭᠠᠵᠤ᠂ ᠡᠯ᠎ᠡ ᠵᠦᠢᠯ ᠤᠨ ᠠᠵᠢᠯ ᠳᠤ ᠴᠥᠮ ᠬᠤᠪᠢ ᠲᠠᠬᠢᠨ ᠴᠢᠷᠮᠠᠶᠢᠵᠤ᠂

ᠬᠠᠮᠵᠢᠯᠴᠠᠭ᠎ᠠ ᠪᠠᠨ ᠴᠢᠩᠭᠠᠳᠬᠠᠵᠤ᠂ ︽ᠬᠤᠶᠠᠷ ᠶᠡᠭᠡ ᠶᠠᠪᠤᠳᠠᠯ︾ ᠢ ᠪᠡᠶᠡᠯᠡᠭᠦᠯᠬᠦ᠂ ᠶᠠᠳᠠᠭᠤ ᠠᠴᠠ ᠠᠩᠭᠢᠵᠢᠷᠠᠭᠤᠯᠬᠤ

ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠬᠦ᠂ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠪᠣᠯᠤᠨ

ᠦᠨᠳᠦᠰᠦᠨ ᠱᠠᠲᠤᠨ ᠤ ᠵᠠᠰᠠᠯᠲᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠠᠬᠢᠭᠤᠯᠬᠤ ᠵᠡᠷᠭᠡ ᠲᠠᠯ᠎ᠠ ᠪᠠᠷ ᠳᠡᠭᠡᠳᠦ

ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠶᠢ ᠪᠠᠲᠤᠯᠠᠬᠤ ᠬᠡᠷᠡᠭᠲᠡᠢ᠃ ᠠᠵᠤ

ᠠᠬᠤᠶᠢᠯᠠᠯ ᠤᠨ ᠬᠢᠨ ᠠᠶᠤᠯᠭᠦᠢ ᠦᠢᠯᠡᠳᠪᠦᠷᠢᠯᠡᠯ ᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠭᠤᠣᠯ

ᠴᠣᠭᠴᠠ ᠶᠢᠨ ᠬᠠᠷᠢᠭᠤᠴᠠᠯᠭ᠎ᠠ ᠪᠠᠨ ᠪᠠᠲᠤ ᠡᠭᠦᠷᠭᠡᠯᠡᠵᠦ᠂ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ

ᠴᠢᠩᠭᠠᠳᠬᠠᠵᠤ᠂ ᠠᠮᠤᠷ ᠲᠦᠪᠰᠢᠨ ᠤ ᠵᠢᠷᠤᠮᠵᠢᠯ ᠢ ᠴᠢᠩᠭ᠎ᠠ ᠬᠡᠷᠡᠭᠵᠢᠭᠦᠯᠵᠦ᠂ ᠠᠮᠤᠷ ᠲᠦᠪᠰᠢᠨ ᠤ ᠠᠷᠭ᠎ᠠ ᠬᠡᠮᠵᠢᠶ᠎ᠡ ᠶᠢ

ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠵᠤ

ᠠᠬᠤᠶ ᠨᠡᠶᠢᠭᠡᠮ ᠤᠨ ᠬᠥᠭᠵᠢᠯᠲᠡ ᠳᠤ ᠬᠦᠴᠦᠨ ᠨᠡᠮᠡᠷᠢᠯᠡᠵᠦ᠂ ᠮᠠᠨ ᠤ ᠬᠤᠰᠢᠭᠤᠨ ᠤ ᠡᠯᠪᠡᠭ ᠪᠠᠶᠠᠯᠢᠭ ᠡᠬᠢ ᠪᠠᠶᠠᠯᠢᠭ ᠤᠨ

ᠳᠠᠪᠠᠭᠤᠯᠢᠭ ᠪᠠ ᠳᠠᠪᠠᠭᠤᠯᠢᠭ ᠣᠷᠣᠨ ᠪᠠᠶᠢᠷᠢ ᠶᠢᠨ ᠳᠠᠪᠠᠭᠤᠯᠢᠭ ᠲᠤ ᠲᠦᠰᠢᠭᠯᠡᠨ᠂ ᠬᠤᠳᠠᠯᠳᠤᠭᠠᠴᠢᠨ ᠤᠷᠢᠵᠤ ᠪᠠᠯᠠ

ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ

ᠲᠦᠷᠭᠡᠳᠬᠡᠨ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠢᠳᠡᠪᠬᠢᠲᠡᠶ ᠰᠠᠨᠠᠭᠠᠴᠢᠯᠠᠭ᠎ᠠ ᠠᠴᠠ ᠪᠠᠨ ᠠᠵᠤ

ᠠᠬᠤᠶᠢᠯᠠᠯ ᠯᠤᠭ᠎ᠠ ᠨᠡᠪᠲᠡᠷᠡᠯᠴᠡᠨ ᠵᠣᠯᠭᠠᠭᠤᠯᠵᠤ᠂ ᠠᠵᠤ ᠠᠬᠤᠶᠢᠯᠠᠯ ᠢ ᠬᠠᠪᠰᠤᠷᠤᠨ ᠦᠢᠯᠡᠳᠪᠦᠷᠢᠯᠡᠯ ᠡᠵᠡᠩᠨᠡᠯᠲᠡ ᠪᠠ

ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠳᠤᠮᠳᠠ ᠲᠤᠯᠭᠠᠷᠠᠭᠰᠠᠨ ᠪᠣᠳᠠᠲᠠᠶ ᠬᠦᠴᠢᠷᠳᠡᠯ ᠢ ᠨᠢ ᠰᠢᠢᠳᠪᠦᠷᠢᠯᠡᠵᠦ᠂

ᠠᠵᠤ ᠠᠬᠤᠶᠢᠯᠠᠯ ᠤᠨ ᠨᠠᠩ ᠰᠠᠶᠢᠨ ᠨᠠᠩ ᠲᠦᠷᠭᠡᠨ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠶ᠃

      ᠭᠤᠤ ᠰᠧᠨ᠂ ᠠᠷᠠᠳ ᠤᠨ ᠠᠮᠢᠳᠤᠷᠠᠯ ᠳᠤ ᠪᠠᠭ᠎ᠠ ᠶᠠᠪᠤᠳᠠᠯ ᠭᠡᠵᠦ ᠦᠭᠡᠢ᠂ ᠤᠯᠠᠨ ᠲᠦᠮᠡᠨ ᠢ ᠰᠠᠶᠢᠨ ᠰᠠᠶᠢᠬᠠᠨ

ᠠᠮᠢᠳᠤᠷᠠᠭᠤᠯᠬᠤ ᠪᠣᠯ ᠮᠠᠨ ᠤ ᠬᠥᠭᠵᠢᠯᠲᠡ ᠶᠢᠨ ᠡᠴᠦᠰ ᠤᠨ ᠬᠠᠷᠠᠯᠲᠠ ᠮᠥᠨ᠃ ᠨᠠᠮ ᠤᠨ ᠪᠠᠶᠢᠭᠤᠯᠤᠯᠲᠠ ᠶᠢᠨ ᠲᠤᠬᠠᠢ

ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠣᠭᠤᠰᠢᠯᠠᠭᠤᠯᠵᠦ᠂ ᠨᠠᠮ ᠤᠨ ᠪᠠᠶᠢᠭᠤᠯᠤᠯᠲᠠ ᠶᠢᠨ ᠦᠨᠳᠦᠰᠦᠨ

ᠱᠠᠲᠤᠨ ᠤ ᠵᠠᠰᠠᠯᠲᠠ ᠶᠢ ᠬᠦᠳᠦᠯᠦᠨ ᠳᠠᠭᠠᠭᠤᠯᠬᠤ ᠶᠢ ᠭᠦᠨᠵᠡᠭᠡᠢ ᠠᠬᠢᠭᠤᠯᠵᠤ᠂ ᠦᠨᠳᠦᠰᠦᠨ ᠱᠠᠲᠤᠨ ᠤ ᠨᠠᠮ ᠤᠨ

ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠳᠠᠪᠠᠭᠤᠯᠢᠭ᠂ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠢ

ᠵᠠᠰᠠᠯᠲᠠ ᠶᠢᠨ ᠦᠷ᠎ᠡ ᠪᠦᠲᠦᠮᠵᠢ ᠪᠣᠯᠭᠠᠨ ᠲᠠᠰᠤᠷᠠᠯᠲᠠ ᠦᠭᠡᠢ ᠬᠤᠪᠢᠷᠠᠭᠤᠯᠵᠤ᠂ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ

ᠠᠪᠬᠤ ᠲᠣᠭᠲᠠᠴᠠ ᠶᠢ ᠪᠦᠷᠢᠨᠰᠢᠬᠦᠯᠵᠦ᠂ ᠤᠯᠠᠨ ᠲᠦᠮᠡᠨ ᠤ ᠵᠦᠢ ᠶᠣᠰᠣᠨ ᠤ ᠬᠦᠰᠡᠯ ᠱᠠᠭᠠᠷᠳᠠᠯᠭ᠎ᠠ ᠶᠢ ᠬᠠᠤᠯᠢ

ᠲᠣᠭᠲᠠᠭᠠᠯ ᠶᠣᠰᠣᠭᠠᠷ ᠰᠠᠶᠢᠲᠤᠷ ᠰᠢᠢᠳᠪᠦᠷᠢᠯᠡᠵᠦ᠂ ᠬᠡᠪ ᠤᠨ ᠵᠠᠬᠢᠳᠠᠯ ᠰᠤᠷᠪᠤᠯᠵᠢᠯᠠᠭ᠎ᠠ ᠶᠢᠨ ᠡᠮᠬᠢ ᠳᠢᠭᠯᠢᠮ ᠪᠣᠯᠤᠨ

ᠨᠡᠶᠢᠭᠡᠮ ᠤᠨ ᠡᠮᠬᠢ ᠳᠢᠭᠯᠢᠮ ᠢ ᠦᠨᠡᠨᠬᠦ ᠬᠠᠮᠠᠭᠠᠯᠠᠵᠤ᠂ ᠪᠣᠳᠠᠲᠠᠢ ᠲᠠᠢ ᠪᠠᠨ ᠤᠶᠠᠯᠳᠤᠭᠤᠯᠤᠨ ᠬᠥᠭᠵᠢᠯᠲᠡ ᠶᠢᠨ

ᠲᠥᠯᠥᠪᠵᠢᠭᠦᠯᠭᠡ ᠶᠢ ᠲᠣᠭᠲᠠᠭᠠᠵᠤ᠂ ᠬᠥᠭᠵᠢᠯᠲᠡ ᠶᠢᠨ ᠰᠡᠳᠬᠢᠴᠡ ᠪᠠᠨ ᠲᠣᠳᠣᠷᠬᠠᠶᠢᠯᠠᠵᠤ᠂ ᠤᠯᠠᠨ ᠲᠦᠮᠡᠨ ᠤ ᠪᠤᠳᠤᠵᠤ

ᠪᠠᠶᠢᠭ᠎ᠠ ᠬᠦᠰᠡᠯ ᠡᠷᠡᠮᠡᠯᠵᠡᠯ ᠲᠠᠢ ᠨᠢᠭᠲᠠ ᠤᠶᠠᠯᠳᠤᠭᠤᠯᠵᠤ᠂ ᠤᠯᠠᠨ ᠲᠦᠮᠡᠨ ᠳᠤ ᠰᠡᠳᠬᠢᠯ ᠲᠠᠯᠪᠢᠵᠤ ᠰᠠᠶᠢᠲᠤᠷ

ᠦᠢᠯᠡᠴᠢᠯᠡᠵᠦ᠂ ᠬᠦᠴᠢᠷ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠣᠳᠣᠬᠠᠨ ᠤ ᠬᠥᠭᠵᠢᠯᠲᠡ ᠶᠢᠨ ᠣᠳᠣᠬᠢ

ᠪᠠᠶᠢᠳᠠᠯ ᠢ ᠨᠠᠷᠢᠨ ᠬᠢᠨᠠᠮᠠᠭᠠᠢ ᠵᠠᠳᠠᠯᠵᠤ᠂ ᠲᠣᠰᠬᠤᠨ ᠤ ᠲᠤᠯᠭᠠᠭᠤᠷᠢ ᠠᠵᠤ ᠦᠢᠯᠡᠰ ᠪᠣᠯᠤᠨ ᠤᠨᠴᠠᠯᠢᠬᠳᠤ ᠠᠵᠤ ᠦᠢᠯᠡᠰ ᠢ

ᠲᠣᠭᠲᠠᠭᠤᠨ ᠢᠶᠠᠷ ᠪᠤᠵᠠᠭᠠᠶᠢᠷᠠᠭᠤᠯᠬᠤ ᠵᠠᠮ ᠢ ᠡᠷᠢᠨ ᠭᠠᠷᠭᠠᠵᠤ᠂ ᠲᠣᠰᠬᠤᠨ ᠤ ᠱᠠᠲᠤᠨ ᠤ ᠠᠵᠤ ᠦᠢᠯᠡᠰ ᠤᠨ ᠴᠢᠨᠠᠷ

ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ ᠵᠠᠷᠴᠢᠮ ᠢ ᠡᠵᠡᠮᠳᠡᠵᠦ᠂

ᠠᠵᠤ ᠠᠬᠤᠶᠢᠯᠠᠯ ᠪᠣᠯᠤᠨ ᠤᠯᠠᠨ ᠲᠦᠮᠡᠨ ᠤ ᠬᠤᠭᠤᠷᠣᠨᠳᠣᠬᠢ᠂ ᠤᠯᠠᠨ ᠲᠦᠮᠡᠨ ᠪᠣᠯᠤᠨ ᠪᠠᠶᠢᠭᠠᠯᠢ ᠶᠢᠨ ᠣᠷᠴᠢᠨ

ᠲᠣᠭᠤᠷᠢᠨ ᠤ ᠬᠤᠭᠤᠷᠣᠨᠳᠣᠬᠢ ᠬᠠᠷᠢᠴᠠᠭ᠎ᠠ ᠶᠢ ᠵᠥᠪ ᠢᠶᠠᠷ ᠰᠢᠢᠳᠪᠦᠷᠢᠯᠡᠵᠦ᠂ ᠪᠣᠬᠢᠷᠲᠤᠯ ᠦᠭᠡᠢ ᠬᠥᠭᠵᠢᠯᠲᠡ᠂

ᠨᠥᠬᠦᠷᠰᠡᠭ ᠬᠥᠭᠵᠢᠯᠲᠡ᠂ ᠦᠷᠭᠦᠯᠵᠢᠯᠡᠬᠦ ᠬᠥᠭᠵᠢᠯᠲᠡ ᠶᠢ ᠢᠮᠠᠭᠲᠠ ᠪᠡᠶᠡᠯᠡᠭᠦᠯᠬᠦ ᠬᠡᠷᠡᠭᠲᠡᠢ᠃ ᠠᠷᠠᠳ ᠲᠦᠮᠡᠨ ᠢ

ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠢᠮᠠᠭᠲᠠ ᠪᠠᠷᠢᠮᠲᠠᠯᠠᠵᠤ᠂ ᠠᠶᠤᠯᠭᠦᠢ ᠦᠢᠯᠡᠳᠪᠦᠷᠢᠯᠡᠯ᠂ ᠵᠠᠮ ᠬᠠᠷᠢᠯᠴᠠᠭᠠᠨ ᠤ

ᠠᠮᠤᠷ ᠲᠦᠪᠰᠢᠨ᠂ ᠴᠠᠬᠢᠯᠭᠠᠨ ᠬᠤᠯᠪᠤᠭᠠᠨ ᠤ ᠮᠡᠬᠡᠯᠡᠯ ᠢ ᠡᠰᠡᠷᠭᠦᠴᠡᠬᠦ᠂ ᠵᠠᠬᠢᠳᠠᠯ ᠰᠤᠷᠪᠤᠯᠵᠢᠯᠠᠭ᠎ᠠ ᠪᠠᠷ ᠲᠣᠭᠲᠠᠭᠤᠨ ᠢ

ᠬᠠᠮᠠᠭᠠᠯᠠᠬᠤ᠂ ᠡᠮ ᠡᠮᠨᠡᠯᠭᠡ ᠡᠷᠡᠭᠦᠯ ᠬᠠᠮᠠᠭᠠᠯᠠᠯ ᠵᠡᠷᠭᠡ ᠨᠡᠶᠢᠭᠡᠮ ᠤᠨ ᠵᠠᠰᠠᠯᠲᠠ ᠶᠢᠨ ᠭᠤᠣᠯᠳᠠᠯᠭ᠎ᠠ ᠲᠠᠢ ᠠᠵᠢᠯ ᠢ ᠰᠠᠶᠢᠲᠤᠷ

ᠠᠳᠬᠤᠵᠤ᠂ ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠤᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠬᠦᠴᠦᠯᠡᠨ

ᠰᠢᠢᠳᠪᠦᠷᠢᠯᠡᠵᠦ᠂ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠤᠯᠠᠨ

ᠲᠦᠮᠡᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠦᠨᠡᠨ ᠬᠦ

ᠨᠡᠮᠡᠭᠳᠡᠭᠦᠯᠬᠦ ᠬᠡᠷᠡᠭᠲᠡᠢ᠃

     ᠭᠤᠤ ᠰᠧᠨ᠂ ᠨᠠᠩ ᠶᠡᠭᠡ ᠡᠷᠡᠰ ᠵᠣᠷᠢᠭ ᠪᠠ ᠰᠥᠰᠥ ᠵᠣᠷᠢᠭ᠂ ᠨᠠᠩ ᠣᠨᠣᠪᠴᠢᠲᠠᠶ ᠠᠵᠢᠯ ᠤᠨ ᠠᠷᠭ᠎ᠠ ᠮᠠᠶ᠋ᠢᠭ᠂

ᠨᠠᠩ ᠪᠦᠲᠦᠮᠵᠢᠲᠡᠶ ᠠᠵᠢᠯ ᠤᠨ ᠠᠷᠭ᠎ᠠ ᠬᠡᠮᠵᠢᠶ᠎ᠡ ᠪᠠᠷ ᠡᠯ᠎ᠡ ᠵᠦᠢᠯ ᠤᠨ ᠡᠭᠦᠷᠭᠡ ᠶᠢᠨ ᠪᠠᠶᠢᠷᠢᠯᠠᠭᠤᠯᠤᠯᠲᠠ ᠪᠠ

ᠬᠡᠷᠡᠭᠵᠢᠭᠦᠯᠦᠯᠲᠡ ᠶᠢ ᠪᠥᠬᠦ ᠲᠠᠯ᠎ᠠ ᠪᠠᠷ ᠰᠠᠶᠢᠲᠤᠷ ᠬᠢᠵᠦ᠂ ᠲᠣᠭᠤᠷᠢᠨ ᠪᠠᠶᠢᠴᠠᠭᠠᠯᠲᠠ ᠳᠤ ᠢᠯᠡᠷᠡᠭᠦᠯᠦᠭᠰᠡᠨ ᠠᠰᠠᠭᠤᠳᠠᠯ ᠢ

ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠪᠡᠶᠡᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ

ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠬᠤ ᠶᠢ

ᠲᠦᠷᠭᠡᠳᠬᠡᠨ᠂ ᠵᠠᠰᠠᠯᠲᠠ ᠶᠢ ᠳᠡᠭᠡᠭᠰᠢᠯᠡᠭᠦᠯᠬᠦ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠥᠷᠥᠯ

ᠵᠦᠢᠯ ᠤᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠤᠨ᠂ ᠮᠠᠯᠴᠢᠨ ᠲᠠᠷᠢᠶᠠᠴᠢᠨ ᠤ ᠣᠷᠣᠯᠭ᠎ᠠ ᠶᠢ ᠪᠥᠬᠦ

ᠲᠠᠯ᠎ᠠ ᠪᠠᠷ ᠠᠬᠢᠭᠤᠯᠵᠤ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ

ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃

   ᠬᠤᠰᠢᠭᠤᠨ ᠤ ᠤᠳᠤᠷᠢᠳᠤᠯᠭ᠎ᠠ ᠸᠠᠩ ᠶᠠᠩ᠂ ᠯᠢᠦ ᠴᠢ᠂ ᠯᠢ ᠪᠢᠨ᠂ ᠵᠠᠩ ᠪᠢᠨ᠂ ᠸᠠᠩ ᠬᠠᠢ ᠵᠧᠨ ᠵᠢᠴᠢ

ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠪᠠᠶᠢᠴᠠᠭᠠᠨ

ᠰᠤᠳᠤᠯᠤᠯᠲᠠ ᠳᠤ ᠣᠷᠣᠯᠴᠠᠪᠠ᠃

         

          ᠵᠣᠬᠢᠶᠠᠭᠴᠢ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ

         ᠣᠷᠴᠢᠭᠤᠯᠣᠨᠨᠴᠢ᠄  ᠭᠧ ᠲᠣᠸᠠᠨ ᠯᠢᠶᠡᠨ

 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号