ᠵᠡᠭᠡᠷᠡᠲᠦ ᠬᠤᠲᠠ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠭᠤᠤᠯ ᠰᠡᠳᠦᠪᠲᠦ ᠤᠬᠠᠭᠤᠯᠤᠨ ᠲᠠᠶᠢᠯᠪᠣᠷᠢᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/1/8
           1 ᠰᠠᠷ᠎ᠠ ᠶᠢᠨ 5 ᠤ ᠡᠳᠦᠷ᠂ ᠵᠡᠭᠡᠷᠡᠲᠦ ᠬᠤᠲᠠ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠬᠤᠰᠢᠭᠤ᠂ ᠪᠠᠯᠭᠠᠰᠤ ᠬᠤᠶᠠᠷ ᠱᠠᠲᠤᠨ ᠤ ᠲᠥᠯᠥᠭᠡᠯᠡᠭᠴᠢᠳ ᠢ ᠵᠣᠬᠢᠶᠠᠨ ᠪᠠᠶᠢᠭᠤᠯᠵᠤ 22 ᠰᠣᠩᠭᠤᠭᠤᠯᠢ ᠶᠢᠨ ᠲᠣᠭᠤᠷᠢᠭ ᠲᠤ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠭᠤᠤᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃

     ᠤᠬᠠᠭᠤᠯᠤᠨ ᠲᠠᠶᠢᠯᠪᠤᠷᠢᠯᠠᠬᠤ ᠲᠥᠯᠥᠭᠡᠯᠡᠭᠴᠢ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ︽ᠲᠠᠪᠤᠨ

ᠦᠭᠡ︾ ᠶᠢᠨ ᠪᠣᠳᠠᠲᠤ ᠶᠠᠪᠤᠳᠠᠯ ᠪᠣᠯᠤᠨ ᠶᠣᠰᠣ ᠤᠴᠢᠷ ᠢ ᠭᠦᠨᠵᠡᠭᠡᠢ ᠤᠢᠢᠯᠠᠭᠠᠨ ᠡᠵᠡᠮᠰᠢᠵᠦ᠂ ᠶᠡᠷᠦᠩᠬᠡᠢ ᠱᠦᠵᠢ

ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠭᠦᠨ ᠵᠤᠵᠠᠭᠠᠨ ᠬᠠᠶᠢᠷ᠎ᠠ ᠬᠠᠯᠠᠮᠵᠢ ᠪᠣᠯᠤᠨ ᠬᠦᠰᠡᠯ

ᠨᠠᠶᠢᠳᠠᠯᠭ᠎ᠠ ᠶᠢ ᠭᠦᠨᠵᠡᠭᠡᠢ ᠣᠶᠢᠯᠠᠭᠠᠵᠤ᠂ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ

ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ

ᠰᠠᠨᠠᠯ︾ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠣᠨᠣᠪᠴᠢᠲᠠᠢ ᠡᠵᠡᠮᠳᠡᠵᠦ᠂ ᠴᠢᠩᠭ᠎ᠠ ᠠᠴᠢ ᠬᠠᠷᠢᠭᠤᠯᠠᠬᠤ

ᠰᠡᠳᠬᠢᠯᠭᠡ ᠪᠣᠯᠤᠨ ᠡᠷᠡᠯᠬᠡᠭᠯᠡᠨ ᠤᠷᠤᠭᠰᠢᠯᠠᠬᠤ ᠵᠣᠷᠢᠭ ᠢᠶᠠᠷ ︽ᠰᠠᠨᠠᠯ︾ ᠢ ᠲᠣᠭᠤᠰᠢᠯᠠᠭᠤᠯᠤᠨ

ᠨᠠᠶᠢᠳᠠᠪᠤᠷᠢᠵᠢᠭᠤᠯᠬᠤ ᠵᠡᠷᠭᠡ ᠲᠦᠷᠪᠡᠨ ᠲᠠᠯ᠎ᠠ ᠠᠴᠠ ᠨᠠᠷᠢᠨ ᠲᠠᠶᠢᠯᠤᠮᠵᠢ ᠬᠢᠵᠡᠢ᠃

     ᠲᠥᠯᠥᠭᠡᠯᠡᠭᠴᠢᠳ᠄ ᠦᠷᠭᠦᠯᠵᠢᠯᠡᠨ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠵᠤ᠂ ᠲᠤᠰᠬᠠᠢ ᠮᠡᠷᠭᠡᠵᠢᠯ ᠤᠨ

ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠥᠪᠡᠷᠮᠢᠴᠡ ᠳᠠᠪᠠᠭᠤᠯᠢᠭ ᠢᠶᠠᠨ ᠪᠠᠳᠠᠷᠠᠭᠤᠯᠵᠤ᠂

ᠲᠥᠯᠥᠭᠡᠯᠡᠭᠴᠢᠳ ᠤᠨ ᠳᠤᠭᠤᠶᠢᠯᠠᠩ ᠤᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠶᠡᠷᠦᠩᠬᠡᠢ ᠱᠦᠵᠢ ᠰᠢ ᠶᠢᠨ

ᠫᠢᠩ ᠪᠣᠯᠤᠨ ᠨᠠᠮ ᠤᠨ ᠲᠥᠪ ᠬᠤᠷᠢᠶᠠᠨ ᠤ ᠠᠴᠢ ᠳᠤ ᠲᠠᠯᠠᠷᠬᠠᠬᠤ ᠰᠡᠳᠬᠢᠯᠭᠡ ᠪᠠᠨ ᠦᠨᠡᠨᠬᠦ ᠬᠦᠰᠡᠯ

ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠡᠨᠡᠷᠢᠯ ᠳᠤ ᠲᠠᠯᠠᠷᠬᠠᠨ ᠡᠷᠡᠯᠬᠡᠭᠯᠡᠨ ᠤᠷᠤᠭᠰᠢᠯᠠᠬᠤ ᠠᠮᠢᠳᠤᠯᠢᠭ

ᠦᠢᠯᠡᠳᠦᠯᠭᠡ ᠪᠣᠯᠭᠠᠨ ᠬᠤᠪᠢᠷᠠᠭᠤᠯᠵᠤ᠂ ᠶᠠᠰᠤ ᠴᠢᠨᠠᠷ ᠢᠶᠠᠷ ᠥᠨᠳᠥᠷ᠂ ᠪᠣᠯᠤᠮᠵᠢᠲᠤ ᠴᠢᠨᠠᠷ ᠢᠶᠠᠷ ᠴᠢᠩᠭ᠎ᠠ

ᠰᠠᠨᠠᠭᠤᠯᠭ᠎ᠠ ᠪᠣᠯᠤᠨ ᠰᠠᠨᠠᠯ ᠳᠤᠷᠠᠳᠴᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠵᠡᠭᠡᠷᠡᠲᠦ ᠬᠤᠲᠠ

ᠪᠠᠯᠭᠠᠰᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠠᠷᠠᠳ ᠤᠨ

ᠲᠥᠯᠥᠭᠡᠯᠡᠭᠴᠢᠳ ᠤᠨ ᠶᠡᠭᠡ ᠬᠤᠷᠠᠯ ᠤᠨ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃

        ᠵᠣᠬᠢᠶ᠋ᠬᠠᠴᠢ᠄  ᠵᠡᠭᠡᠷᠡᠲᠦ ᠬᠤᠲᠠ ᠪᠠᠯᠭᠠᠰᠤᠨ ᠤ ᠠᠷᠠᠳ ᠤᠨ  ᠵᠠᠰᠠᠭ ᠤᠨ ᠣᠷᠳᠣᠨ

        ᠣᠷᠴᠢᠭᠤᠯᠣᠨᠨᠴᠢ᠄  ᠭᠧ ᠲᠣᠸᠠᠨ ᠯᠢᠶᠡᠨ

     

 
ᠢᠷᠡᠯᠲᠡ᠄ ᠵᠡᠭᠡᠷᠡᠲᠦ ᠬᠤᠲᠠ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号