ᠡᠯ᠎ᠡ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠦᠢᠳᠡᠨᠰᠢᠯᠢ ᠬᠦᠷᠢᠶᠡᠯᠡᠩ | ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠰᠢᠭᠤᠨ ᠤ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ | ᠮᠥᠴᠢᠷ᠄ | ᠪᠥᠬᠦ ᠬᠤᠰᠢᠭᠤᠨ ᠤ ᠮᠠᠯᠴᠢᠨ ᠲᠠᠷᠢᠶᠠᠴᠢᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ ᠨᠡᠭᠦᠷᠡᠰᠦᠨ ᠤ | ᠪᠠᠲᠤᠯᠠᠭ᠎ᠠ ᠶᠢᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠶᠢᠨ ᠲᠥᠯᠥᠭᠡ᠂ ᠡᠳᠦᠭᠡ ︽ᠴᠠᠬᠠᠷ ᠪᠠᠷᠠᠭᠤᠨ | ᠭᠠᠷᠤᠨ ᠳᠤᠮᠳᠠᠳᠤ ᠬᠤᠰᠢᠭᠤᠨ ᠤ 2024 ᠣᠨ ᠤ ᠮᠠᠯᠴᠢᠨ ᠲᠠᠷᠢᠶᠠᠴᠢᠨ ᠤ ᠡᠪᠦᠯ ᠤᠨ ᠤᠯᠠᠷᠢᠯ ᠤᠨ | ᠳᠤᠯᠠᠭᠠᠯᠠᠭ᠎ᠠ ᠶᠢᠨ ᠨᠡᠭᠦᠷᠡᠰᠦᠨ ᠤ ᠪᠠᠲᠤᠯᠠᠭ᠎ᠠ ᠶᠢᠨ ᠠᠵᠢᠯ ᠤᠨ ᠬᠡᠷᠡᠭᠵᠢᠭᠦᠯᠬᠦ ᠲᠥᠰᠦᠯ︾ ᠢ ᠲᠠᠨᠠᠷ ᠲᠤ ᠳᠠᠷᠤᠮᠠᠯᠯᠠᠨ | ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ ᠬᠢᠨᠠᠮᠠᠭᠠᠶ ᠲᠣᠭᠤᠰᠢᠯᠠᠭᠤᠯᠤᠨ ᠬᠡᠷᠡᠭᠵᠢᠭᠦᠯᠲᠦᠭᠡᠶ᠃ | ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ | ᠠᠯᠪᠠᠨ ᠬᠡᠷ | 2024 ᠣᠨ ᠤ 8 ᠰᠠᠷ᠎ᠠ ᠶᠢᠨ 30 ᠤ ᠡᠳᠦᠷ | ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ 2024 ᠣᠨ ᠤ ᠮᠠᠯᠴᠢᠨ ᠲᠠᠷᠢᠶᠠᠴᠢᠨ ᠤ ᠡᠪᠦᠯ ᠤᠨ | ᠤᠯᠠᠷᠢᠯ ᠤᠨ ᠳᠤᠯᠠᠭᠠᠯᠠᠭ᠎ᠠ ᠶᠢᠨ ᠨᠡᠭᠦᠷᠡᠰᠦᠨ ᠤ ᠪᠠᠲᠤᠯᠠᠭ᠎ᠠ ᠶᠢᠨ ᠠᠵᠢᠯ ᠤᠨ ᠬᠡᠷᠡᠭᠵᠢᠭᠦᠯᠬᠦ ᠲᠥᠰᠦᠯ ᠢ ᠥᠪᠡᠷᠲᠡᠭᠡᠨ | ᠵᠠᠰᠠᠬᠤ ᠣᠷᠣᠨ᠂ ᠤᠯᠠᠭᠠᠨᠴᠠᠪ ᠬᠤᠲᠠ ᠶᠢᠨ ᠮᠠᠯᠴᠢᠨ ᠲᠠᠷᠢᠶᠠᠴᠢᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ | ᠨᠡᠭᠦᠷᠡᠰᠦᠨ ᠤ ᠪᠠᠲᠤᠯᠠᠭ᠎ᠠ ᠶᠢᠨ ᠠᠵᠢᠯ ᠤᠨ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ᠂ ᠪᠥᠬᠦ ᠬᠤᠰᠢᠭᠤᠨ ᠤ | ᠥᠷᠭᠡᠨ ᠣᠯᠠᠨ ᠮᠠᠯᠴᠢᠨ ᠲᠠᠷᠢᠶᠠᠴᠢᠨ ᠤ ᠳᠤᠯᠠᠭᠠᠨ ᠡᠪᠦᠯᠵᠢᠬᠦ ᠶᠢ ᠪᠠᠲᠤᠯᠠᠬᠤ ᠶᠢᠨ ᠲᠥᠯᠥᠭᠡ᠂ ᠮᠠᠨ ᠤ | ᠬᠤᠰᠢᠭᠤᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃ | ᠨᠢᠭᠡ᠂ ᠠᠵᠢᠯ ᠤᠨ ᠬᠠᠷᠠᠯᠲᠠ | ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠮᠠᠯᠴᠢᠨ | ᠲᠠᠷᠢᠶᠠᠴᠢᠨ ᠤ ᠡᠪᠦᠯ ᠤᠨ ᠤᠯᠠᠷᠢᠯ ᠤᠨ ᠨᠡᠭᠦᠷᠡᠰᠦ ᠬᠡᠷᠡᠭᠯᠡᠬᠦ ᠶᠢ ᠬᠤᠳᠠᠯᠳᠤᠨ ᠠᠪᠬᠤ᠂ ᠲᠡᠭᠡᠭᠡᠪᠦᠷᠢᠯᠡᠬᠦ᠂ | ᠲᠠᠷᠬᠠᠭᠠᠬᠤ ᠵᠡᠷᠭᠡ ᠡᠯ᠎ᠡ ᠭᠤᠭᠴᠤᠭ᠎ᠠ ᠶᠢ ᠬᠦᠴᠦᠯᠡᠨ ᠰᠠᠶᠢᠲᠤᠷ ᠬᠢᠵᠦ᠂ ︽ᠵᠠᠰᠠᠭ ᠤᠨ ᠣᠷᠳᠣᠨ ᠨᠢᠭᠡᠳᠦᠯᠲᠡᠶ | ᠲᠥᠯᠥᠪᠯᠡᠬᠦ᠂ ᠰᠠᠯᠠᠭ᠎ᠠ ᠮᠥᠴᠢᠷ ᠬᠤᠯᠪᠣᠭᠠᠯᠠᠨ ᠬᠥᠳᠡᠯᠦᠯᠴᠡᠬᠦ᠂ ᠣᠯᠠᠨ ᠲᠦᠮᠡᠨ ᠰᠠᠶᠢᠨ ᠳᠤᠷ᠎ᠠ ᠠᠴᠠ ᠪᠠᠨ | ᠪᠠᠶᠢᠬᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠪᠠᠲᠤᠯᠠᠬᠤ︾ ᠠᠵᠢᠯ ᠤᠨ ᠵᠠᠷᠴᠢᠮ ᠶᠣᠰᠣᠭᠠᠷ᠂ | ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦᠨ ᠤ ᠪᠠᠲᠤᠯᠠᠭ᠎ᠠ ᠶᠢᠨ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠵᠤ᠂ ᠮᠠᠯᠴᠢᠨ | ᠲᠠᠷᠢᠶᠠᠴᠢᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠨᠡᠭᠦᠷᠡᠰᠦ ᠰᠢᠲᠠᠭᠠᠬᠤ᠂ ᠬᠤᠳᠠᠯᠳᠤᠨ ᠠᠪᠴᠤ | ᠳᠡᠶᠢᠯᠬᠦ ᠶᠢ ᠦᠨᠡᠨᠬᠦ ᠪᠠᠲᠤᠯᠠᠵᠤ᠂ ᠮᠠᠯᠴᠢᠨ ᠲᠠᠷᠢᠶᠠᠴᠢᠨ ᠢ ᠳᠤᠯᠠᠭᠠᠨ ᠪᠦᠯᠢᠶᠡᠨ ᠡᠪᠦᠯ ᠢ ᠥᠩᠭᠡᠷᠡᠭᠦᠯᠬᠦ ᠬᠡᠷᠡᠭᠲᠡᠶ᠃ | | ᠬᠤᠶᠠᠷ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠨᠢ ᠮᠠᠯᠴᠢᠨ ᠲᠠᠷᠢᠶᠠᠴᠢᠨ ᠤ ᠡᠪᠦᠯ ᠤᠨ ᠤᠯᠠᠷᠢᠯ ᠤᠨ | ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦᠨ ᠤ ᠪᠠᠲᠤᠯᠠᠭ᠎ᠠ ᠶᠢᠨ ᠠᠵᠢᠯ ᠤᠨ ᠤᠷᠤᠭᠰᠢᠲᠠᠶ ᠶᠠᠪᠤᠭᠳᠠᠬᠤ ᠶᠢ | ᠪᠠᠲᠤᠯᠠᠬᠤ ᠶᠢᠨ ᠲᠥᠯᠥᠭᠡ᠂ ᠠᠵᠢᠯ ᠤᠨ ᠬᠡᠷᠡᠭᠴᠡᠭᠡ ᠪᠠ ᠠᠵᠢᠯᠲᠠᠨ ᠤ ᠬᠤᠪᠢᠷᠠᠯᠲᠠ ᠠᠴᠠ ᠪᠣᠯᠵᠣ᠂ ᠴᠠᠬᠠᠷ | ᠪᠠᠷᠠᠭᠤᠨ ᠭᠠᠷᠤᠨ ᠳᠤᠮᠳᠠᠳᠤ ᠬᠤᠰᠢᠭᠤᠨ ᠤ ᠮᠠᠯᠴᠢᠨ ᠲᠠᠷᠢᠶᠠᠴᠢᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ | ᠬᠡᠷᠡᠭᠯᠡᠬᠦ ᠨᠡᠭᠦᠷᠡᠰᠦᠨ ᠤ ᠪᠠᠲᠤᠯᠠᠭ᠎ᠠ ᠶᠢᠨ ᠠᠵᠢᠯ ᠤᠨ ᠤᠳᠤᠷᠢᠳᠬᠤ ᠳᠤᠭᠤᠶᠢᠯᠠᠩ ᠳᠤ ᠲᠣᠬᠢᠷᠠᠭᠤᠯᠤᠯᠲᠠ ᠬᠢᠭᠰᠡᠨ ᠤ | ᠳᠠᠷᠠᠭᠠᠬᠢ ᠭᠡᠰᠢᠬᠦᠨ ᠳᠣᠤᠷᠠᠬᠢ ᠮᠡᠲᠦ᠄ | ᠳᠤᠭᠤᠶᠢᠯᠠᠩ ᠤᠨ ᠳᠠᠷᠤᠭ᠎ᠠ᠄ ᠶᠠᠩ ᠯᠢ ᠮᠧᠶ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ | ᠵᠠᠰᠠᠭ ᠤᠨ ᠣᠷᠳᠣᠨ ᠤ ᠬᠤᠰᠢᠭᠤ ᠳᠠᠷᠤᠭ᠎ᠠ | ᠳᠤᠭᠤᠶᠢᠯᠠᠩ ᠤᠨ ᠳᠡᠳ᠋ ᠳᠠᠷᠤᠭ᠎ᠠ᠄ ᠯᠢ ᠪᠢᠨ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ | ᠭᠡᠰᠢᠬᠦᠨ᠄ ᠹᠠᠨ ᠰᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ | ᠬᠡᠷ ᠤᠨ ᠡᠷᠬᠢᠯᠡᠭᠴᠢ | ᠼᠠᠢ ᠭᠤᠤ ᠹᠧᠩ ᠬᠤᠰᠢᠭᠤ ᠨᠠᠮ ᠤᠨ ᠬᠤᠷᠢᠶ᠎ᠠ ᠶᠢᠨ ᠠᠯᠪᠠᠨ | ᠬᠡᠷ ᠤᠨ ᠪᠠᠶᠢᠩᠭᠤ ᠶᠢᠨ ᠳᠡᠳ᠋ ᠡᠷᠬᠢᠯᠡᠭᠴᠢ | ᠵᠠᠩ ᠶᠦᠩ ᠴᠦᠨ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ | ᠬᠤᠷᠢᠶᠠᠨ ᠤ ᠳᠡᠳ᠋ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠳᠡᠳ᠋ ᠡᠷᠬᠢᠯᠡᠭᠴᠢ | ᠵᠢᠶᠠ ᠶᠦᠩ ᠴᠢᠶᠠᠩ ᠬᠤᠰᠢᠭᠤᠨ ᠤ ᠵᠠᠰᠠᠭ ᠤᠨ ᠣᠷᠳᠣᠨ ᠤ ᠠᠯᠪᠠᠨ | ᠭᠡᠷ ᠤᠨ ᠳᠡᠳ᠋ ᠡᠷᠬᠢᠯᠡᠭᠴᠢ | ᠬᠤ᠋ ᠪᠢᠨ ᠬᠤᠰᠢᠭᠤᠨ ᠤ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ | ᠴᠢᠶᠣᠤ ᠵᠢᠶᠠᠨ ᠵᠢᠶᠦ᠋ᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶᠠᠨ ᠤ ᠲᠣᠪᠴᠢᠶᠠᠨ ᠳᠠᠷᠤᠭ᠎ᠠ | ᠬᠤᠤ ᠵᠧᠨ ᠵᠥᠩ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠲᠣᠪᠴᠢᠶᠠᠨ ᠤ ᠲᠤᠪᠴᠢᠶᠠᠨ ᠳᠠᠷᠤᠭ᠎ᠠ | ᠯᠢ ᠵᠢᠶᠦ᠋ᠨ ᠯᠠᠢ ᠬᠤᠰᠢᠭᠤᠨ ᠤ ᠠᠷᠠᠳ ᠤᠨ ᠶᠠᠪᠤᠳᠠᠯ ᠤᠨ | ᠲᠣᠪᠴᠢᠶᠠᠨ ᠳᠠᠷᠤᠭ᠎ᠠ | ᠵᠠᠩ ᠴᠤᠤ ᠬᠤᠢ ᠬᠤᠰᠢᠭᠤᠨ ᠤ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶᠠᠨ ᠤ ᠲᠣᠪᠴᠢᠶᠠᠨ ᠳᠠᠷᠤᠭ᠎ᠠ | ᠸᠠᠩ ᠵᠢᠶᠦ᠋ᠨ ᠬᠤᠰᠢᠭᠤᠨ ᠤ ᠵᠠᠮ ᠬᠠᠷᠢᠯᠴᠠᠭᠠᠨ ᠤ | ᠲᠣᠪᠴᠢᠶᠠᠨ ᠤ ᠲᠣᠪᠴᠢᠶᠡᠨ ᠳᠠᠷᠤᠭ᠎ᠠ | ᠬᠥᠩ ᠰᠢᠶᠤᠤ ᠹᠸᠢ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ | ᠲᠣᠪᠴᠢᠶᠠᠨ ᠤ ᠲᠣᠪᠴᠢᠶᠡᠨ ᠳᠠᠷᠤᠭ᠎ᠠ | ᠵᠠᠩ ᠶᠦᠩ ᠯᠢᠨ ᠬᠥᠬᠡᠪᠦᠷ ᠪᠠᠯᠭᠠᠰᠤᠨ ᠤ ᠪᠠᠯᠭᠠᠰᠤᠨ ᠳᠠᠷᠤᠭ᠎ᠠ | ᠯᠢᠦ ᠱᠦ ᠹᠧᠩ ᠲᠡᠰᠭᠢ ᠪᠠᠯᠭᠠᠰᠤᠨ ᠤ ᠪᠠᠯᠭᠠᠰᠤᠨ ᠳᠠᠷᠤᠭ᠎ᠠ | ᠭᠦᠸᠧ ᠭᠠᠩ ᠭᠤᠸᠠᠩ ᠢ ᠯᠦᠩ ᠪᠠᠯᠭᠠᠰᠤᠨ ᠤ ᠪᠠᠯᠭᠠᠰᠤᠨ ᠳᠠᠷᠤᠭ᠎ᠠ | ᠾᠧ ᠯᠢᠶᠠᠨ ᠡᠾᠸᠦ ᠵᠡᠭᠡᠷᠡᠲᠦ ᠬᠤᠳᠡ ᠪᠠᠯᠭᠠᠰᠤᠨ ᠤ ᠨᠠᠮ ᠤᠨ ᠬᠤᠷᠢᠶᠠᠨ ᠤ | ᠱᠦᠵᠢ | ᠵᠠᠩ ᠵᠢᠶᠠᠨ ᠵᠢᠶᠦ᠋ᠨ ᠤᠰᠤᠲᠤ ᠪᠠᠯᠭᠠᠰᠤᠨ ᠤ ᠪᠠᠯᠭᠠᠰᠤᠨ ᠳᠠᠷᠤᠭ᠎ᠠ | ᠭᠦᠸᠧ ᠴᠤᠤ ᠾᠦᠢ ᠬᠤᠩ ᠫᠠᠨ ᠰᠢᠶᠠᠩ ᠤᠨ ᠰᠢᠶᠠᠩ ᠤᠨ ᠳᠠᠷᠤᠭ᠎ᠠ | ᠶᠢᠨ ᠰᠢᠨ ᠪᠠᠶᠠᠨ ᠰᠢᠶᠠᠩ ᠤᠨ ᠰᠢᠶᠠᠩ ᠤᠨ ᠳᠠᠷᠤᠭ᠎ᠠ | ᠵᠤᠤ ᠬᠤᠩ ᠳ᠋ᠠ ᠲᠠᠨ ᠰᠢᠶᠠᠩ ᠤᠨ ᠰᠢᠶᠠᠩ ᠤᠨ ᠳᠠᠷᠤᠭ᠎ᠠ | ᠭᠦᠸᠧ ᡁᠢ ᠵᠦᠩ ᠲᠤ ᠴᠧᠩ ᠽᠢ ᠰᠢᠶᠠᠩ ᠤᠨ ᠰᠢᠶᠠᠩ ᠤᠨ ᠳᠠᠷᠤᠭ᠎ᠠ | ᠮᠡᠷᠭᠡᠨ ᠣᠯᠠᠬᠠᠨᠬᠠᠶᠠᠭᠠ ᠰᠣᠮᠣ ᠶᠢᠨ ᠰᠤᠮᠤᠨ ᠳᠠᠷᠤᠭ᠎ᠠ | ᠬᠤ᠋ ᡁᠢ ᠶᠦᠩ ᠬᠦᠷᠢᠶ᠎ᠡ ᠰᠤᠮᠤ ᠶᠢᠨ ᠰᠤᠮᠤᠨ ᠳᠠᠷᠤᠭ᠎ᠠ | ᠦ᠋ ᠸᠧᠨ ᡁᠢ ᠬᠦᠢᠳᠡᠨᠰᠢᠯᠢ ᠬᠦᠷᠢᠶᠡᠯᠡᠩ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ | ᠰᠣ᠋ ᠺᠧ ᠬᠤᠰᠢᠭᠤᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ | ᠶᠡᠭᠡ ᠠᠩᠭᠢ ᠶᠢᠨ ᠬᠠᠷᠢᠭᠤᠴᠠᠯᠭᠠᠲᠠᠨ | ᠯᠢ ᠸᠧᠨ ᠬᠤᠸᠠ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ ᠤᠨ ᠳᠡᠳ᠋ ᠡᠷᠬᠢᠯᠡᠭᠴᠢ | ᠼᠤᠤ ᠶᠠᠨ ᠵᠢᠶᠧ ᠬᠤᠰᠢᠭᠤᠨ ᠤ ᠶᠠᠳᠠᠭᠤ ᠶᠢ ᠲᠡᠳᠬᠦᠵᠦ ᠨᠡᠭᠡᠭᠡᠨ | ᠬᠦᠭᠵᠢᠬᠦᠯᠬᠦ ᠪᠡᠯᠡ ᠣᠷᠣᠭᠤᠯᠤᠯᠲᠠ ᠶᠢᠨ ᠺᠣᠮᠫᠠᠨᠢ ᠶᠢᠨ ᠶᠡᠷᠦᠩᠬᠡᠶ ᠳᠠᠭᠠᠭᠠᠮᠠᠯ | ᠤᠳᠤᠷᠢᠳᠬᠤ ᠳᠤᠭᠤᠶᠢᠯᠠᠩ ᠤᠨ ᠳᠣᠣᠷ᠎ᠠ ᠠᠯᠪᠠᠨ ᠭᠡᠷ ᠭᠠᠷᠭᠠᠵᠤ᠂ ᠠᠯᠪᠠᠨ ᠭᠡᠷ ᠢ ᠬᠤᠰᠢᠭᠤᠨ ᠤ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠳᠤ ᠭᠠᠷᠭᠠᠵᠤ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ | ᠬᠤ᠋ ᠪᠢᠨ ᠨᠥᠬᠦᠷ ᠬᠠᠪᠰᠤᠷᠭᠠᠨ ᠡᠭᠦᠷᠭᠡᠯᠡᠨ᠎ᠡ᠃ ᠡᠭᠦᠨ ᠤ ᠬᠠᠮᠲᠤ 5 ᠠᠵᠢᠯᠯᠠᠬᠤ ᠳᠤᠭᠤᠶᠢᠯᠠᠩ ᠪᠠᠶᠢᠭᠤᠯᠵᠤ᠂ | ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠭᠡᠵᠦ᠂ ᠪᠥᠬᠦ ᠬᠤᠰᠢᠭᠤᠨ ᠤ ᠮᠠᠯᠴᠢᠨ ᠲᠠᠷᠢᠶᠠᠴᠢᠨ ᠤ ᠡᠪᠦᠯ ᠤᠨ | ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦᠨ ᠤ ᠬᠠᠮᠢᠶ᠎ᠠ ᠪᠥᠬᠦᠶ ᠠᠵᠢᠯ ᠢ ᠦᠨᠡᠨᠬᠦ ᠪᠠᠲᠤᠯᠠᠬᠤ ᠬᠡᠷᠡᠭᠲᠡᠶ᠃ | ᠶᠡᠷᠦᠩᠬᠡᠶᠢᠯᠡᠨ ᠵᠣᠬᠢᠴᠠᠭᠤᠯᠬᠤ᠃ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ | ᠮᠠᠯᠴᠢᠨ ᠲᠠᠷᠢᠶᠠᠴᠢᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ ᠨᠡᠭᠦᠷᠡᠰᠦᠨ ᠤ ᠪᠠᠲᠤᠯᠠᠭ᠎ᠠ ᠶᠢᠨ ᠠᠵᠢᠯ ᠢ | ᠨᠢᠭᠡᠳᠦᠯᠲᠡᠶ ᠲᠥᠯᠥᠪᠯᠡᠨ ᠠᠬᠢᠭᠤᠯᠬᠤ ᠶᠢ ᠬᠠᠷᠢᠭᠤᠴᠠᠵᠤ᠂ ᠳᠡᠭᠡᠳᠦ ᠱᠠᠲᠤᠨ ᠤ ᠰᠠᠯᠠᠭ᠎ᠠ ᠮᠥᠴᠢᠷ ᠲᠠᠢ | ᠢᠳᠡᠪᠬᠢᠲᠡᠶ ᠪᠠᠷ ᠵᠣᠯᠭᠠᠭᠤᠯᠤᠨ ᠨᠡᠪᠲᠡᠷᠡᠯᠴᠡᠵᠦ᠂ ᠨᠢᠭᠡᠳᠦᠯᠲᠡᠶ ᠲᠥᠯᠥᠪᠯᠡᠨ ᠳᠣᠭᠢᠷᠠᠭᠤᠯᠵᠤ᠂ ᠠᠵᠢᠯ ᠤᠨ ᠳᠤᠮᠳᠠᠬᠢ | ᠬᠦᠴᠢᠷᠳᠡᠯ ᠪᠠ ᠠᠰᠠᠭᠤᠳᠠᠯ ᠢ ᠴᠠᠭ ᠲᠤᠬᠠᠶ ᠳᠤᠨᠢ ᠵᠣᠬᠢᠴᠠᠭᠤᠯᠤᠨ ᠰᠢᠢᠳᠪᠦᠷᠢᠯᠡᠨ᠎ᠡ᠃ | ᠬᠤᠳᠠᠯᠳᠤᠨ ᠠᠪᠴᠤ ᠲᠡᠭᠡᠭᠡᠪᠦᠷᠢᠯᠡᠬᠦ᠃ ᠬᠤᠰᠢᠭᠤᠨ ᠤ ᠶᠠᠳᠠᠭᠤ ᠶᠢ ᠲᠡᠳᠬᠦᠵᠦ ᠨᠡᠭᠡᠭᠡᠨ ᠬᠦᠭᠵᠢᠬᠦᠯᠬᠦ ᠪᠡᠯᠡ | ᠣᠷᠣᠭᠤᠯᠤᠯᠲᠠ ᠶᠢᠨ ᠺᠣᠮᠫᠠᠨᠢ ᠠᠴᠠ ᠨᠡᠭᠦᠷᠡᠰᠦ ᠬᠠᠩᠭᠠᠬᠤ ᠠᠵᠤ ᠠᠬᠤᠶᠢᠯᠠᠯ ᠢ ᠵᠣᠯᠭᠠᠭᠤᠯᠵᠤ᠂ ᠬᠤᠳᠠᠯᠳᠤᠨ ᠠᠪᠬᠤ | ᠨᠢᠭᠡᠴᠡ ᠶᠢᠨ ᠦᠨ᠎ᠡ ᠶᠢ ᠵᠥᠪᠯᠡᠨ ᠲᠣᠭᠲᠠᠭᠠᠵᠤ᠂ ᠳᠠᠭᠠᠭᠠᠴᠢᠯᠠᠯᠲᠠ ᠵᠠᠷᠯᠠᠵᠤ ᠲᠡᠭᠡᠭᠡᠪᠦᠷᠢ ᠶᠢ ᠲᠡᠳᠬᠦᠬᠦ ᠠᠵᠤ | ᠠᠬᠤᠶᠢᠯᠠᠯ ᠢ ᠵᠣᠬᠢᠶᠠᠨ ᠪᠠᠶᠢᠭᠤᠯᠵᠤ᠂ ᠬᠤᠳᠠᠯᠳᠤᠨ ᠠᠪᠬᠤ᠂ ᠲᠡᠭᠡᠭᠡᠪᠦᠷᠢᠯᠡᠬᠦ ᠪᠠ ᠲᠣᠬᠢᠷᠠᠭᠤᠯᠤᠨ ᠬᠦᠷᠭᠡᠬᠦ | ᠵᠡᠷᠭᠡ ᠶᠢ ᠵᠣᠬᠢᠶᠠᠨ ᠪᠠᠶᠢᠭᠤᠯᠤᠨ᠎ᠠ᠃ ᠬᠤᠰᠢᠭᠤᠨ ᠤ ᠵᠠᠮ ᠬᠠᠷᠢᠯᠴᠠᠭᠠᠨ ᠤ ᠲᠣᠪᠴᠢᠶ᠎ᠠ᠂ ᠬᠤᠲᠠ ᠶᠢᠨ | ᠬᠠᠮᠢᠶᠠᠷᠤᠯᠲᠠ ᠶᠢᠨ ᠲᠣᠪᠴᠢᠶ᠎ᠠ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠨᠡᠭᠦᠷᠡᠰᠦ ᠲᠡᠭᠡᠭᠡᠪᠦᠷᠢᠯᠡᠬᠦ | ᠲᠡᠷᠭᠡ ᠬᠥᠰᠬᠡ ᠶᠢᠨ ᠵᠠᠮ ᠬᠠᠷᠢᠯᠴᠠᠭ᠎ᠠ ᠶᠢ ᠬᠠᠮᠢᠶᠠᠷᠤᠨ ᠡᠵᠡᠮᠳᠡᠬᠦ ᠶᠢ ᠬᠠᠷᠢᠭᠤᠴᠠᠵᠤ᠂ ᠨᠡᠭᠦᠷᠡᠰᠦ ᠲᠡᠭᠡᠭᠡᠪᠦᠷᠢᠯᠡᠬᠦ | ᠲᠡᠷᠭᠡ ᠬᠥᠰᠬᠡ ᠳᠤ ᠰᠠᠭᠠᠳ ᠥᠬᠡᠶ ᠨᠡᠪᠲᠡᠷᠡᠬᠦ ᠵᠠᠮ ᠨᠡᠭᠡᠭᠡᠵᠦ ᠥᠭᠭᠦᠨ᠎ᠡ᠃ | ᠪᠡᠯᠡ ᠮᠥᠩᠭᠦᠨ ᠤ ᠬᠠᠮᠢᠶᠠᠷᠤᠯᠲᠠ᠃ ᠬᠤᠰᠢᠭᠤᠨ ᠤᠶᠠᠳᠠᠭᠤ ᠶᠢ ᠲᠡᠳᠬᠦᠵᠦ ᠨᠡᠭᠡᠭᠡᠨ ᠬᠦᠭᠵᠢᠬᠦᠯᠬᠦ ᠪᠡᠯᠡ | ᠣᠷᠣᠭᠤᠯᠤᠯᠲᠠ ᠶᠢᠨ ᠺᠣᠮᠫᠠᠨᠢ ᠨᠡᠭᠦᠷᠡᠰᠦᠨ ᠤ ᠵᠣᠭᠤᠰ ᠢ ᠬᠠᠮᠢᠶᠠᠷᠬᠤ᠂ ᠲᠡᠭᠡᠭᠡᠪᠦᠷᠢ ᠶᠢ ᠲᠡᠭᠡᠭᠡᠬᠦ ᠵᠠᠷᠤᠳᠠᠯ ᠤᠨ | ᠲᠣᠭᠠᠴᠠᠭ᠎ᠠ ᠬᠢᠬᠦ ᠵᠢᠴᠢ ᠠᠯᠳᠠᠭᠳᠠᠯ ᠢ ᠬᠢᠨᠠᠨ ᠲᠣᠭᠲᠠᠭᠠᠬᠤ ᠵᠡᠷᠭᠡ ᠬᠠᠮᠢᠶ᠎ᠠ ᠪᠦᠬᠦᠢ ᠤᠴᠢᠷ ᠶᠠᠪᠤᠳᠠᠯ ᠢ | ᠬᠠᠷᠢᠭᠤᠴᠠᠨ᠎ᠠ᠃ ᠡᠯ᠎ᠡ ᠰᠤᠮᠤ ᠰᠢᠶᠠᠩ ᠪᠠᠯᠭᠠᠰᠤ ︵ᠬᠦᠷᠢᠶᠡᠯᠡᠩ ᠲᠣᠭᠤᠷᠢᠭ︶ ᠨᠢ ᠨᠡᠭᠦᠷᠡᠰᠦ ᠬᠠᠩᠭᠠᠬᠤ | ᠰᠦᠢᠳᠬᠡᠯ ᠬᠤᠷᠢᠶᠠᠬᠤ ᠶᠢ ᠬᠠᠷᠢᠭᠤᠴᠠᠵᠤ᠂ ᠬᠤᠰᠢᠭᠤᠨ ᠤ ᠶᠠᠳᠠᠭᠤ ᠶᠢ ᠲᠡᠳᠬᠦᠬᠦ ᠪᠡᠯᠡ ᠣᠷᠣᠭᠤᠯᠤᠯᠲᠠ ᠶᠢᠨ | ᠺᠣᠮᠫᠠᠨᠢ ᠳᠤ ᠨᠢᠭᠡᠳᠦᠯᠲᠡᠶ ᠲᠤᠰᠢᠶᠠᠨ᠎ᠠ᠃ | ᠳᠠᠷᠬᠠᠭᠠᠬᠤ ᠪᠠᠲᠤᠯᠠᠭ᠎ᠠ ᠲᠠᠢ᠃ ᠡᠯ᠎ᠡ ᠰᠤᠮᠤ ᠰᠢᠶᠠᠩ ᠪᠠᠯᠭᠠᠰᠤ ︵ᠬᠦᠷᠢᠶᠡᠯᠡᠩ ᠲᠣᠭᠤᠷᠢᠭ︶ ᠠᠴᠠ | ᠡᠷᠦᠬᠡ ᠳᠤ ᠣᠷᠣᠵᠤ ᠪᠣᠳᠠᠲᠠᠶ ᠬᠡᠷᠡᠭᠯᠡᠬᠦ ᠨᠡᠭᠦᠷᠡᠰᠦᠨ ᠤ ᠬᠡᠷᠡᠭᠴᠡᠭᠡᠨ ᠤ ᠬᠡᠮᠵᠢᠶ᠎ᠡ ᠶᠢ ᠪᠦᠷᠢᠳᠬᠡᠬᠦ ᠶᠢ ᠬᠠᠷᠢᠭᠤᠴᠠᠵᠤ᠂ | ᠲᠠᠷᠬᠠᠭᠠᠬᠤ ᠲᠣᠤᠷ ᠴᠡᠭ ᠢ ᠵᠦᠶ ᠵᠣᠬᠢᠰᠲᠠᠶ ᠪᠠᠶᠢᠷᠢᠯᠠᠭᠤᠯᠵᠤ᠂ ᠮᠠᠯᠴᠢᠨ ᠲᠠᠷᠢᠶᠠᠴᠢᠨ ᠤ ᠡᠷᠦᠬᠡ ᠪᠦᠷᠢ ᠶᠢᠨ | ᠬᠡᠷᠡᠭᠴᠡᠭᠡ ᠱᠠᠭᠠᠷᠳᠠᠯᠭ᠎ᠠ ᠶᠢᠨ ᠶᠣᠰᠣᠭᠠᠷ ᠬᠠᠩᠭᠠᠯᠭ᠎ᠠ ᠶᠢ ᠡᠷᠦᠬᠡ ᠳᠤ ᠬᠦᠷᠭᠡᠬᠦ ᠶᠢ ᠪᠠᠲᠤᠯᠠᠬᠤ ᠬᠡᠷᠡᠭᠲᠡᠶ᠃ ᠡᠯ᠎ᠡ | ᠬᠠᠮᠢᠶ᠎ᠠ ᠪᠥᠬᠦᠶ ᠨᠢᠭᠡᠴᠡ ᠨᠦᠭᠦᠳ ᠲᠣᠰ ᠲᠣᠰ ᠤᠨ ᠡᠭᠦᠷᠭᠡ ᠴᠢᠳᠠᠪᠤᠷᠢ ᠶᠢᠨ ᠬᠡᠪᠴᠢᠶᠡᠨ ᠳᠣᠲᠣᠷ᠎ᠠ ᠪᠠᠨ | ᠪᠠᠲᠤᠯᠠᠭ᠎ᠠ ᠶᠢᠨ ᠠᠵᠢᠯ ᠢ ᠬᠠᠮᠵᠢᠯᠴᠠᠨ ᠰᠠᠶᠢᠲᠤᠷ ᠬᠢᠬᠦ ᠬᠡᠷᠡᠭᠲᠡᠶ᠃ | ᠲᠤᠰᠬᠠᠢ ᠬᠢᠨᠠᠨ ᠪᠠᠶᠢᠴᠠᠭᠠᠬᠤ᠃ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ | ᠪᠠᠶᠢᠴᠠᠭᠠᠬᠤ ᠵᠥᠪᠯᠡᠯ ᠠᠴᠠ ᠬᠠᠮᠢᠶ᠎ᠠ ᠪᠥᠬᠦᠶ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠡᠯ᠎ᠡ ᠵᠦᠢᠯ ᠤᠨ ᠠᠵᠢᠯ ᠢ | ᠠᠬᠢᠭᠤᠯᠤᠭᠰᠠᠨ ᠪᠠᠶᠢᠳᠠᠯ ᠳᠤ ᠪᠥᠬᠦ ᠶᠠᠪᠤᠴᠠ ᠳᠤ ᠬᠢᠨᠠᠯᠲᠠ ᠲᠠᠯᠪᠢᠨ ᠱᠠᠯᠠᠪᠳᠠᠭᠤᠯᠤᠨ ᠪᠠᠶᠢᠴᠠᠭᠠᠵᠤ᠂ ᠠᠬᠢᠴᠠ ᠨᠢ | ᠤᠳᠠᠭᠠᠨ᠂ ᠬᠠᠷᠢᠯᠴᠠᠨ ᠲᠦᠯᠬᠢᠯᠴᠡᠬᠦ ᠦᠵᠡᠭᠳᠡᠯ ᠢ ᠪᠥᠬᠦ ᠬᠤᠰᠢᠭᠤᠨ ᠤ ᠬᠡᠪᠴᠢᠶᠡᠨ ᠳᠤ ᠵᠠᠷᠯᠠᠨ ᠮᠡᠳᠡᠭᠳᠡᠨ᠎ᠡ᠃ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠡᠭᠦᠷᠡᠰᠦ ᠲᠠᠷᠬᠠᠭᠠᠬᠤ ᠲᠣᠤᠷ ᠴᠡᠭ ᠤᠨ | ᠡᠵᠡᠩᠨᠡᠯᠲᠡ ᠶᠢᠨ ᠦᠨᠡᠮᠯᠡᠯ᠂ ᠬᠡᠮᠵᠢᠯᠲᠡ ᠶᠢᠨ ᠪᠠᠭᠠᠵᠢ ᠬᠡᠷᠡᠭᠰᠡᠯ ᠤᠨ ᠬᠢᠨᠠᠯᠲᠠ ᠬᠠᠮᠢᠶᠠᠷᠤᠯᠲᠠ ᠵᠡᠷᠭᠡ ᠶᠢ | ᠬᠠᠷᠢᠭᠤᠴᠠᠨ᠎ᠠ᠃ | ᠠᠵᠢᠯ ᠤᠨ ᠱᠠᠭᠠᠷᠳᠠᠯᠭ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠮᠠᠯᠴᠢᠨ ᠲᠠᠷᠢᠶᠠᠴᠢᠨ ᠤ | ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ ᠨᠡᠭᠦᠷᠡᠰᠦᠨ ᠤ ᠪᠠᠲᠤᠯᠠᠭ᠎ᠠ ᠶᠢᠨ ᠠᠵᠢᠯ ᠤᠨ ᠴᠢᠬᠤᠯᠠ ᠴᠢᠨᠠᠷ ᠢ | ᠭᠦᠢᠴᠡᠳ ᠲᠠᠨᠢᠵᠤ᠂ ᠤᠯᠤᠰ ᠲᠥᠷᠥ ᠶᠢᠨ ᠤᠬᠠᠮᠰᠠᠷ ᠢᠶᠠᠨ ᠴᠢᠩᠭᠠᠳᠬᠠᠵᠤ᠂ ᠤᠯᠤᠰ ᠲᠥᠷᠥ ᠶᠢᠨ ᠵᠣᠭᠰᠣᠴᠠ ᠪᠠᠨ | ᠳᠡᠭᠡᠭᠰᠢᠯᠡᠭᠦᠯᠬᠦ ᠬᠡᠷᠡᠭᠲᠡᠶ᠃ ᠡᠯ᠎ᠡ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠡᠮᠦᠨ᠎ᠡ ᠨᠢ ᠵᠢᠯᠣᠭᠤᠳᠴᠤ᠂ | ᠪᠡᠶ᠎ᠡ ᠪᠠᠷ ᠢᠶᠠᠨ ᠪᠠᠶᠢᠷᠢᠯᠠᠭᠤᠯᠵᠤ᠂ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠡᠯ᠎ᠡ | ᠵᠦᠢᠯ ᠤᠨ ᠡᠭᠦᠷᠭᠡ ᠶᠢᠨ ᠤᠷᠤᠭᠰᠢᠲᠠᠶ ᠪᠡᠶᠡᠯᠡᠭᠳᠡᠬᠦ ᠶᠢ ᠦᠨᠡᠨ ᠬᠦ ᠪᠠᠲᠤᠯᠠᠬᠤ ᠬᠡᠷᠡᠭᠲᠡᠶ᠃ | ︵ᠬᠤᠶᠠᠷ︶ ᠨᠡᠪᠲᠡᠷᠡᠯᠴᠡᠨ ᠬᠠᠮᠵᠢᠯᠴᠠᠬᠤ ᠪᠠᠨ ᠴᠢᠩᠭᠠᠳᠬᠠᠬᠤ ᠬᠡᠷᠡᠭᠲᠡᠶ᠃ ᠡᠯ᠎ᠡ ᠰᠣᠮᠣ ᠰᠢᠶᠠᠩ ᠪᠠᠯᠭᠠᠰᠤ | ︵ᠬᠦᠷᠢᠶᠡᠯᠡᠩ ᠲᠣᠭᠤᠷᠢᠭ︶ ᠰᠠᠯᠠᠭ᠎ᠠ ᠮᠥᠴᠢᠷ ᠯᠦᠭᠡ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ | ᠴᠢᠩᠭᠠᠳᠬᠠᠵᠤ᠂ ᠵᠦᠶ ᠵᠣᠬᠢᠰᠲᠠᠶ ᠳᠣᠭᠢᠷᠠᠭᠤᠯᠤᠨ᠂ ᠵᠠᠷᠯᠢᠭ ᠵᠢᠭᠠᠪᠤᠷᠢ ᠲᠣᠳᠣᠷᠬᠠᠶ᠂ ᠰᠢᠰᠲ᠋ᠧᠮ ᠡᠮᠬᠢ | ᠵᠢᠷᠤᠮ ᠲᠠᠢ᠂ ᠰᠠᠭᠠᠳ ᠥᠬᠡᠶ ᠪᠠᠶᠢᠬᠤ ᠶᠢ ᠪᠡᠶᠡᠯᠡᠭᠦᠯᠵᠦ᠂ ᠨᠡᠭᠦᠷᠡᠰᠦ ᠬᠠᠩᠭᠠᠬᠤ ᠶᠠᠰᠤ ᠴᠢᠨᠠᠷ ᠲᠤᠭ᠎ᠠ | ᠬᠡᠮᠵᠢᠶ᠎ᠡ ᠶᠢ ᠪᠠᠳᠣᠯᠠᠵᠦ᠂ ᠮᠠᠯᠴᠢᠨ ᠲᠠᠷᠢᠶᠠᠴᠢᠨ ᠤ ᠭᠠᠷ ᠲᠤ ᠬᠦᠷᠭᠡᠬᠦ ᠶᠢ ᠦᠨᠡᠨᠬᠦ ᠪᠠᠲᠤᠯᠠᠬᠤ ᠬᠡᠷᠡᠭᠲᠡᠶ᠃ | ︵ᠭᠤᠷᠪᠠ︶ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠨ᠎ᠠ᠃ ᠰᠠᠬᠢᠯᠭ᠎ᠠ ᠪᠠᠲᠤ ᠪᠠᠶᠢᠴᠠᠭᠠᠬᠤ᠂ ᠬᠢᠨᠠᠨ | ᠪᠠᠶᠢᠴᠠᠭᠠᠬᠤ ᠶᠢ ᠪᠦᠬᠦ ᠠᠵᠢᠯ ᠤᠨ ᠶᠠᠪᠤᠴᠠ ᠳᠤ ᠲᠣᠭᠤᠰᠢᠯᠠᠭᠤᠯᠬᠤ ᠬᠡᠷᠡᠭᠲᠡᠶ᠃ ᠡᠯ᠎ᠡ ᠠᠵᠢᠯᠲᠠᠳ ᠵᠣᠬᠢᠶᠠᠨ | ᠪᠠᠶᠢᠭᠤᠯᠤᠯᠲᠠ ᠶᠢᠨ ᠰᠠᠬᠢᠯᠭ᠎ᠠ ᠪᠠᠲᠤ᠂ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠡᠯ᠎ᠡ ᠭᠤᠭᠴᠤᠭ᠎ᠠ ᠶᠢᠨ | ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ᠃ | ︵ᠲᠦᠷᠪᠡ︶ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠳᠬᠠᠨ᠎ᠠ᠃ ᠨᠡᠶᠢᠭᠡᠮ ᠤᠨ ᠠᠩᠬᠠᠷᠤᠯ | ᠲᠠᠯᠪᠢᠵᠤ ᠪᠠᠶᠢᠭ᠎ᠠ ᠠᠰᠠᠭᠤᠳᠠᠯ ᠳᠤ ᠴᠠᠭ ᠲᠤᠬᠠᠶ ᠳᠤᠨᠢ ᠬᠠᠷᠢᠭᠤᠯᠲᠠ ᠥᠭᠴᠦ᠂ ᠰᠠᠶᠢᠨ ᠰᠠᠶᠢᠬᠠᠨ ᠠᠭᠤᠷ | ᠠᠮᠢᠰᠬᠤᠯ ᠢ ᠢᠳᠡᠪᠬᠢᠲᠡᠶ ᠪᠠᠷ ᠪᠣᠶ ᠪᠣᠯᠭᠠᠵᠤ᠂ ᠦᠨᠡᠨ ᠪᠣᠳᠠᠲᠠᠶ ᠪᠤᠰᠤ ᠮᠡᠳᠡᠭᠡ ᠵᠠᠩᠭᠢ ᠪᠠ ᠨᠠᠵᠠᠭᠠᠶ ᠲᠠᠯ᠎ᠠ ᠶᠢᠨ | ᠶᠠᠷᠢᠶ᠎ᠠ ᠬᠡᠯᠡᠯᠴᠡᠭᠡᠨ ᠤ ᠪᠠᠶᠢᠳᠠᠯ ᠢ ᠴᠠᠭ ᠲᠤᠬᠠᠶ ᠳᠤᠨᠢ ᠰᠢᠢᠳᠪᠦᠷᠢᠯᠡᠵᠦ᠂ ᠴᠤᠤᠷᠬᠠᠯ ᠲᠠᠷᠬᠠᠭᠠᠬᠤ ᠦᠢᠯᠡ | ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠰᠢᠢᠳᠪᠦᠷᠢᠯᠡᠵᠦ᠂ ᠮᠠᠯᠴᠢᠨ ᠲᠠᠷᠢᠶᠠᠴᠢᠨ ᠤ ᠦᠢᠯᠡᠳᠪᠦᠷᠢᠯᠡᠯ | ᠠᠮᠢᠳᠤᠷᠠᠯ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ᠃ | | ᠵᠣᠬᠢᠶ᠋ᠬᠠᠴᠢ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ | ᠣᠷᠳᠣᠨ | ᠣᠷᠴᠢᠭᠤᠯᠣᠨᠨᠴᠢ᠄ ᠭᠧ ᠲᠣᠸᠠᠨ ᠯᠢᠶᠡᠨ | | |